3 ᠳ᠋ᠤᠭᠠᠷ ᠰᠠᠷ᠎ᠠ ᠶᠢᠨ 8 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠬᠤᠶᠠᠷ ᠬᠤᠷᠠᠯ ᠤᠨ ᠰᠤᠨᠢᠨ ᠮᠡᠳᠡᠭᠡᠨ ᠤ | ᠲᠦᠪ ᠤᠨ ᠰᠤᠷᠪᠤᠯᠵᠢᠯᠠᠬᠴᠢᠳ ᠤᠨ ᠬᠤᠷᠠᠯ ᠲᠡᠭᠡᠷ᠎ᠠ ᠭᠠᠳᠠᠭᠠᠳᠦ ᠶᠠᠪᠤᠳᠠᠯ ᠤᠨ ᠶᠠᠮᠤᠨ ᠤ ᠰᠠᠶᠢᠳ ᠸᠠᠩ ᠢ | ᠲᠤᠮᠳᠠᠳᠦ ᠤᠯᠤᠰ ᠤᠨ ᠭᠠᠳᠠᠭᠠᠳᠦ ᠬᠠᠷᠢᠯᠴᠠᠭᠠᠨ ᠤ ᠲᠦᠷᠦ ᠶᠢᠨ ᠪᠤᠳᠤᠯᠭ᠎ᠠ ᠪᠤᠯᠤᠨ ᠭᠠᠳᠠᠭᠠᠳᠦ ᠬᠠᠷᠢᠯᠴᠠᠭᠠᠨ ᠤ | ᠲᠤᠬᠠᠢ ᠲᠤᠮᠳᠠᠳᠦ ᠭᠠᠳᠠᠭᠠᠳᠦ ᠶᠢᠨ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃ | ᠸᠠᠩ ᠢ᠄ ᠰᠤᠨᠢᠨ ᠮᠡᠳᠡᠭᠡᠨ ᠤ ᠡᠳᠡᠭᠡᠳ ᠤᠨ ᠨᠠᠶᠢᠵᠢ ᠨᠦᠬᠦᠳ ᠡ︕ ᠰᠠᠶᠢᠨ ᠪᠠᠶᠢᠨᠠᠤ︕ ᠬᠠᠮᠤᠭ | ᠲᠡᠷᠢᠬᠦᠨ ᠳᠤ ᠲᠠᠨᠠᠷ ᠤᠨ ᠭᠠᠳᠠᠭᠠᠳᠦ ᠬᠠᠷᠢᠯᠴᠠᠭᠠᠨ ᠤ ᠠᠵᠢᠯ ᠢ ᠬᠠᠯᠠᠮᠵᠢᠯᠠᠵᠦ᠂ ᠤᠢᠢᠯᠠᠭᠠᠵᠦ ᠲᠡᠮᠵᠢᠵᠦ | ᠢᠷᠡᠭᠰᠡᠡ ᠳᠤ ᠲᠠᠯᠠᠷᠬᠠᠵᠦ ᠪᠠᠶᠢᠨ᠎ᠠ᠂ ᠮᠦᠨ ᠴᠦ ᠡᠨᠡ ᠡᠳᠦᠷ ᠠᠳᠠ ᠰᠠᠭᠠᠳᠠᠵᠦ ᠪᠠᠶᠢᠭ᠎ᠠ ᠡᠮᠡᠭᠳᠠᠢ | ᠰᠤᠷᠪᠤᠯᠵᠢᠯᠠᠬᠴᠢ ᠳᠤ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠭᠦᠯᠵᠦ ᠪᠠᠶᠢᠨ᠎ᠠ᠃ ᠪᠢ ᠲᠤᠷᠠᠳᠠᠶ᠎ᠠ ᠲᠠᠨᠠᠷ ᠤᠨ | ᠲᠤᠷᠠᠳᠤᠬᠰᠠᠠ ᠠᠰᠠᠭᠤᠯᠳᠠ ᠶᠢ ᠬᠠᠷᠢᠭᠤᠯᠤᠨ᠎ᠠ᠃ | ᠲᠦᠪ ᠤᠨ ᠲᠧᠯᠸᠢᠰ ᠬᠤᠷᠢᠶᠠᠨ ᠤ ᠰᠤᠷᠪᠤᠯᠵᠢᠯᠠᠬᠴᠢ᠄ ᠡᠨᠡ ᠵᠢᠯ ᠤᠨ 9 ᠳ᠋ᠦ᠋ᠭᠡᠷ ᠰᠠᠷ᠎ᠠ ᠳᠤ᠂ ᠲᠤᠮᠳᠠᠳᠦ | ᠤᠯᠤᠰ ᠠᠩᠬ᠎ᠠ ᠤᠳᠠᠭ᠎ᠠ ᠬᠤᠷᠢᠨ ᠤᠯᠤᠰ ᠤᠨ ᠪᠦᠯᠦᠭᠯᠡᠯ ︵G20︶ ᠤᠨ ᠲᠦᠷᠦᠬᠦᠴᠤᠳ ᠤᠨ ᠬᠤᠷᠠᠯ | ᠬᠤᠷᠠᠯᠳᠤᠭᠤᠯᠬᠤ ᠪᠤᠯᠤᠨ᠎ᠠ᠃ G20 ᠬᠠᠩᠵᠸᠦ ᠶᠢᠨ ᠲᠦᠷᠦᠬᠦᠴᠤᠳ ᠤᠨ ᠬᠤᠷᠠᠯ ᠶᠠᠮᠠᠷ ᠵᠣᠷᠢᠯᠲᠠ ᠲᠤᠷᠠᠳᠬᠤ | ᠪᠤᠯ︖ | ᠸᠠᠩ ᠢ᠄ ᠨᠢᠭᠡᠳᠦᠭᠡᠷ ᠠᠰᠠᠭᠤᠳᠠᠯ ᠳᠤ G20 ᠲᠦᠷᠦᠬᠦᠴᠤᠳ ᠤᠨ ᠬᠤᠷᠠᠯ ᠢ ᠲᠤᠷᠠᠳᠤᠬᠰᠠᠠ ᠮᠠᠨᠢ ᠲᠠᠨᠠᠷ | ᠤᠨ ᠲᠤᠮᠳᠠᠳᠦ ᠤᠯᠤᠰ ᠤᠨ ᠬᠢᠨ ᠤ ᠲᠦᠷᠦᠬᠦᠴᠤᠳ ᠤᠨ ᠬᠤᠷᠠᠯ ᠢ ᠭᠤᠤᠯᠯᠠᠨ ᠡᠷᠬᠢᠯᠡᠬᠦ ᠶᠢ ᠲᠡᠭᠡᠳᠦ ᠭᠡᠮᠵᠢᠶ᠎ᠠ ᠪᠠᠷ | ᠬᠦᠨᠳᠦᠳᠭᠡᠨ ᠦᠵᠡᠵᠦ ᠪᠠᠶᠢᠭ᠎ᠠ ᠶᠢ ᠬᠠᠷᠠᠭᠤᠯᠵᠦ ᠪᠠᠶᠢᠨ᠎ᠠ᠃ ᠡᠨᠡ ᠤᠳᠠᠭ᠎ᠠ ᠶᠢᠨ ᠬᠠᠩᠵᠸᠦ ᠶᠢᠨ G20 | ᠲᠦᠷᠦᠬᠦᠴᠤᠳ ᠤᠨ ᠬᠤᠷᠠᠯ ᠪᠤᠯ ᠲᠤᠮᠳᠠᠳᠦ ᠤᠯᠤᠰ ᠤᠨ ᠡᠨᠡ ᠵᠢᠯ ᠤᠨ ᠬᠠᠮᠤᠭ ᠤᠨ ᠴᠢᠬᠤᠯᠠ ᠭᠤᠤᠯ | ᠲᠠᠯᠠᠪᠠᠢ ᠶᠢᠨ ᠭᠠᠳᠠᠭᠠᠳᠦ ᠬᠠᠷᠢᠯᠴᠠᠭ᠎ᠠ ᠪᠤᠯᠤᠨ᠎ᠠ᠂ ᠮᠦᠨ ᠴᠦ ᠪᠦᠬᠦ ᠲᠡᠯᠡᠭᠡᠢ ᠶᠢᠨ ᠬᠠᠮᠤᠭ ᠠᠴᠠ ᠠᠩᠬᠠᠷᠤᠯ | ᠲᠠᠯᠪᠢᠵᠦ ᠪᠠᠶᠢᠭ᠎ᠠ ᠠᠵᠦ ᠠᠬᠤᠢ ᠶᠢᠨ ᠦᠪᠡᠳᠡᠭᠰᠢ ᠴᠤᠬᠯᠠᠭᠠᠨ ᠮᠦᠨ᠃ | ᠡᠳᠡᠭᠡᠷ ᠵᠢᠯ ᠤᠳ ᠲᠤ᠂ G20 ᠲᠦᠷᠦᠬᠦᠴᠤᠳ ᠤᠨ ᠬᠤᠷᠠᠯ ᠨᠢ ᠤᠯᠠᠨ ᠤᠯᠤᠰ ᠤᠨ ᠮᠦᠩᠬᠦᠨ | ᠭᠦᠢᠯᠭᠡᠭᠡᠨ ᠤ ᠬᠢᠮᠦᠷᠡᠯ ᠢ ᠠᠷᠭᠠᠴᠠᠬᠤ ᠳᠤ ᠵᠠᠩᠬᠢᠯᠠᠭ᠎ᠠ ᠶᠢᠨ ᠦᠢᠯᠡᠳᠦᠯ ᠦᠵᠡᠭᠦᠯᠵᠠᠢ᠃ ᠡᠳᠦᠭᠡ ᠲᠡᠯᠡᠭᠡᠢ ᠶᠢᠨ | ᠠᠵᠦ ᠠᠬᠤᠢ ᠮᠦᠨ ᠪᠠᠰᠠ ᠨᠢᠭᠡᠨ ᠡᠷᠬᠢᠯᠳᠡ ᠶᠢᠨ ᠴᠠᠬ ᠦᠶ᠎ᠠ ᠳᠤ ᠬᠦᠷᠴᠦ ᠢᠷᠡᠪᠡ᠂ ᠤᠷᠳᠦ ᠬᠤᠭᠤᠴᠠᠭ᠎ᠠ | ᠦᠭᠡᠳᠡ ᠦᠭᠡᠢ ᠪᠠᠶᠢᠳᠠᠯ ᠠᠴᠠ ᠭᠡᠷᠬᠢᠨ ᠮᠤᠯᠳᠤᠷᠠᠬᠤ ᠪᠤᠢ︖ ᠰᠢᠨ᠎ᠠ ᠨᠡᠮᠡᠭᠳᠡᠯ ᠤᠨ ᠬᠦᠳᠡᠯᠭᠡᠬᠦ ᠬᠦᠴᠦᠨ ᠢ | ᠤᠯᠵᠦ ᠴᠢᠳᠠᠨ᠎ᠠ ᠤᠤ︖ ᠡᠯ᠎ᠠ ᠤᠯᠤᠰ ᠤᠨ ᠲᠦᠷᠦ ᠶᠢᠨ ᠪᠤᠳᠤᠯᠭ᠎ᠠ ᠶᠢ ᠭᠡᠷᠬᠢᠨ ᠪᠦᠳᠦᠮᠵᠢᠳᠠᠢ ᠪᠠᠷ | ᠵᠤᠬᠢᠴᠠᠭᠤᠯᠬᠤ ᠪᠤᠢ︖ ᠲᠡᠯᠡᠭᠡᠢ ᠨᠡᠶᠢᠭᠡᠮ ᠤᠨ ᠬᠢᠨ ᠬᠠᠷᠠᠴᠠ ᠪᠠᠨ ᠲᠤᠮᠳᠠᠳᠦ ᠤᠯᠤᠰ ᠵᠦᠭ ᠬᠠᠨᠳᠤᠭᠤᠯᠵᠦ ᠪᠤᠢ᠃ | ᠲᠡᠷᠢᠬᠦᠯᠡᠭᠴᠢ ᠰᠢ ᠶᠢᠨ ᠫᠢᠩ ᠲᠤᠮᠳᠠᠳᠦ ᠶᠢᠨ ᠲᠠᠯ᠎ᠠ ᠶᠢᠨ ᠬᠤᠷᠸ᠎ᠠ ᠰᠡᠳᠬᠢᠴᠡ ᠶᠢ ᠲᠡᠯᠡᠭᠡᠢ ᠳᠠᠬᠢᠨ ᠳᠤ ᠲᠤᠳᠦ | ᠲᠤᠳᠤᠷᠬᠠᠢ ᠦᠬᠦᠯᠡᠭᠰᠡᠡ ᠪᠠᠶᠢᠨ᠎ᠠ᠃ ᠪᠢᠳᠡ ᠲᠤᠷᠠᠳᠠᠶ᠎ᠠ ᠡᠯ᠎ᠠ ᠵᠦᠢᠯ ᠤᠨ ᠵᠦᠪᠯᠡᠬᠦ ᠰᠡᠳᠦᠪ ᠢ ᠪᠦᠬᠦ ᠲᠠᠯ᠎ᠠ ᠪᠠᠷ | ᠠᠬᠢᠭᠤᠯᠬᠤ ᠶᠢᠨ ᠵᠡᠷᠭᠡᠪᠡᠷ᠂ ᠭᠤᠷᠪᠠᠨ ᠰᠢᠨ᠎ᠠ ᠬᠠᠷᠠᠭᠠᠰᠦ ᠠᠴᠠ ᠲᠦᠷᠦᠬᠦᠴᠤᠳ ᠤᠨ ᠬᠤᠷᠠᠯ ᠤᠨ ᠲᠠᠪᠠᠯᠳᠠ ᠶᠢᠨ | ᠴᠢᠬ ᠢ ᠬᠦᠴᠦᠯᠡᠨ ᠡᠷᠢᠵᠦ ᠤᠯᠬᠤ ᠪᠤᠯᠤᠨ᠎ᠠ᠄ ᠨᠢᠭᠡ ᠳᠤ᠂ ᠰᠢᠨ᠎ᠠ ᠶᠢ ᠡᠬᠦᠳᠬᠦ ᠪᠠᠷ ᠰᠢᠨ᠎ᠠ ᠬᠦᠳᠡᠯᠭᠡᠬᠦ ᠬᠦᠴᠦᠨ | ᠢ ᠠᠭᠤᠳᠠᠯᠯᠠᠨ᠎ᠠ᠂ ᠬᠤᠶᠠᠷ ᠲᠤ᠂ ᠦᠭᠡᠷᠡᠴᠢᠯᠡᠯᠳᠡ ᠪᠠᠷ ᠰᠢᠨ᠎ᠠ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠠ᠂ | ᠭᠤᠷᠪᠠ ᠳᠤ᠂ ᠬᠦᠭᠵᠢᠯᠳᠡ ᠪᠠᠷ ᠰᠢᠨ᠎ᠠ ᠪᠠᠶᠢᠳᠠᠯ ᠢ ᠨᠡᠭᠡᠭᠡᠨ᠎ᠠ᠃ | ᠺᠤᠷᠢᠶᠠ ᠶᠢᠨ ᠷᠠᠳᠢᠣ᠋ ᠨᠡᠪᠳᠡᠷᠡᠭᠦᠯᠭᠡ ᠶᠢᠨ ᠺᠤᠮᠫᠠᠨᠢ ᠶᠢᠨ ᠰᠤᠷᠪᠤᠯᠵᠢᠯᠠᠬᠴᠢ᠄ ᠲᠤᠮᠳᠠᠳᠦ ᠶᠢᠨ ᠲᠠᠯ᠎ᠠ ᠶᠢᠨ ᠬᠢᠨ | ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠠᠶᠤᠯ ᠦᠭᠡᠢ ᠶᠢᠨ ᠵᠦᠪᠯᠡᠯ ᠤᠨ ᠰᠤᠯᠤᠩᠭᠤᠰ ᠲᠤ | ᠵᠤᠷᠢᠭᠤᠯᠤᠬᠰᠠᠠ ᠰᠢᠨ᠎ᠠ ᠰᠢᠢᠳᠪᠦᠷᠢ ᠶᠢ ᠪᠦᠳᠦᠮᠵᠢᠳᠠᠢ ᠪᠠᠷ ᠭᠡᠷᠡᠭᠵᠢᠭᠦᠯᠬᠦ ᠶᠢ ᠭᠡᠷᠬᠢᠨ ᠮᠠᠭᠠᠳ ᠪᠠᠳᠤᠯᠠᠬᠤ ᠪᠤᠢ︖ | ᠠᠷᠠᠳ ᠤᠨ ᠠᠮᠢᠳᠤᠷᠠᠯ ᠪᠤᠯᠤᠨ ᠠᠷᠠᠳ ᠤᠨ ᠠᠮᠢᠳᠤᠷᠠᠯ ᠤᠨ ᠪᠤᠰᠦ ᠶᠢᠨ ᠬᠦᠷᠢᠶ᠎ᠠ ᠭᠡᠪᠴᠢᠶ᠎ᠠ ᠶᠢ ᠬᠡᠷᠬᠢᠨ | ᠲᠣᠭᠲᠠᠭᠠᠬᠤ ᠪᠤᠢ︖ | ᠸᠠᠩ ᠢ᠄ ᠲᠤᠮᠳᠠᠳᠦ ᠤᠯᠤᠰ ᠠᠶᠤᠯ ᠦᠭᠡᠢ ᠶᠢᠨ ᠵᠦᠪᠯᠡᠯ ᠤᠨ ᠪᠠᠶᠢᠩᠭᠤ ᠶᠢᠨ ᠭᠡᠷᠡᠭ ᠡᠷᠬᠢᠯᠡᠬᠦ ᠤᠯᠤᠰ | ᠪᠤᠯᠤᠬᠰᠠᠠ ᠤ ᠬᠤᠪᠢ ᠳᠤ᠂ ᠠᠶᠤᠯ ᠦᠭᠡᠢ ᠶᠢᠨ ᠵᠦᠪᠯᠡᠯ ᠤᠨ ᠰᠢᠢᠳᠪᠦᠷᠢ ᠶᠢ ᠰᠠᠶᠢᠳᠤᠷ ᠭᠡᠷᠡᠭᠵᠢᠭᠦᠯᠬᠦ | ᠬᠠᠷᠢᠭᠤᠴᠠᠯᠭ᠎ᠠ ᠪᠤᠯᠤᠨ ᠴᠢᠳᠠᠪᠤᠷᠢ ᠲᠠᠢ᠂ ᠡᠬᠦᠨ ᠳᠤ 2270 ᠳ᠋ᠤᠭᠠᠷ ᠲᠤᠭᠠᠳᠦ ᠰᠤᠯᠤᠩᠭᠤᠰ ᠲᠤ | ᠬᠤᠯᠪᠤᠬᠳᠠᠬᠰᠠᠠ ᠰᠢᠢᠳᠪᠦᠷᠢ ᠪᠠᠭᠳᠠᠨ᠎ᠠ᠃ | ᠠᠷᠠᠳ ᠤᠨ ᠠᠮᠢᠳᠤᠷᠠᠯ ᠤᠨ ᠤᠢᠢᠯᠠᠭᠠᠬᠳᠠᠬᠤᠨ ᠤ ᠲᠤᠬᠠᠢ ᠡᠯ᠎ᠠ ᠲᠠᠯ᠎ᠠ ᠶᠢᠨ ᠬᠢᠨ ᠨᠡᠶᠢᠳᠡᠯᠢᠭ ᠲᠠᠨᠢᠯᠳᠠ ᠲᠠᠢ | ᠪᠠᠶᠢᠪᠠᠯ ᠵᠤᠬᠢᠨ᠎ᠠ᠃ ᠶᠠᠷᠢᠶᠠᠨ ᠦᠭᠡᠢ᠂ ᠲᠤᠮᠳᠠᠳᠦ ᠶᠢᠨ ᠲᠠᠯ᠎ᠠ ᠶᠢᠨ ᠬᠢᠨ ᠭᠡᠷᠡᠭᠵᠢᠭᠦᠯᠬᠦ ᠶᠠᠪᠤᠴᠠ ᠳᠤ᠂ ᠪᠤᠰᠤᠳᠴᠢ | ᠲᠦᠪ ᠭᠤᠤᠯᠴᠢ ᠤᠪᠤᠷ ᠢᠶᠠᠷ ᠴᠢᠬᠤᠯᠠ ᠪᠦᠬᠦᠢ ᠵᠢᠱᠢᠨ ᠦᠨᠡᠯᠡᠵᠦ᠂ ᠨᠤᠳᠠᠯᠠᠨ ᠲᠤᠬᠳᠠᠭᠠᠵᠦ ᠬᠢᠨᠠᠯᠳᠠ ᠲᠠᠯᠪᠢᠨ᠎ᠠ᠃ | ᠮᠢᠨᠦ ᠵᠢᠭᠠᠵᠦ ᠭᠠᠷᠭᠠᠭᠤᠰᠢᠳᠠᠢ ᠵᠦᠢᠯ ᠭᠡᠪᠡᠯ᠂ 2270 ᠳ᠋ᠤᠭᠠᠷ ᠲᠤᠭᠠᠳᠦ ᠰᠢᠢᠳᠪᠦᠷᠢ ᠳᠤ ᠵᠠᠯᠬᠠᠭᠠᠬᠤ ᠠᠷᠭ᠎ᠠ | ᠬᠡᠮᠵᠢᠶ᠎ᠠ ᠪᠠᠶᠢᠬᠤ ᠪᠠᠷ ᠪᠠᠷᠠᠬᠤ ᠦᠭᠡᠢ ᠪᠠᠰᠠ ᠵᠢᠷᠭᠤᠭᠠᠨ ᠲᠠᠯ᠎ᠠ ᠶᠢᠨ ᠭᠡᠯᠡᠯᠴᠡᠭᠡ ᠶᠢ ᠲᠡᠮᠵᠢᠬᠦ᠂ ᠪᠠᠴᠢᠮ ᠪᠠᠶᠢᠳᠠᠯ ᠢ | ᠤᠯᠠᠮ ᠪᠠᠴᠢᠮ ᠪᠤᠯᠭᠠᠵᠤ ᠮᠡᠳᠡᠬᠦ ᠶᠠᠮᠠᠷᠪᠠ ᠠᠵᠢᠯᠯᠠᠭ᠎ᠠ ᠶᠢ ᠴᠤ ᠠᠪᠬᠤ ᠦᠭᠡᠢ ᠭᠡᠵᠦ ᠲᠠᠬᠢᠨᠳᠠ ᠢᠯᠡᠷᠬᠡᠶᠢᠯᠡᠪᠡ᠃ | ᠡᠬᠦᠨ ᠢ ᠦᠨᠳᠦᠰᠦᠯᠡᠪᠡᠯ᠂ ᠲᠤᠮᠳᠠᠳᠦ ᠶᠢᠨ ᠲᠠᠯ᠎ᠠ ᠶᠢᠨ ᠬᠢᠨ᠂ 2270 ᠳ᠋ᠤᠭᠠᠷ ᠲᠤᠭᠠᠳᠦ ᠰᠢᠢᠳᠪᠦᠷᠢ ᠶᠢ ᠪᠦᠬᠦ | ᠲᠠᠯ᠎ᠠ ᠪᠠᠷ᠂ ᠪᠦᠷᠢᠨ ᠪᠦᠳᠦᠨ ᠢᠶᠠᠷ ᠭᠡᠷᠡᠭᠵᠢᠭᠦᠯᠬᠦ ᠴᠢᠬᠤᠯᠠ ᠲᠠᠢ᠃ ᠵᠠᠯᠬᠠᠭᠠᠬᠤ ᠪᠤᠯ ᠴᠢᠬᠤᠯᠠ ᠪᠦᠬᠦᠢ ᠠᠷᠭ᠎ᠠ | ᠪᠠᠷᠢᠯ ᠮᠦᠨ᠂ ᠬᠠᠮᠠᠭᠠᠯᠠᠬᠤ ᠪᠤᠯ ᠪᠠᠷᠢᠨ ᠭᠦᠢᠴᠡᠳᠭᠡᠬᠦ ᠵᠦᠢᠯ ᠮᠦᠨ᠂ ᠭᠡᠯᠡᠯᠴᠡᠭᠡ ᠬᠢᠬᠦ ᠪᠤᠯ ᠦᠨᠳᠦᠰᠦᠨ ᠵᠠᠮ | ᠮᠦᠨ᠃ | ᠤᠳᠤᠬᠠᠨ᠎ᠠ ᠰᠤᠯᠤᠩᠭᠤᠰ ᠬᠤᠶᠢᠬ ᠤᠨ ᠪᠠᠶᠢᠳᠠᠯ ᠲᠦᠢᠯ ᠤᠨ ᠬᠤᠷᠴᠠ ᠰᠢᠷᠦᠬᠦᠨ ᠪᠤᠯᠤᠭᠠᠳ ᠲᠠᠷᠢ ᠶᠢᠨ | ᠦᠨᠦᠷ ᠬᠠᠩᠬᠤᠯᠠᠵᠦ ᠪᠤᠢ᠃ ᠭᠡᠷᠪᠡ ᠪᠠᠴᠢᠮ ᠪᠠᠶᠢᠳᠠᠯ ᠭᠡᠴᠡᠬᠦᠳᠴᠦ ᠴᠢᠨᠠᠬᠰᠢᠯᠠᠪᠠᠯ ᠡᠷᠭᠡᠰᠢᠶᠠᠯ ᠢᠶᠠᠨ ᠠᠯᠳᠠᠬᠤ ᠳᠤ | ᠬᠦᠷᠪᠡᠯ ᠡᠯ᠎ᠠ ᠲᠠᠯ᠎ᠠ ᠳᠤ ᠴᠦᠮ ᠭᠠᠢ ᠭᠠᠮᠰᠢᠬ ᠲᠠᠷᠢᠬᠤ ᠪᠤᠯᠤᠨ᠎ᠠ᠃ ᠬᠤᠶᠢᠬ ᠤᠨ ᠬᠠᠮᠤᠭ ᠤᠨ ᠲᠤᠮᠦ ᠬᠦᠷᠰᠢ | ᠤᠯᠤᠰ ᠪᠤᠯᠤᠬᠰᠠᠠ ᠤ ᠬᠤᠪᠢ ᠳᠤ᠂ ᠲᠤᠮᠳᠠᠳᠦ ᠶᠢᠨ ᠲᠠᠯ᠎ᠠ ᠶᠢᠨ ᠬᠢᠨ ᠬᠤᠶᠢᠬ ᠤᠨ ᠲᠤᠬᠳᠠᠭᠤᠨ ᠪᠠᠶᠢᠳᠠᠯ ᠢ | ᠦᠨᠳᠦᠰᠦᠨ ᠠᠴᠠ ᠨᠢ ᠡᠪᠳᠡᠬᠦ ᠶᠢ ᠬᠠᠶᠢᠬᠤᠷᠬᠤ ᠦᠭᠡᠢ ᠪᠠᠶᠢᠵᠦ ᠪᠤᠯᠬᠤ ᠦᠭᠡᠢ᠂ ᠲᠤᠮᠳᠠᠳᠦ ᠤᠯᠤᠰ ᠤᠨ ᠠᠮᠤᠷ | ᠲᠦᠪᠰᠢᠨ ᠤ ᠠᠰᠢᠬ ᠲᠤᠰᠠ ᠶᠡᠭᠡᠪᠡᠷ ᠬᠤᠬᠢᠷᠠᠯ ᠳᠤ ᠤᠴᠠᠷᠠᠬᠤ ᠶᠢ ᠬᠠᠶᠢᠬᠤᠷᠬᠤ ᠦᠭᠡᠢ ᠪᠠᠶᠢᠵᠦ ᠪᠤᠯᠬᠤ ᠦᠭᠡᠢ᠃ | ᠪᠢᠳᠡ ᠡᠯ᠎ᠠ ᠲᠠᠯ᠎ᠠ ᠶᠢᠨ ᠬᠢᠨ ᠤ ᠬᠦᠯᠢᠴᠡᠩᠭᠦᠢ ᠤᠪᠤᠷ ᠲᠠᠢ ᠪᠠᠶᠢᠵᠦ᠂ ᠵᠦᠷᠢᠴᠡᠯ ᠢ ᠬᠤᠷᠴᠠᠳᠤᠭᠤᠯᠬᠤ ᠦᠭᠡᠢ | ᠪᠠᠶᠢᠬᠤ ᠶᠢ ᠴᠢᠩᠭ᠎ᠠ ᠱᠠᠭᠠᠷᠲᠠᠨ᠎ᠠ᠃ | ︽ᠠᠷᠠᠳ ᠤᠨ ᠡᠳᠦᠷ ᠤᠨ ᠰᠤᠨᠢᠨ︾ ᠤ ᠰᠤᠷᠪᠤᠯᠵᠢᠯᠠᠬᠴᠢ᠄ ᠭᠤᠷᠪᠠᠨ ᠵᠢᠯ ᠤᠨ ᠲᠤᠷᠰᠢᠬᠢ ᠲᠤᠮᠳᠠᠳᠦ | ᠤᠯᠤᠰ ᠤᠨ ᠭᠠᠳᠠᠭᠠᠳᠦ ᠬᠠᠷᠢᠯᠴᠠᠭ᠎ᠠ ᠶᠢ ᠭᠡᠷᠬᠢᠨ ᠦᠨᠡᠯᠡᠬᠦ ᠪᠤᠢ︖ ᠬᠤᠶᠢᠰᠢᠳᠡ ᠶᠢᠨ ᠲᠤᠮᠳᠠᠳᠦ ᠤᠯᠤᠰ ᠤᠨ | ᠭᠠᠳᠠᠭᠠᠳᠦ ᠬᠠᠷᠢᠯᠴᠠᠭ᠎ᠠ ᠬᠦᠮᠦᠰ ᠲᠤ ᠶᠠᠮᠠᠷ ᠬᠦᠰᠡᠯ ᠡᠷᠡᠮᠡᠯᠵᠡᠯ ᠠᠪᠴᠢᠷᠠᠵᠦ ᠦᠭᠬᠦ ᠪᠤᠢ︖ | ᠸᠠᠩ ᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ | ᠶᠡᠷᠦᠩᠭᠡᠢ ᠱᠦᠵᠢ ᠪᠤᠯᠭᠠᠬᠰᠠᠠ ᠨᠠᠮ ᠤᠨ ᠲᠦᠪ ᠬᠤᠷᠢᠶᠠᠨ ᠤ ᠤᠳᠤᠷᠢᠳᠤᠯᠭ᠎ᠠ ᠲᠤᠤᠷ᠎ᠠ᠂ ᠲᠤᠮᠳᠠᠳᠦ ᠤᠯᠤᠰ ᠤᠨ | ᠭᠠᠳᠠᠭᠠᠳᠦ ᠬᠠᠷᠢᠯᠴᠠᠭ᠎ᠠ ᠤᠯᠠᠮᠵᠢᠯᠠᠯ ᠢ ᠵᠠᠯᠭᠠᠮᠵᠢᠯᠠᠬᠰᠠᠠ ᠰᠠᠭᠤᠷᠢᠨ ᠲᠡᠭᠡᠷ᠎ᠠ ᠢᠳᠡᠪᠬᠢᠳᠠᠢ ᠤᠷᠤᠬᠰᠢᠯᠠᠨ ᠲᠠᠪᠰᠢᠵᠦ | ᠂ ᠵᠠᠮ ᠨᠡᠭᠡᠭᠡᠨ ᠤᠷᠤᠬᠰᠢᠯᠠᠵᠠᠢ᠃ ᠶᠡᠷᠦᠩᠭᠡᠢ ᠱᠦᠵᠢ ᠰᠢ ᠶᠢᠨ ᠫᠢᠩ ᠤᠯᠤᠰ ᠤᠨ ᠲᠤᠳᠤᠭᠠᠳᠦ ᠭᠠᠳᠠᠭᠠᠳᠦ ᠶᠢᠨ | ᠶᠡᠭᠡ ᠪᠠᠶᠢᠳᠠᠯ ᠢ ᠬᠦᠨᠵᠡᠭᠡᠢ ᠡᠵᠡᠮᠰᠢᠵᠦ᠂ ᠠᠯᠢ ᠤᠯᠠᠨ ᠰᠢᠨ᠎ᠠ ᠤᠢᠢᠯᠠᠭᠠᠬᠳᠠᠬᠤᠨ᠂ ᠰᠢᠨ᠎ᠠ ᠰᠡᠳᠬᠢᠴᠡ ᠪᠤᠯᠤᠨ | ᠰᠢᠨ᠎ᠠ ᠠᠷᠭ᠎ᠠ ᠬᠢᠳᠡᠯ ᠢ ᠲᠤᠷᠠᠳᠴᠦ᠂ ᠲᠤᠮᠳᠠᠳᠦ ᠤᠯᠤᠰ ᠤᠨ ᠭᠠᠳᠠᠭᠠᠳᠦ ᠬᠠᠷᠢᠯᠴᠠᠭᠠᠨ ᠤ ᠤᠷᠤᠬᠰᠢᠯᠠᠯᠳᠠ ᠶᠢᠨ | ᠴᠢᠭᠯᠡᠯ ᠢ ᠵᠢᠭᠠᠵᠦ ᠦᠭᠴᠠᠢ᠃ ᠭᠤᠷᠪᠠᠨ ᠵᠢᠯ ᠳᠤ ᠪᠢᠳᠡ ᠶᠡᠬᠡᠬᠡᠨ ᠠᠮᠵᠢᠯᠳᠠ ᠤᠯᠵᠠᠢ᠃ ᠪᠢᠳᠡ ᠲᠤᠮᠳᠠᠳᠦ ᠤᠯᠤᠰ | ᠤᠨ ᠤᠨᠴᠠᠯᠢᠬ ᠲᠠᠢ ᠲᠤᠮᠦ ᠤᠯᠤᠰ ᠤᠨ ᠭᠠᠳᠠᠭᠠᠳᠦ ᠬᠠᠷᠢᠯᠴᠠᠭᠠᠨ ᠤ ᠵᠠᠮ ᠢᠶᠠᠷ ᠵᠠᠮᠨᠠᠵᠦ ᠪᠤᠢ᠃ | ᠲᠤᠮᠳᠠᠳᠦ ᠤᠯᠤᠰ ᠤᠨ ᠤᠨᠴᠠᠯᠢᠬ ᠲᠠᠢ ᠲᠤᠮᠦ ᠤᠯᠤᠰ ᠤᠨ ᠭᠠᠳᠠᠭᠠᠳᠦ ᠬᠠᠷᠢᠯᠴᠠᠭᠠᠨ ᠤ ᠲᠡᠮᠡᠴᠡᠬᠦ | ᠬᠠᠷᠠᠯᠳᠠ ᠪᠤᠯ ᠲᠠᠷᠤᠢ ᠦᠨᠳᠦᠰᠦᠳᠡᠨ ᠤ ᠰᠡᠷᠬᠦᠨ ᠮᠠᠨᠳᠤᠯᠳᠠ ᠶᠢᠨ ︽ᠲᠤᠮᠳᠠᠳᠦ ᠶᠢᠨ ᠬᠦᠰᠡᠯ ᠵᠡᠬᠦᠳᠦ︾ ᠶᠢ | ᠲᠡᠷᠭᠡᠯᠰᠢᠭᠦᠯᠬᠦ ᠪᠤᠯᠤᠨ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢ ᠪᠦᠳᠦᠭᠡᠨ | ᠪᠠᠶᠢᠭᠤᠯᠬᠤ ᠳᠤ ᠤᠷᠤᠰᠢᠨ᠎ᠠ᠃ ᠪᠠᠶᠢᠯᠳᠤᠬᠤ ᠪᠤᠳᠤᠯᠭ᠎ᠠ ᠶᠢᠨ ᠰᠤᠩᠭᠤᠯᠳᠠ ᠪᠤᠯ ᠲᠤᠰ ᠪᠡᠶ᠎ᠠ ᠶᠢᠨ ᠨᠠᠶᠢᠷᠠᠮᠳᠠᠯ | ᠬᠦᠭᠵᠢᠯᠳᠡ ᠶᠢ ᠪᠠᠷᠢᠮᠳᠠᠯᠠᠬᠤ ᠶᠢᠨ ᠵᠡᠷᠭᠡᠪᠡᠷ ᠲᠡᠯᠡᠭᠡᠢ ᠶᠢᠨ ᠨᠠᠶᠢᠷᠠᠮᠳᠠᠯ ᠬᠦᠭᠵᠢᠯᠳᠡ ᠶᠢ ᠠᠬᠢᠭᠤᠯᠤᠨ᠎ᠠ᠃ | ᠦᠨᠳᠦᠰᠦᠨ ᠵᠠᠷᠴᠢᠮ ᠪᠤᠯ ᠲᠠᠷᠤᠢ ᠬᠠᠮᠳᠤᠷᠠᠯᠴᠠᠭ᠎ᠠ ᠬᠢᠵᠦ ᠬᠠᠮᠳᠦ ᠪᠠᠷ ᠠᠰᠢᠬ ᠬᠦᠷᠳᠡᠵᠦ᠂ ᠬᠠᠮᠳᠤᠷᠠᠯᠴᠠᠭ᠎ᠠ ᠬᠢᠵᠦ | ᠬᠠᠮᠳᠦ ᠪᠠᠷ ᠠᠰᠢᠬ ᠬᠦᠷᠳᠡᠬᠦ ᠪᠠᠷ ᠭᠤᠤᠯ ᠪᠤᠯᠭᠠᠬᠰᠠᠠ ᠰᠢᠨ᠎ᠠ ᠮᠠᠶ᠋ᠢᠬ ᠤᠨ ᠤᠯᠠᠨ ᠤᠯᠤᠰ ᠤᠨ ᠬᠠᠷᠢᠯᠴᠠᠭ᠎ᠠ ᠶᠢ | ᠪᠠᠶᠢᠭᠤᠯᠤᠨ᠎ᠠ᠃ ᠭᠤᠤᠯ ᠭᠠᠷᠬᠤ ᠵᠠᠮ ᠪᠤᠯ ᠲᠠᠷᠤᠢ ᠤᠯᠠᠨ ᠶᠠᠩᠵᠦ ᠶᠢᠨ ᠭᠡᠯᠪᠡᠷᠢ ᠶᠢᠨ ᠬᠠᠨᠢᠳᠠᠨ ᠤ ᠬᠠᠷᠢᠯᠴᠠᠭ᠎ᠠ ᠶᠢ | ᠪᠠᠶᠢᠭᠤᠯᠵᠦ᠂ ᠬᠠᠨᠢᠳᠠᠨ ᠪᠤᠯᠬᠤ ᠠᠴᠠ ᠪᠢᠰᠢ ᠬᠤᠯᠪᠤᠭ᠎ᠠ ᠦᠯᠦ ᠪᠠᠶᠢᠭᠤᠯᠬᠤ᠂ ᠶᠠᠷᠢᠯᠴᠠᠭ᠎ᠠ ᠬᠢᠬᠦ ᠠᠴᠠ ᠪᠢᠰᠢ | ᠡᠰᠡᠷᠬᠦᠴᠡᠯᠳᠦᠬᠦ ᠦᠭᠡᠢ ᠪᠠᠶᠢᠬᠤ ᠶᠢ ᠰᠠᠨᠠᠭᠠᠴᠢᠯᠠᠨ᠎ᠠ᠃ ᠦᠷᠳᠡᠭ ᠤᠨ ᠬᠠᠨᠳᠤᠰᠢ ᠭᠡᠪᠡᠯ ᠵᠦᠪ ᠤᠨᠤᠪᠴᠢᠳᠠᠢ | ᠠᠰᠢᠬ ᠲᠤᠰᠠ ᠶᠢᠨ ᠦᠵᠡᠯᠳᠡ ᠶᠢ ᠪᠠᠷᠢᠮᠳᠠᠯᠠᠵᠦ᠂ ᠤᠯᠠᠨ ᠤᠯᠤᠰ ᠤᠨ ᠭᠡᠷᠡᠭ ᠶᠠᠪᠤᠳᠠᠯ ᠲᠤᠳᠤᠷ᠎ᠠ ᠲᠦᠪ | ᠭᠤᠤᠯᠴᠢ ᠪᠠᠶᠢᠬᠤ ᠶᠢ ᠪᠠᠷᠢᠮᠳᠠᠯᠠᠵᠦ᠂ ᠰᠢᠳᠤᠷᠭᠤ ᠶᠤᠰᠦ ᠶᠢ ᠮᠠᠨᠳᠤᠭᠤᠯᠵᠦ᠂ ᠤᠯᠤᠰ ᠤᠨ ᠬᠠᠷᠢᠯᠴᠠᠭ᠎ᠠ ᠶᠢᠨ | ᠶᠠᠪᠤᠴᠠ ᠳᠤ ᠠᠰᠢᠬ ᠵᠢᠷᠦᠮ ᠢ ᠬᠠᠮᠳᠦ ᠳᠤᠨᠢ ᠬᠠᠷᠠᠭᠠᠯᠵᠠᠵᠦ᠂ ᠵᠢᠷᠤᠮ ᠢ ᠡᠷᠬᠢᠮᠯᠡᠨ᠎ᠠ᠃ | ᠶᠡᠷᠦᠩᠭᠡᠢ ᠱᠦᠵᠢ ᠰᠢ ᠶᠢᠨ ᠫᠢᠩ 2016 ᠣᠨ ᠤ ᠰᠢᠨ᠎ᠠ ᠵᠢᠯ ᠤᠨ ᠪᠠᠶᠠᠷ ᠤᠨ ᠦᠭᠡᠰ ᠲᠡᠭᠡᠨ᠂ ︽ | ᠲᠡᠯᠡᠭᠡᠢ ᠳᠠᠬᠢᠨ ᠭᠡᠳᠦᠢ ᠶᠡᠭᠡ ᠪᠠᠶᠢᠪᠠᠯ ᠠᠰᠠᠭᠤᠳᠠᠯ ᠲᠡᠳᠦᠢ ᠤᠯᠠᠨ ᠪᠠᠶᠢᠳᠠᠬ᠂ ᠲᠡᠯᠡᠭᠡᠢ ᠨᠡᠶᠢᠭᠡᠮ ᠤᠨ ᠬᠢᠨ | ᠲᠤᠮᠳᠠᠳᠦ ᠤᠯᠤᠰ ᠤᠨ ᠲᠠᠭᠤᠨ ᠢ ᠰᠤᠨᠤᠰᠴᠦ᠂ ᠲᠤᠮᠳᠠᠳᠦ ᠤᠯᠤᠰ ᠤᠨ ᠲᠦᠰᠦᠯ ᠢ ᠤᠯᠵᠦ ᠦᠵᠡᠬᠦ ᠶᠢ ᠬᠦᠰᠡᠨ | ᠬᠦᠯᠢᠶᠡᠵᠦ ᠪᠤᠢ᠂ ᠲᠤᠮᠳᠠᠳᠦ ᠤᠯᠤᠰ ᠬᠤᠴᠤᠷᠴᠦ ᠪᠤᠯᠬᠤ ᠦᠭᠡᠢ︾ ᠭᠡᠪᠡ᠃ ᠪᠢᠳᠡ ᠶᠡᠷᠦᠩᠭᠡᠢ ᠱᠦᠵᠢ ᠶᠢᠨ | ᠭᠠᠳᠠᠭᠠᠳᠦ ᠬᠠᠷᠢᠯᠴᠠᠭᠠᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠳᠠ ᠶᠤᠰᠤᠭᠠᠷ ᠲᠤᠰ ᠪᠡᠶ᠎ᠠ ᠶᠢᠨ ᠬᠦᠭᠵᠢᠯᠳᠡ ᠶᠢᠨ | ᠬᠠᠷᠠᠯᠳᠠ ᠶᠢ ᠪᠡᠶᠡᠯᠡᠭᠦᠯᠬᠦ ᠶᠠᠪᠤᠴᠠ ᠳᠤ᠂ ᠨᠡᠩ ᠦᠷᠭᠡᠨ ᠬᠠᠷᠠᠭᠠᠰᠦ᠂ ᠨᠡᠩ ᠠᠭᠤᠳᠠᠮ ᠪᠠᠭᠳᠠᠭᠠᠮᠵᠢᠳᠠᠢ᠂ ᠨᠡᠩ | ᠢᠳᠡᠪᠬᠢᠳᠠᠢ ᠲᠦᠷᠢ ᠲᠦᠷᠬᠦ ᠪᠠᠷ ᠲᠡᠯᠡᠭᠡᠢ ᠨᠡᠶᠢᠭᠡᠮ ᠲᠠᠢ ᠬᠠᠮᠳᠦ ᠪᠠᠷ᠂ ᠲᠡᠯᠡᠭᠡᠢ ᠶᠢᠨ ᠡᠩᠭᠡ ᠲᠠᠶᠢᠪᠤᠩ ᠲᠤᠬᠳᠠᠭᠤᠨ | ᠪᠠᠶᠢᠳᠠᠯ ᠤᠨ ᠲᠦᠯᠦᠭᠡ ᠬᠠᠷᠢᠭᠤᠴᠠᠯᠭ᠎ᠠ ᠡᠬᠦᠷᠭᠡᠯᠡᠵᠦ ᠬᠦᠮᠦᠨ ᠲᠦᠷᠦᠯᠬᠢᠳᠡᠨ ᠤ ᠴᠡᠴᠡᠭᠯᠡᠯᠳᠡ ᠲᠠᠪᠰᠢᠯᠳᠠ ᠶᠢᠨ | ᠲᠦᠯᠦᠭᠡ ᠬᠦᠴᠦ ᠪᠠᠨ ᠡᠷᠬᠦᠨ᠎ᠠ᠃ | ︽ᠪᠦᠮᠪᠦᠷᠴᠡᠭ ᠴᠠᠭ ᠰᠤᠨᠢᠨ︾ ᠤ ᠰᠤᠷᠪᠤᠯᠵᠢᠯᠠᠭᠴᠢ᠄ ᠲᠤᠮᠲᠠᠲᠤ ᠤᠯᠤᠰ ᠰᠤᠯᠤᠩᠭᠤᠰ ᠢ ᠬᠤᠯᠪᠤᠭᠠᠲᠠᠠ | ᠤᠯᠤᠰ ᠢᠶᠠᠷ ᠦᠵᠡᠵᠦ ᠪᠠᠶᠢᠨᠠᠤ︖ ᠬᠡᠷᠪᠡ ᠰᠣᠯᠣᠩᠭᠤᠰ ᠬᠤᠶᠢᠭ ᠲᠤ ᠲᠠᠶᠢᠨ ᠡᠭᠦᠰᠪᠡᠯ ᠲᠤᠮᠲᠠᠲᠤ ᠤᠯᠤᠰ ᠪᠠᠰᠠ | ᠨᠢᠭᠡ ᠤᠲᠠᠭ᠎ᠠ ︽ᠠᠮᠧᠷᠢᠺᠠ ᠶᠢ ᠡᠰᠡᠷᠭᠦᠴᠡᠵᠦ ᠰᠤᠯᠤᠩᠭᠤᠰ ᠢ ᠲᠤᠰᠠᠯᠠᠨ᠎ᠠ ᠤᠤ︖︾ | ᠸᠠᠩ ᠢ᠄ ᠲᠤᠮᠲᠠᠲᠤ ᠤᠯᠤᠰ ᠪᠤᠯᠤᠨ ᠰᠤᠯᠤᠩᠭᠤᠰ ᠠᠭᠤᠯᠠ ᠤᠰᠤ ᠪᠠᠷ ᠵᠠᠯᠭᠠᠯᠲᠤᠵᠦ᠂ ᠵᠢᠷᠭᠠᠯ ᠵᠤᠪᠠᠯᠠᠩ | ᠢᠶᠠᠨ ᠬᠠᠮᠲᠤᠳᠬᠠᠨ᠎ᠠ᠃ ᠲᠤᠮᠲᠠᠲᠤ ᠰᠤᠯᠤᠩᠭᠤᠰ ᠤᠨ ᠬᠠᠷᠢᠯᠴᠠᠭ᠎ᠠ ᠪᠤᠯ ᠬᠦᠨ ᠵᠤᠵᠠᠭᠠᠠ ᠨᠦᠬᠦᠷᠯᠠᠯ ᠤᠨ | ᠤᠯᠠᠮᠵᠢᠯᠠᠯ ᠲᠠᠢ ᠤᠯᠤᠰ ᠤᠨ ᠬᠤᠭᠤᠷᠤᠨᠲᠤᠬᠢ ᠬᠡᠪ ᠤᠨ ᠬᠠᠷᠢᠯᠴᠠᠭ᠎ᠠ ᠪᠤᠯᠤᠨ᠎ᠠ᠃ | ᠲᠤᠮᠲᠠᠲᠤ ᠤᠯᠤᠰ ᠨᠠᠶᠢᠷ ᠰᠡᠳᠭᠢᠯᠭᠡ ᠶᠢ ᠬᠦᠨᠲᠦᠳᠭᠡᠬᠦ ᠪᠦᠭᠡᠳ ᠪᠠᠰᠠ ᠵᠠᠷᠴᠢᠮ ᠢ ᠡᠷᠬᠢᠮᠯᠡᠨ᠎ᠠ᠃ ᠪᠢᠲᠠ | ᠰᠤᠯᠤᠩᠭᠤᠰ ᠯᠤᠭ᠎ᠠ ᠶᠢᠨ ᠤᠯᠠᠮᠵᠢᠯᠠᠯᠲᠦ ᠨᠦᠬᠦᠷᠯᠡᠯ ᠢᠶᠠᠨ ᠨᠠᠠᠲᠢᠩᠨᠠᠨᠠ᠂ ᠰᠤᠯᠤᠩᠭᠤᠰ ᠬᠦᠭᠵᠢᠭᠦᠯᠦᠯᠲᠡ ᠶᠢᠨ | ᠲᠦᠯᠦᠭᠡ ᠪᠤᠲᠤᠯᠬᠢᠯᠠᠵᠦ᠂ ᠠᠮᠤᠷ ᠲᠦᠪᠰᠢᠨ ᠤ ᠲᠦᠯᠦᠭᠡ ᠴᠢᠷᠮᠠᠶᠢᠪᠠᠯ ᠪᠢᠲᠠ ᠲᠤᠷᠠᠲᠠᠶ᠎ᠠ ᠲᠡᠮᠵᠢᠵᠦ ᠬᠠᠪᠰᠤᠷᠤᠨ᠎ᠠ᠃ | ᠭᠡᠲᠡᠯ᠎ᠠ ᠡᠭᠦᠨ ᠤ ᠵᠡᠷᠭᠡ ᠪᠠᠷ᠂ ᠮᠠᠠ ᠤ ᠰᠤᠯᠤᠩᠭᠤᠰ ᠬᠤᠶᠢᠭ ᠢ ᠴᠦᠮ᠎ᠠ ᠦᠭᠡᠶᠢᠵᠢᠭᠦᠯᠬᠦ ᠶᠢ ᠪᠠᠷᠢᠮᠲᠠᠯᠠᠬᠤ | ᠵᠤᠭᠰᠤᠯᠲᠠ ᠲᠤᠩ ᠲᠤᠲᠤᠷᠬᠠᠢ ᠪᠠᠶᠢᠨ᠎ᠠ᠂ ᠰᠤᠯᠤᠩᠭᠤᠰ ᠤᠨ ᠲᠠᠯ᠎ᠠ ᠶᠢᠨ ᠴᠦᠮ᠎ᠠ᠂ ᠵᠠᠯᠠᠭᠤᠷᠲᠦ ᠰᠤᠮᠤ ᠶᠢ | ᠠᠬᠢᠭᠤᠯᠬᠤ ᠬᠢᠲᠠᠯ ᠢ ᠠᠭᠤᠴᠢᠯᠠᠬᠤ ᠦᠭᠡᠢ᠃ ᠴᠦᠮ᠎ᠠ ᠶᠢᠨ ᠵᠡᠪᠰᠡᠭ ᠦᠭᠡᠢ ᠪᠤᠯ ᠰᠠᠢᠢ ᠡᠩᠭᠡ ᠲᠠᠶᠢᠪᠤᠩ ᠪᠠᠶᠢᠵᠦ | ᠴᠢᠲᠠᠨ᠎ᠠ᠂ ᠦᠭᠡ ᠵᠤᠯᠭᠠᠯᠴᠠᠭ᠎ᠠ ᠬᠢᠪᠠᠯ ᠰᠠᠢᠢ ᠭᠠᠷᠬᠤ ᠵᠠᠮ ᠲᠠᠢ ᠪᠤᠯᠵᠦ ᠴᠢᠲᠠᠨ᠎ᠠ᠂ ᠬᠠᠮᠲᠤᠷᠠᠯᠴᠠᠪᠠᠯ ᠰᠠᠢᠢ | ᠬᠠᠮᠲᠤ ᠪᠠᠷ ᠠᠰᠢᠭ ᠬᠦᠷᠲᠡᠵᠦ ᠴᠢᠲᠠᠨ᠎ᠠ᠃ | ᠰᠢᠩᠭᠠᠫᠤᠷ ᠤᠨ ︽ᠬᠤᠯᠪᠤᠭᠠᠲᠤ ᠦᠷᠯᠦᠭᠡ ᠶᠢᠨ ᠰᠤᠨᠢᠨ︾ ᠤ ᠰᠤᠷᠪᠤᠯᠵᠢᠯᠠᠭᠴᠢ᠄ ᠲᠤᠮᠲᠠᠲᠤ ᠤᠯᠤᠰ | ᠠᠽᠢᠶ᠎ᠠ ᠲᠢᠪ ᠤᠨ ᠰᠠᠭᠤᠷᠢ ᠲᠥᠬᠦᠬᠡᠷᠤᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠪᠠᠶᠢᠭᠤᠯᠬᠤ ᠶᠢ ᠲᠠᠭᠠᠭᠤᠯᠤᠨ | ᠰᠠᠨᠠᠭᠠᠴᠢᠯᠠᠵᠦ᠂ ᠭᠠᠲᠠᠭᠠᠲᠤ ᠳᠤ ᠲᠤᠮᠤ ᠬᠡᠯᠪᠡᠷᠢ ᠲᠠᠢ ᠰᠠᠭᠤᠷᠢ ᠲᠦᠬᠦᠭᠡᠷᠦᠮᠵᠢ ᠶᠢ ᠭᠠᠷᠭᠠᠵᠦ ᠪᠠᠶᠢᠬᠤ | ᠵᠤᠷᠢᠯᠭ᠎ᠠ ᠨᠢ ᠤᠯᠠᠠ ᠤᠯᠤᠰ ᠤᠨ ᠡᠮᠬᠢ ᠲᠢᠭᠯᠢᠮ ᠳᠤ ᠦᠨᠳᠦᠰᠦᠨ ᠠᠴᠠ ᠨᠢ ᠵᠠᠰᠠᠪᠤᠷᠢ ᠤᠷᠤᠭᠤᠯᠬᠤ ᠶᠢᠨ | ᠲᠥᠯᠥᠭᠡ ᠦᠦ︖ | ᠸᠠᠩ ᠢ᠄ ᠲᠤᠮᠲᠠᠲᠤ ᠤᠯᠤᠰ ᠤᠨ ᠭᠠᠲᠠᠭᠠᠲᠤ ᠯᠤᠭ᠎ᠠ ᠶᠢᠨ ᠶᠠᠪᠤᠯᠴᠠᠭ᠎ᠠ ᠨᠡᠩ ᠢᠲᠡᠪᠬᠢᠲᠠᠢ ᠪᠤᠯᠵᠦ᠂ | ᠤᠯᠠᠠ ᠤᠯᠤᠰ ᠲᠠᠬᠢ ᠪᠠᠶᠢᠷᠢ ᠰᠠᠭᠤᠷᠢ ᠲᠠᠰᠤᠷᠠᠯᠲᠠ ᠦᠭᠡᠢ ᠴᠢᠩᠭᠠᠳᠴᠤ ᠪᠠᠶᠢᠨ᠎ᠠ᠃ ᠢᠯᠠᠩᠭᠤᠶ᠎ᠠ ᠨᠢᠲᠤᠨᠤᠨ᠂ | ᠲᠤᠮᠲᠠᠲᠤ ᠤᠯᠤᠰ ᠤᠨ ᠤᠯᠠᠠ ᠤᠯᠤᠰ ᠤᠨ ᠰᠢᠰᠲ᠋ᠧᠮ ᠳᠠᠬᠢ ᠲᠦᠷᠢᠮ ᠤᠨ ᠴᠢᠨᠠᠷᠲᠠᠢ ᠡᠷᠭᠡ ᠮᠡᠲᠡᠭᠲᠡᠮ᠎ᠠ | ᠲᠡᠭᠡᠭᠰᠢᠯᠡᠵᠠᠢ᠃ ᠮᠠᠠ ᠤ ᠤᠯᠠᠠ ᠤᠯᠤᠰ ᠤᠨ ᠵᠤᠭᠤᠰ ᠤᠨ ᠰᠠᠭᠤᠷᠢ ᠮᠦᠩᠭᠦᠨ ᠤ ᠵᠤᠬᠢᠶᠠᠠ ᠪᠠᠶᠢᠭᠤᠯᠤᠯᠲᠠ ᠳᠠᠬᠢ | ᠬᠤᠪᠢ ᠲᠤᠭ᠎ᠠ ᠪᠤᠯᠤᠨ ᠪᠢᠯᠧᠲ ᠦᠭᠭᠦᠯᠲᠠ ᠶᠢᠨ ᠡᠷᠭᠡ ᠭᠤᠷᠪᠠᠲᠤᠭᠠᠷ ᠲᠤ ᠲᠡᠪᠰᠢᠨ ᠤᠷᠤᠵᠦ᠂ ᠠᠷᠠᠳ ᠤᠨ | ᠵᠤᠭᠤᠰ ᠵᠤᠭᠤᠰ ᠭᠠᠷᠭᠠᠠ ᠠᠪᠬᠤ ᠤᠨᠴᠠ ᠡᠷᠭᠡ ᠲᠠᠢ ᠵᠤᠭᠤᠰ ᠤᠨ ᠡᠩᠨᠡᠬᠡᠨ ᠳᠤ ᠤᠷᠤᠵᠦ᠂ ᠲᠤᠮᠲᠠᠲᠤ ᠤᠯᠤᠰ | ᠡᠸᠦ᠋ᠷᠦᠫᠠ ᠲᠢᠪ ᠤᠨ ᠰᠡᠷᠭᠦᠭᠡᠡ ᠮᠠᠠᠲᠤᠭᠤᠯᠬᠤ ᠨᠡᠭᠡᠭᠡᠡ ᠬᠦᠭᠵᠢᠭᠦᠯᠦᠯᠲᠠ ᠶᠢᠨ ᠪᠠᠩᠭᠢ ᠶᠢᠨ ᠭᠡᠰᠢᠭᠦᠨ ᠪᠤᠯᠪᠠ᠂ | ᠲᠤᠮᠲᠠᠲᠤ ᠤᠯᠤᠰ ᠤᠨ ᠤᠯᠠᠠ ᠤᠯᠤᠰ ᠤᠨ ᠬᠤᠯᠪᠤᠭᠠᠲᠤ ᠪᠠᠶᠢᠭᠤᠯᠤᠯᠭ᠎ᠠ ᠳᠤ ᠦᠵᠡᠭᠦᠯᠦᠭᠰᠡᠡ ᠬᠤᠪᠢ ᠨᠡᠮᠡᠷᠢ ᠳᠤ | ᠬᠢᠭᠰᠡᠡ ᠦᠨᠡᠯᠡᠯᠳᠡ ᠨᠢᠭᠡᠨᠲᠡ ᠬᠤᠶᠠᠲᠤᠭᠠᠷ ᠲᠤ ᠤᠷᠤᠵᠠᠢ᠃ ᠡᠲᠡᠭᠡᠷ ᠪᠤᠲᠠᠲᠤ ᠶᠠᠪᠤᠲᠠᠯ ᠨᠢ ᠲᠤᠮᠲᠠᠲᠤ ᠤᠯᠤᠰ | ᠲᠤᠰ ᠢᠶᠠᠷ ᠢᠶᠠᠨ ᠲᠤᠭ ᠪᠤᠰᠬᠠᠭᠰᠠᠠ ᠦᠭᠡᠢ᠂ ᠬᠠᠷᠢᠨ ᠤᠲᠤ ᠪᠠᠶᠢᠭ᠎ᠠ ᠤᠯᠠᠠ ᠤᠯᠤᠰ ᠤᠨ ᠡᠮᠬᠢ ᠲᠢᠭᠯᠢᠮ ᠪᠤᠯᠤᠨ | ᠰᠢᠰᠲ᠋ᠧᠮ ᠳᠤ ᠨᠡᠩ ᠤᠯᠠᠠ ᠦᠢᠯᠡᠲᠦᠯ ᠦᠵᠡᠭᠦᠯᠵᠦ ᠪᠠᠶᠢᠬᠤ ᠶᠢ ᠲᠤᠲᠤᠷᠬᠠᠢᠢᠯᠠᠵᠠᠢ᠃ ᠶᠠᠷᠢᠶᠠᠠ ᠦᠭᠡᠢ᠂ | ᠲᠤᠮᠲᠠᠲᠤ ᠤᠯᠤᠰ ᠤᠨ ᠤᠯᠤᠰ ᠤᠨ ᠬᠦᠴᠤᠨ ᠴᠢᠩᠭᠠᠳᠬᠤ ᠶᠢ ᠲᠠᠭᠠᠯᠲᠤᠨ᠂ ᠪᠢᠲᠠ ᠵᠦᠢ ᠵᠤᠬᠢᠰᠲᠠᠢ ᠬᠦᠭᠵᠢᠯᠲᠠ | ᠶᠢᠨ ᠤᠷᠤᠨ ᠵᠠᠢ᠂ ᠪᠡᠶ᠎ᠡ ᠲᠠᠢ ᠪᠠᠨ ᠲᠤᠬᠢᠷᠠᠯᠴᠠᠭᠰᠠᠠ ᠲᠡᠯᠡᠬᠡᠢ ᠨᠠᠶᠢᠲᠠ ᠳᠤ ᠦᠭᠡ ᠭᠡᠯᠡᠬᠦ ᠡᠷᠭᠡ ᠤᠯᠬᠤ | ᠴᠢᠬᠤᠯᠠᠲᠠᠢ᠃ ᠡᠨᠡ ᠨᠢ ᠮᠦᠨ ᠴᠤ ᠨᠢᠭᠡ ᠬᠡᠪ ᠤᠨ ᠤᠴᠢᠷ ᠪᠤᠯᠤᠨ᠎ᠠ᠃ | ᠲᠤᠮᠲᠠᠲᠤ ᠤᠯᠤᠰ ᠤᠨ ᠰᠠᠨᠠᠭᠠᠴᠢᠯᠠᠭᠰᠠᠠ ᠠᠽᠢᠶ᠎ᠠ ᠲᠢᠪ ᠤᠨ ᠪᠡᠯᠡ ᠤᠷᠤᠭᠤᠯᠤᠯᠲᠠ ᠶᠢᠨ ᠪᠠᠩᠭᠢ ᠪᠠ | ᠲᠤᠮᠲᠠᠲᠤ ᠤᠯᠤᠰ ᠤᠨ ᠤᠷᠤᠯᠴᠠᠵᠦ ᠪᠠᠶᠢᠬᠤ ᠠᠯᠲᠠᠠ ᠲᠤᠭᠤᠰᠭᠠ ᠤᠯᠤᠰ ᠤᠨ ᠪᠠᠩᠭᠢ ᠪᠤᠯ ᠪᠦᠷ ᠤᠲᠤ ᠪᠠᠶᠢᠭ᠎ᠠ | ᠮᠦᠩᠭᠦᠨ ᠬᠦᠢᠯᠭᠡᠭᠡ ᠶᠢᠨ ᠰᠢᠰᠲ᠋ᠧᠮ ᠢ ᠲᠡᠭᠦᠯᠲᠡᠷᠵᠢᠭᠦᠯᠦᠨ ᠨᠦᠬᠦᠪᠦᠷᠢᠯᠡᠵᠦ ᠪᠠᠶᠢᠭ᠎ᠠ ᠶᠠᠪᠤᠲᠠᠯ ᠪᠤᠯᠤᠨ᠎ᠠ᠃ | ᠲᠤᠮᠲᠠᠲᠤ ᠤᠯᠤᠰ ᠤᠯᠠᠮᠵᠢᠯᠠᠯᠲᠦ ᠲᠤᠮᠤ ᠤᠯᠤᠰ ᠲᠠᠢ ᠠᠲᠠᠯᠢ ᠦᠭᠡᠢ ᠬᠦᠴᠦᠷᠭᠡᠭ ᠤᠯᠤᠰ ᠤᠨ ᠵᠠᠮ ᠢᠶᠠᠷ ᠶᠠᠪᠤᠬᠤ | ᠢᠲᠡᠭᠡᠯ ᠪᠠᠶᠢᠨ᠎ᠠ᠃ ᠠᠲᠠᠯᠢ ᠦᠭᠡᠢ ᠲᠠᠯ᠎ᠠ ᠨᠢ ᠬᠠᠮᠢᠭ᠎ᠠ ᠪᠠᠶᠢᠬᠤ ᠪᠤᠢ︖ ᠭᠡᠪᠡᠯ ᠲᠤᠮᠲᠠᠲᠤ ᠤᠯᠤᠰ ᠤᠯᠠᠠ | ᠤᠯᠤᠰ ᠤᠨ ᠬᠤᠯᠪᠤᠭᠠᠲᠤ ᠪᠠᠶᠢᠭᠤᠯᠤᠯᠭ᠎ᠠ ᠶᠢᠨ ᠦᠨᠲᠦᠰᠤᠨ ᠲᠦᠷᠢᠮ ᠤᠨ ᠶᠡᠷᠦᠩᠭᠡᠢ ᠵᠠᠷᠴᠢᠮ ᠢ ᠬᠢᠴᠢᠶᠡᠩᠭᠦ᠋ᠢᠯᠡᠡ | ᠰᠠᠬᠢᠵᠦ᠂ ᠬᠦᠴᠦᠷᠭᠡᠭ ᠲᠡᠭᠡᠨ ᠡᠷᠲᠦᠵᠦ ᠪᠠᠭᠤᠷᠠᠢ ᠶᠢ ᠲᠠᠷᠤᠯᠠᠬᠤ ᠦᠭᠡᠢ︔ ᠲᠤᠮᠲᠠᠲᠤ ᠤᠯᠤᠰ ᠲᠡᠯᠡᠭᠡᠢ ᠶᠢᠨ ᠡᠯ᠎ᠠ | ᠤᠯᠤᠰ ᠯᠤᠭ᠎ᠠ ᠬᠠᠮᠲᠤᠷᠠᠯᠴᠠᠵᠦ ᠬᠠᠮᠲᠤ ᠪᠠᠷ ᠠᠰᠢᠭ ᠬᠦᠷᠲᠡᠬᠦ ᠶᠢ ᠡᠷᠢᠯᠬᠢᠯᠡᠵᠦ᠂ ᠰᠠᠯᠤᠩᠭᠢ ᠲᠠᠷᠬᠠᠵᠦ ᠶᠠᠪᠤᠬᠤ | ᠦᠭᠡᠢ ᠪᠦᠭᠡᠳ ᠮᠥᠷᠥᠶᠢᠴᠡᠬᠦ ᠦᠭᠡᠢ᠃ | ᠲᠤᠮᠲᠠᠲᠤ ᠤᠯᠤᠰ ᠤᠨ ᠤᠯᠠᠠ ᠤᠯᠤᠰ ᠤᠨ ᠷᠠᠲᠢᠣ᠋ ᠨᠡᠪᠲᠡᠷᠡᠭᠦᠯᠭᠡ ᠶᠢᠨ ᠬᠤᠷᠢᠶᠠᠠ ᠤ ᠰᠤᠷᠪᠤᠯᠵᠢᠯᠠᠭᠴᠢ᠄ | ᠤᠢᠢᠷ᠎ᠠ ᠳᠤ ᠲᠤᠮᠲᠠᠲᠤ ᠠᠮᠧᠷᠢᠺᠠ ᠶᠢᠨ ᠠᠽᠢᠶ᠎ᠠ ᠲᠢᠪ ᠤᠷᠤᠠ ᠳᠠᠬᠢ ᠪᠠᠶᠢᠯᠲᠤᠬᠤ ᠪᠤᠲᠤᠯᠭ᠎ᠠ ᠶᠢᠨ ᠦᠷᠢᠰᠦᠯᠲᠦᠭᠡᠡ | ᠰᠢᠷᠦᠭᠦᠰᠴᠤ᠂ ᠡᠨᠡ ᠵᠢᠯ ᠪᠠᠰᠠ ᠠᠮᠧᠷᠢᠺᠠ ᠶᠢᠨ ᠶᠡᠷᠦᠩᠭᠡᠶᠢᠯᠡᠭᠴᠢ ᠶᠢᠨ ᠰᠤᠩᠭᠤᠭᠤᠯᠢ ᠶᠢᠨ ᠵᠢᠯ ᠪᠤᠯᠤᠨ᠎ᠠ᠃ ᠲᠠ | ᠲᠤᠮᠲᠠᠲᠤ ᠠᠮᠧᠷᠢᠺᠠ ᠶᠢᠨ ᠬᠠᠷᠢᠯᠴᠠᠭ᠎ᠠ ᠶᠢᠨ ᠠᠯᠤᠰ ᠢᠷᠡᠭᠡᠲᠦᠢ ᠶᠢ ᠭᠡᠷᠬᠢᠨ ᠦᠵᠡᠵᠦ ᠪᠠᠶᠢᠬᠤ ᠪᠤᠢ︖ ᠲᠤᠮᠲᠠᠲᠤ | ᠠᠮᠧᠷᠢᠺᠠ ᠶᠢᠨ ᠰᠢᠨ᠎ᠠ ᠬᠡᠯᠪᠡᠷᠢ ᠶᠢᠨ ᠲᠤᠮᠤ ᠤᠯᠤᠰ ᠤᠨ ᠬᠠᠷᠢᠯᠴᠠᠭ᠎ᠠ ᠪᠠᠶᠢᠭᠤᠯᠬᠤ ᠳᠤ ᠢᠲᠡᠭᠡᠯ ᠪᠠᠶᠢᠨᠠᠤ︖ | ᠸᠠᠩ ᠢ᠄ ᠲᠤᠮᠲᠠᠲᠤ ᠠᠮᠧᠷᠢᠺᠠ ᠬᠤᠶᠠᠷ ᠲᠤᠮᠤ ᠤᠯᠤᠰ ᠪᠤᠯᠤᠭᠰᠠᠠ ᠤ ᠬᠤᠪᠢ ᠳᠤ᠂ ᠬᠠᠮᠲᠤᠷᠠᠯᠴᠠᠭ᠎ᠠ ᠲᠠᠢ | ᠪᠦᠭᠡᠳ ᠪᠠᠰᠠ ᠮᠦᠷᠬᠦᠯᠲᠦᠭᠡᠡ ᠲᠠᠢ ᠪᠠᠶᠢᠬᠤ ᠪᠤᠯ ᠪᠠᠷᠤᠭ ᠬᠡᠪ ᠤᠨ ᠪᠠᠶᠢᠲᠠᠯ ᠪᠤᠯᠤᠨ᠎ᠠ᠃ ᠡᠨᠡ ᠦᠷᠯᠦᠭᠡ ᠪᠢ | ᠰᠠᠢᠢ ᠨᠢᠭᠡ ᠴᠢᠮᠡᠭᠡ ᠤᠯᠵᠦ ᠰᠤᠨᠤᠰᠴᠠᠢ᠂ ᠠᠮᠧᠷᠢᠺᠠ ᠲᠤᠮᠲᠠᠲᠤ ᠤᠯᠤᠰ ᠤᠨ ᠠᠵᠦ ᠠᠬᠤᠢᠢᠯᠠᠯ ᠳᠤ ᠠᠷᠠᠯᠵᠢᠶᠠᠠ ᠤ | ᠬᠢᠵᠠᠭᠠᠷᠯᠠᠯ ᠶᠠᠪᠤᠭᠤᠯᠬᠤ ᠭᠡᠵᠦ ᠪᠠᠶᠢᠨ᠎ᠠ ᠭᠡᠨ᠎ᠠ᠃ ᠡᠨᠡ ᠪᠤᠯ ᠠᠵᠦ ᠠᠬᠤᠢ ᠠᠷᠠᠯᠵᠢᠶᠠᠠ ᠤ ᠵᠦᠷᠢᠴᠡᠯ ᠢ | ᠰᠢᠢᠳᠪᠦᠷᠢᠯᠡᠬᠦ ᠵᠦᠪ ᠬᠢᠲᠠᠯ ᠪᠢᠰᠢ᠂ ᠪᠤᠰᠤᠳ ᠢ ᠬᠤᠬᠢᠷᠠᠭᠤᠯᠵᠦ ᠪᠡᠶ᠎ᠠ ᠳᠤᠨᠢ ᠪᠠᠰᠠ ᠠᠰᠢᠭ ᠦᠭᠡᠢ᠃ ᠮᠠᠠ ᠤ | ᠬᠢᠬᠦ ᠠᠵᠢᠯ ᠪᠤᠯ ᠠᠰᠠᠭᠤᠲᠠᠯ ᠳᠤ ᠰᠢᠭᠤᠳ ᠬᠠᠨᠲᠤᠬᠤ ᠪᠦᠭᠡᠳ ᠠᠰᠠᠭᠤᠲᠠᠯ ᠢ ᠰᠢᠢᠳᠪᠦᠷᠢᠯᠡᠨ᠎ᠠ᠂ ᠬᠠᠮᠲᠤᠷᠠᠯᠴᠠᠭ᠎ᠠ | ᠶᠢ ᠦᠷᠭᠡᠳᠭᠡᠡ ᠬᠦᠨᠵᠡᠭᠡᠶᠢᠷᠡᠭᠦᠯᠬᠦ ᠶᠢᠨ ᠲᠠᠭᠠᠤ ᠮᠦᠷᠭᠦᠯᠲᠦᠭᠡᠡ ᠢ ᠬᠤᠪᠢᠷᠠᠭᠤᠯᠤᠭᠠᠳ ᠬᠠᠮᠲᠤᠷᠠᠯᠴᠠᠭ᠎ᠠ | ᠪᠤᠯᠭᠠᠬᠤ ᠪᠠᠷ ᠴᠢᠷᠮᠠᠶᠢᠨ᠎ᠠ᠃ ᠦᠩᠭᠡᠷᠡᠭᠰᠡᠡ ᠳᠤ ᠬᠤᠶᠠᠷ ᠲᠠᠯ᠎ᠠ ᠪᠠᠷ ᠢᠶᠠᠨ ᠠᠭᠤᠷ ᠠᠮᠢᠰᠬᠤᠯ ᠤᠨ ᠬᠤᠪᠢᠷᠠᠯᠲᠠ | ᠶᠢᠨ ᠲᠠᠯ᠎ᠠ ᠪᠠᠷ ᠵᠦᠷᠢᠯᠲᠦᠭᠡᠡ ᠲᠠᠢ ᠪᠠᠶᠢᠵᠠᠢ᠂ ᠨᠢᠲᠤᠨᠤᠨ ᠲᠤᠮᠲᠠᠲᠤ ᠠᠮᠧᠷᠢᠺᠠ ᠬᠠᠮᠲᠤ ᠪᠠᠷ ᠴᠢᠷᠮᠠᠶᠢᠵᠦ ᠪᠠᠶᠢᠭᠠᠳ | ᠫᠠᠷᠢᠰ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠶᠡᠭᠡ ᠬᠤᠷᠠᠯ ᠢ ᠠᠮᠵᠢᠯᠲᠠ ᠲᠠᠢ ᠬᠤᠷᠠᠯᠲᠤᠭᠤᠯᠵᠠᠢ᠃ | ᠲᠦᠷᠦᠭᠦᠭᠡᠡ ᠳᠤ ᠰᠦᠯᠵᠢᠶᠠᠠ ᠤ ᠮᠦᠷᠭᠦᠯᠲᠦᠭᠡᠡ ᠭᠠᠷᠴᠠᠢ᠂ ᠤᠲᠤ ᠬᠤᠶᠠᠷ ᠲᠠᠯ᠎ᠠ ᠪᠠᠷ ᠢᠶᠠᠨ ᠨᠢᠭᠡ ᠢᠵᠢ ᠦᠭᠡ | ᠵᠤᠯᠭᠠᠯᠴᠠᠭ᠎ᠠ ᠶᠢᠨ ᠬᠠᠮᠲᠤᠷᠠᠯᠴᠠᠭᠠᠠ ᠤ ᠲᠤᠭᠲᠠᠴᠠ ᠶᠢ ᠪᠠᠶᠢᠭᠤᠯᠤᠯ᠎ᠠ᠃ ᠤᠢᠢᠷ᠎ᠠ ᠳᠤ ᠲᠡᠯᠡᠢ ᠲᠡᠭᠡᠷᠡᠬᠢ ᠠᠰᠠᠭᠤᠲᠠᠯ | ᠤᠨ ᠲᠤᠬᠠᠢ ᠮᠦᠷᠭᠦᠯᠲᠦᠭᠡᠡ ᠤᠯᠠᠲᠠᠵᠦ ᠪᠠᠶᠢᠨ᠎ᠠ᠃ ᠠᠮᠧᠷᠢᠺᠠ ᠲᠠᠶᠢᠪᠤᠭᠤ ᠪᠤᠯᠤᠭᠰᠠᠠ ᠤ ᠲᠠᠷᠠᠭ᠎ᠠ᠂ ᠬᠤᠶᠠᠷ | ᠲᠠᠯ᠎ᠠ ᠪᠠᠷ ᠢᠶᠠᠨ ᠲᠠᠯᠠᠢ ᠲᠡᠭᠡᠷᠡᠬᠢ ᠬᠠᠮᠲᠤᠷᠠᠯᠴᠠᠭ᠎ᠠ ᠶᠢ ᠭᠡᠷᠬᠢᠠ ᠦᠷᠨᠢᠭᠦᠯᠬᠦ ᠶᠢ ᠪᠤᠲᠤᠯᠬᠢᠯᠠᠵᠦ ᠪᠤᠯᠤᠨ᠎ᠠ ᠭᠡᠰᠡᠡ ᠢ | ᠪᠢ ᠢᠲᠡᠭᠡᠵᠦ ᠪᠠᠶᠢᠨ᠎ᠠ᠃ ᠮᠦᠷᠬᠦᠯᠲᠦᠭᠡᠡ ᠭᠠᠷᠴᠤ ᠪᠠᠶᠢᠬᠤ ᠶᠢᠨ ᠤᠭ ᠰᠢᠯᠲᠠᠭᠠᠠ ᠨᠢ ᠠᠮᠧᠷᠢᠺᠠ ᠳᠤ ᠶᠡᠷᠦᠨᠢ | ᠵᠠᠷᠢᠮ ᠬᠦᠮᠦᠨ ᠲᠤᠮᠲᠠᠲᠤ ᠤᠯᠤᠰ ᠲᠤ ᠪᠠᠶᠢᠯᠲᠤᠬᠤ ᠪᠤᠲᠤᠯᠭ᠎ᠠ ᠶᠢᠨ ᠰᠡᠵᠢᠭᠯᠡᠯ ᠲᠠᠢ ᠪᠠᠶᠢᠵᠦ᠂ ᠶᠡᠷᠦᠨᠢ ᠲᠤᠮᠲᠠᠲᠤ | ᠤᠯᠤᠰ ᠠᠯᠢ ᠨᠢᠭᠡ ᠡᠲᠦᠷ ᠠᠮᠧᠷᠢᠺᠠ ᠶᠢ ᠤᠷᠤᠯᠠᠬᠤ ᠠᠴᠠ ᠰᠠᠨᠠᠭ᠎ᠠ ᠵᠤᠪᠠᠵᠦ ᠪᠠᠶᠢᠬᠤ ᠠᠴᠠ ᠪᠤᠯᠵᠠᠢ᠃ ᠲᠤᠮᠲᠠᠲᠤ | ᠤᠯᠤᠰ ᠠᠮᠧᠷᠢᠺᠠ ᠪᠢᠰᠢ᠂ ᠲᠤᠮᠲᠠᠲᠤ ᠤᠯᠤᠰ ᠤᠭᠲᠤ ᠤᠨᠲᠤᠤ ᠨᠢᠭᠡ ᠠᠮᠧᠷᠢᠺᠠ ᠪᠤᠯᠬᠤ ᠦᠭᠡᠢ ᠪᠦᠭᠡᠳ ᠤᠨᠲᠤᠤ | ᠨᠢᠭᠡ ᠠᠮᠧᠷᠢᠺᠠ ᠪᠤᠯᠬᠤ ᠪᠤᠯᠤᠮᠵᠢ ᠦᠭᠡᠢ᠃ ᠪᠢᠲᠠ ᠠᠯᠢ ᠨᠢᠭᠡ ᠤᠯᠤᠰ ᠢ ᠤᠷᠤᠯᠠᠬᠤ ᠪᠤᠶᠤ ᠤᠲᠤᠷᠢᠳᠬᠤ | ᠰᠠᠨᠠᠭ᠎ᠠ ᠦᠭᠡᠢ᠃ ᠠᠮᠧᠷᠢᠺᠠ ᠶᠢᠨ ᠨᠠᠶᠢᠵᠢ ᠨᠠᠷ ᠲᠤᠮᠲᠠᠲᠤ ᠤᠯᠤᠰ ᠤᠨ 5000 ᠵᠢᠯ ᠤᠨ ᠲᠤᠷᠰᠢ | ᠬᠤᠷᠠᠮᠲᠤᠭᠤᠯᠤᠭᠰᠠᠠ ᠲᠡᠤᠬᠡ ᠰᠤᠶᠤᠯ ᠤᠨ ᠤᠯᠠᠮᠵᠢᠯᠠᠯ ᠢ ᠢᠯᠡᠭᠦᠭᠡᠡ ᠰᠤᠷᠤᠯᠴᠠᠠ ᠮᠡᠲᠡᠷᠡᠵᠦ᠂ ᠪᠢᠲᠡᠭᠡᠢ | ᠬᠠᠯᠲᠤᠰᠬᠢᠪᠠᠯ ᠠᠮᠧᠷᠢᠺᠠ ᠶᠢᠨ ᠬᠡᠯᠪᠡᠷᠢ ᠲᠠᠢ ᠰᠡᠳᠭᠢᠬᠦᠢ ᠪᠠᠷ ᠢᠶᠠᠨ ᠲᠤᠮᠲᠠᠲᠤ ᠤᠯᠤᠰ ᠲᠤ ᠮᠠᠭᠠᠳᠯᠠᠯᠲᠠ ᠬᠢᠭᠡᠷᠠᠢ | ᠭᠡᠵᠦ ᠰᠠᠨᠠᠭᠤᠯᠤᠶ᠎ᠠ᠃ ᠡᠨᠡ ᠨᠢᠭᠡ ᠲᠠᠯ᠎ᠠ ᠶᠢ ᠰᠠᠶᠢᠲᠤᠷ ᠮᠡᠲᠡᠴᠢᠭᠡᠪᠡᠯ᠂ ᠲᠤᠮᠲᠠᠲᠤ ᠠᠮᠧᠷᠢᠺᠠ ᠶᠢᠨ ᠬᠠᠷᠢᠯᠴᠠᠭ᠎ᠠ | ᠶᠢᠨ ᠠᠯᠤᠰ ᠢᠷᠡᠭᠡᠲᠦᠢ ᠲᠠᠷᠤᠢ ᠭᠡᠭᠡᠡ ᠰᠠᠷᠠᠭᠤᠯ ᠪᠤᠯᠬᠤ ᠶᠤᠮ᠃ | ᠲᠡᠷᠢᠭᠦᠯᠡᠭᠴᠢ ᠰᠢ ᠶᠢᠨ ᠫᠢᠩ᠂ ᠲᠤᠮᠲᠠᠲᠤ ᠠᠮᠧᠷᠢᠺᠠ ᠶᠢᠨ ᠬᠠᠮᠲᠤᠷᠠᠯᠴᠠᠭ᠎ᠠ ᠶᠢ ᠬᠤᠶᠠᠷ ᠤᠯᠤᠰ ᠪᠤᠯᠤᠨ | ᠲᠡᠯᠡᠭᠡᠢ ᠳᠤ ᠲᠤᠩ ᠤᠯᠠᠠ ᠠᠰᠢᠭ ᠲᠠᠢ ᠲᠤᠮᠤ ᠤᠴᠢᠷ ᠪᠤᠯᠭᠠᠠ ᠬᠢᠵᠦ ᠪᠤᠯᠤᠨ᠎ᠠ᠃ ᠲᠤᠮᠲᠠᠲᠤ ᠠᠮᠧᠷᠢᠺᠠ ᠶᠢᠨ | ᠬᠠᠷᠢᠯᠴᠠᠭ᠎ᠠ ᠶᠢᠨ ᠦᠩᠭᠡᠷᠡᠭᠦᠯᠦᠭᠰᠡᠡ ᠬᠦᠴᠢᠷ ᠪᠡᠷᠭᠡᠰᠢᠶᠠᠯ ᠢ ᠳ᠋ᠦᠩᠨᠡᠪᠡᠯ᠂ ᠮᠦᠷᠭᠦᠯᠲᠦᠭᠡᠡ ᠦᠭᠡᠢ ᠡᠰᠡᠷᠭᠦᠴᠡᠯᠲᠦᠬᠦ | ᠦᠭᠡᠢ᠂ ᠬᠠᠷᠢᠯᠴᠠᠠ ᠬᠦᠨᠲᠦᠳᠭᠡᠭᠰᠡᠡ᠂ ᠬᠠᠮᠲᠤᠷᠠᠯᠴᠠᠵᠦ ᠬᠠᠮᠲᠤ ᠪᠠᠷ ᠠᠰᠢᠭ ᠬᠦᠷᠲᠡᠬᠦ ᠰᠢᠨ᠎ᠠ ᠬᠡᠯᠪᠡᠷᠢ ᠶᠢᠨ | ᠲᠤᠮᠤ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠡᠨᠡ ᠵᠠᠮ ᠨᠢ ᠬᠤᠶᠠᠷ ᠲᠠᠯ᠎ᠠ ᠶᠢᠨ ᠬᠠᠮᠲᠤ ᠶᠢᠨ ᠪᠠ ᠠᠯᠤᠰ ᠭᠡᠲᠦ | ᠶᠢᠨ ᠠᠰᠢᠭ ᠲᠤᠰᠠ ᠲᠠᠢ ᠨᠡᠶᠢᠴᠡᠵᠦ᠂ ᠪᠠᠰᠠ ᠲᠡᠯᠡᠭᠡᠢ ᠳ᠋ᠠᠬᠢᠠ ᠤ ᠬᠦᠭᠵᠢᠯᠲᠠ ᠬᠤᠪᠢᠷᠠᠯᠲᠠ ᠶᠢᠨ ᠤᠷᠤᠰᠬᠠᠯ ᠳᠤ | ᠨᠡᠶᠢᠴᠡᠨ᠎ᠠ᠃ ᠠᠮᠧᠷᠢᠺᠠ ᠶᠢᠨ ᠵᠠᠰᠠᠭ ᠤᠨ ᠤᠷᠲᠤᠨ ᠪᠤᠯᠤᠨ ᠤᠲᠤᠷᠢᠳᠬᠤ ᠬᠦᠮᠦᠨ ᠭᠡᠷᠬᠢᠨ ᠰᠤᠯᠢᠭᠲᠠᠭᠰᠠᠠ ᠴᠤ | ᠠᠮᠧᠷᠢᠺᠠ ᠶᠢᠨ ᠲᠠᠯ᠎ᠠ ᠪᠦᠷ ᠲᠤᠮᠲᠠᠲᠤ ᠤᠯᠤᠰ ᠤᠨ ᠲᠠᠯ᠎ᠠ ᠲᠠᠢ ᠬᠠᠮᠲᠤ ᠪᠠᠷ᠂ ᠡᠨᠡᠬᠦ ᠵᠦᠪ ᠴᠢᠭᠯᠡᠯ ᠢᠶᠠᠷ ᠡᠷᠡᠰ | ᠢᠶᠠᠷ ᠦᠷᠬᠦᠯᠵᠢᠯᠡᠡ ᠤᠷᠤᠭᠰᠢᠯᠠᠬᠤ ᠶᠢ ᠪᠢᠲᠠ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠵᠠᠢ᠃ | ᠤᠷᠤᠰ ᠤᠨ ᠴᠢᠮᠡᠭᠡᠯᠡᠯ ᠤᠨ ᠬᠤᠷᠢᠶ᠎ᠠ — ᠲᠠᠰᠰ ᠬᠤᠷᠢᠶᠠᠠ ᠤ ᠰᠤᠷᠪᠤᠯᠵᠢᠯᠠᠭᠴᠢ᠄ ᠤᠲᠤᠬᠠᠠ ᠤ ᠨᠠᠷᠢᠨ | ᠪᠤᠲᠤᠯᠢᠶᠠᠠᠳᠠᠢ ᠤᠯᠠᠠ ᠤᠯᠤᠰ ᠤᠨ ᠪᠠᠶᠢᠲᠠᠯ ᠲᠤᠤᠷ᠎ᠠ᠂ ᠤᠷᠤᠰ ᠲᠤᠮᠲᠠᠲᠤ ᠶᠢᠨ ᠪᠦᠬᠦ ᠲᠠᠯ᠎ᠠ ᠶᠢᠨ ᠪᠠᠶᠢᠯᠲᠤᠬᠤ | ᠪᠤᠲᠤᠯᠭ᠎ᠠ ᠶᠢᠨ ᠬᠠᠮᠵᠢᠯᠴᠠᠭᠠᠠ ᠤ ᠬᠠᠨᠢᠲᠠᠠ ᠤ ᠬᠠᠷᠢᠴᠠᠭ᠎ᠠ ᠳᠤ ᠥᠷᠢᠰᠦᠯᠳᠦᠭᠡᠨ ᠲᠤᠯᠭᠠᠷᠠᠬᠤ ᠦᠭᠡᠢ ᠭᠡᠵᠦ ᠤᠤ︖ | | ᠸᠠᠩ ᠢ᠄ ᠲᠤᠮᠲᠠᠲᠤ ᠤᠷᠤᠰ ᠤᠨ ᠬᠠᠷᠢᠯᠴᠠᠭ᠎ᠠ ᠪᠤᠯ ᠪᠤᠯᠪᠠᠰᠤᠷᠠᠩᠭᠤᠢ᠂ ᠲᠤᠭᠲᠠᠭᠤᠨ ᠪᠠᠶᠢᠲᠠᠭ᠃ ᠮᠠᠠ ᠤ ᠪᠦᠬᠦ | ᠲᠠᠯ᠎ᠠ ᠶᠢᠨ ᠪᠠᠶᠢᠯᠲᠤᠬᠤ ᠪᠤᠲᠤᠯᠭ᠎ᠠ ᠶᠢᠨ ᠬᠠᠮᠵᠢᠯᠴᠠᠭᠠᠠ ᠤ ᠬᠠᠨᠢᠲᠠᠠ ᠤ ᠬᠠᠷᠢᠴᠠᠭ᠎ᠠ ᠬᠠᠷᠢᠯᠴᠠᠠ ᠢᠲᠡᠭᠡᠯ ᠲᠠᠢ᠂ | ᠬᠠᠷᠢᠯᠴᠠᠠ ᠲᠡᠮᠵᠢᠭᠰᠡᠡ ᠪᠠᠲᠤ ᠪᠠᠬᠢ ᠰᠠᠭᠤᠷᠢ ᠲᠡᠭᠡᠷ᠎ᠠ ᠪᠠᠶᠢᠭᠤᠯᠤᠭᠲᠠᠵᠦ᠂ ᠮᠦᠨ ᠴᠤ ᠪᠠᠰᠠ ᠬᠠᠮᠲᠤᠷᠠᠯᠴᠠᠭ᠎ᠠ ᠪᠠᠨ | ᠴᠢᠩᠭᠠᠳᠬᠠᠠ᠂ ᠬᠠᠷᠢᠯᠴᠠᠠ ᠠᠰᠢᠠᠠᠲᠠᠢ ᠬᠠᠮᠲᠤ ᠪᠠᠷ ᠠᠰᠢᠭ ᠬᠦᠷᠲᠡᠬᠦ ᠯᠤᠲᠦ ᠶᠡᠭᠡ ᠭᠡᠷᠡᠭᠴᠡᠭᠡ ᠱᠠᠭᠠᠷᠲᠠᠯᠭ᠎ᠠ ᠲᠠᠢ᠂ | ᠶᠠᠮᠠᠷᠪᠠ ᠤᠯᠠᠠ ᠤᠯᠤᠰ ᠤᠨ ᠦᠢᠮᠡᠭᠡᠡ ᠲᠡᠪᠵᠢᠶᠠᠠ ᠤ ᠰᠢᠯᠭᠠᠯᠲᠠ ᠶᠢ ᠪᠦᠷᠢᠮᠦᠰᠦᠨ ᠲᠠᠭᠠᠭᠠᠵᠦ ᠲᠡᠶᠢᠯᠦᠨ᠎ᠠ᠂ | ᠨᠢᠭᠡ ᠴᠠᠭ ᠲᠤ ᠨᠢᠭᠡ ᠤᠴᠢᠷ ᠠᠴᠠ ᠪᠤᠯᠤᠭᠠᠳ ᠬᠤᠪᠢᠷᠠᠬᠤ ᠦᠭᠡᠢ ᠶᠤᠮ᠃ ᠨᠢᠲᠤᠨᠤᠨ ᠨᠢᠭᠡ ᠵᠢᠯ ᠳᠤ᠂ | ᠲᠡᠷᠢᠭᠦᠯᠡᠭᠴᠢ ᠰᠢ ᠶᠢᠨ ᠫᠢᠩ ᠪᠤᠯᠤᠨ ᠫᠦᠲ᠋ᠢᠨ 5 ᠤᠲᠠᠭ᠎ᠠ ᠠᠭᠤᠯᠵᠠᠵᠦ᠂ ᠲᠤᠮᠲᠠᠲᠤ ᠤᠷᠤᠰ ᠤᠨ ᠬᠠᠷᠢᠯᠴᠠᠭ᠎ᠠ | ᠬᠦᠭᠵᠢᠯᠲᠠ ᠶᠢᠨ ᠪᠠᠶᠢᠲᠠᠯ ᠢ ᠬᠠᠮᠠᠭᠠᠯᠠᠬᠤ ᠳᠤ ᠴᠢᠬᠤᠯᠠ ᠲᠠᠭᠠᠭᠤᠯᠬᠤ ᠦᠢᠯᠡᠲᠦᠯ ᠦᠵᠡᠭᠦᠯᠵᠠᠢ᠃ ᠬᠤᠶᠠᠷ ᠤᠯᠤᠰ | ᠤᠨ ᠬᠤᠭᠤᠷᠤᠨᠲᠤᠬᠢ ᠲᠤᠮᠤ ᠲᠦᠷᠦᠯ ᠵᠦᠢᠯ ᠤᠨ ᠬᠠᠮᠲᠤᠷᠠᠯᠴᠠᠭ᠎ᠠ ᠶᠢ ᠢᠲᠡᠪᠬᠢᠲᠠᠢ ᠪᠦᠭᠡᠳ ᠡᠮᠬᠢ ᠲᠢᠭᠯᠢᠮ ᠲᠠᠢ | ᠠᠬᠢᠭᠤᠯᠵᠦ᠂ ᠵᠡᠭᠦᠨ ᠱᠤᠭᠤᠮ ᠤᠨ ᠪᠠᠶᠢᠭᠠᠯᠢ ᠶᠢᠨ ᠰᠢᠲᠠᠮᠠᠬᠠᠢ ᠭᠡᠢ ᠶᠢᠨ ᠬᠤᠭᠤᠯᠠᠢ ᠵᠠᠮ ᠢ ᠨᠢᠭᠡᠨᠲᠡ ᠡᠬᠢᠯᠡᠡ | ᠪᠠᠶᠢᠭᠤᠯᠵᠦ᠂ ᠦᠢᠯᠡᠳᠪᠦᠷᠢᠯᠡᠯ ᠤᠨ ᠴᠢᠲᠠᠪᠤᠷᠢ ᠪᠠ ᠲᠤᠨᠤᠭᠯᠠᠯ ᠦᠢᠯᠡᠳᠭᠦ᠂ ᠬᠦᠲᠡᠭᠡ ᠠᠵᠦ ᠠᠬᠤᠢ᠂ ᠡᠳ᠋ ᠤᠨ | ᠵᠠᠰᠠᠭ ᠮᠦᠩᠭᠦᠨ ᠬᠦᠢᠯᠭᠡᠭᠡ ᠵᠡᠷᠭᠡ ᠬᠦᠷᠢᠶᠡᠡ ᠳᠠᠬᠢ ᠬᠠᠮᠲᠤᠷᠠᠯᠴᠠᠭ᠎ᠠ ᠶᠢ ᠪᠠᠰᠠ ᠲᠦᠷᠭᠡᠳᠭᠡᠨ᠎ᠠ᠃ | ᠲᠤᠮᠲᠠᠲᠤ ᠤᠷᠤᠰ ᠤᠨ ᠠᠵᠦ ᠠᠬᠤᠢ ᠬᠠᠷᠢᠯᠴᠠᠠ ᠨᠦᠬᠦᠪᠦᠷᠢᠯᠡᠬᠦ ᠴᠢᠨᠠᠷ ᠢᠶᠠᠷ ᠴᠢᠩᠭ᠎ᠠ ᠪᠠᠶᠢᠲᠠᠭ᠂ | ᠬᠠᠮᠲᠤᠷᠠᠯᠴᠠᠭᠠᠠ ᠤ ᠭᠡᠷᠡᠭᠴᠡᠭᠡ ᠱᠠᠭᠠᠷᠲᠠᠯᠭ᠎ᠠ ᠶᠡᠭᠡ᠂ ᠤᠷᠲᠤ ᠬᠤᠭᠤᠴᠠᠭᠠᠲᠦ ᠴᠢᠨᠠᠷ ᠪᠠ ᠪᠠᠶᠢᠯᠲᠤᠬᠤ ᠪᠤᠲᠤᠯᠭ᠎ᠠ | ᠶᠢᠨ ᠴᠢᠨᠠᠷ ᠲᠠᠢ᠂ ᠵᠠᠷᠢᠮ ᠲᠦᠷ ᠴᠠᠭ ᠤᠨ ᠴᠢᠨᠠᠷ ᠲᠠᠢ ᠡᠯᠧᠮᠧᠨ᠋ᠲ ᠲᠤᠮᠲᠠᠲᠤ ᠤᠷᠤᠰ ᠤᠨ ᠪᠦᠬᠦ ᠲᠠᠯ᠎ᠠ ᠶᠢᠨ | ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠬᠦ ᠶᠢ ᠨᠦᠯᠦᠭᠡᠯᠡᠬᠦᠦᠭᠡᠢ ᠪᠦᠭᠡᠳ ᠨᠦᠯᠦᠭᠡᠯᠡᠬᠦ ᠪᠣᠯᠣᠮᠵᠢ ᠦᠭᠡᠢ᠃ | ᠡᠨᠡ ᠵᠢᠯ ᠪᠤᠯ ︽ᠲᠤᠮᠲᠠᠲᠤ ᠤᠷᠤᠰ ᠤᠨ ᠡᠶᠡᠯᠲᠡᠭ ᠬᠦᠷᠰᠢ ᠶᠢᠨ ᠬᠠᠮᠲᠤᠷᠠᠯᠴᠠᠭᠠᠠ ᠤ ᠭᠡᠷ᠎ᠠ︾ | ᠲᠤᠬᠢᠷᠠᠯᠴᠠᠭᠰᠠᠠ 15 ᠵᠢᠯ ᠤᠨ ᠤᠢ ᠪᠤᠯᠤᠨ᠎ᠠ᠃ ᠪᠢᠲᠠ ᠭᠡᠷ᠎ᠠ ᠳᠤ ᠲᠤᠭᠲᠠᠭᠠᠭᠰᠠᠠ ᠦᠶ᠎ᠠ ᠶᠢᠨ ᠨᠦᠬᠦᠷᠯᠡᠯ ᠤᠨ | ᠤᠢᠢᠯᠠᠭᠠᠭᠲᠠᠬᠤᠨ ᠢ ᠶᠡᠭᠡᠪᠡᠷ ᠪᠠᠲᠠᠷᠠᠭᠤᠯᠵᠦ᠂ ᠬᠤᠶᠠᠷ ᠤᠯᠤᠰ ᠤᠨ ᠦᠨᠲᠦᠷ ᠲᠦᠪᠰᠢᠨ ᠲᠠᠢ ᠤᠯᠤᠰ ᠲᠦᠷᠦ ᠶᠢᠨ | ᠬᠠᠷᠢᠴᠠᠭ᠎ᠠ ᠶᠢᠨ ᠲᠠᠪᠠᠭᠤᠯᠢᠭ ᠢ ᠨᠡᠩ ᠤᠯᠠᠠ ᠪᠤᠲᠠᠲᠠᠢ ᠶᠢ ᠡᠷᠬᠢᠮᠯᠡᠭᠰᠡᠡ ᠬᠠᠮᠲᠤᠷᠠᠯᠴᠠᠭᠠᠠ ᠤ ᠠᠮᠵᠢᠯᠲᠠ ᠪᠦᠲᠦᠮᠵᠢ | ᠪᠤᠯᠭᠠᠵᠦ᠂ ᠪᠦᠬᠦ ᠲᠠᠯ᠎ᠠ ᠶᠢᠨ ᠪᠠᠶᠢᠯᠲᠤᠬᠤ ᠪᠤᠲᠤᠯᠭ᠎ᠠ ᠶᠢᠨ ᠬᠠᠮᠵᠢᠯᠴᠠᠭᠠᠠ ᠤ ᠬᠠᠨᠢᠲᠠᠠ ᠤ ᠬᠠᠷᠢᠴᠠᠭ᠎ᠠ ᠶᠢᠨ | ᠠᠭᠤᠯᠤᠭᠲᠠᠬᠤᠨ ᠢ ᠲᠠᠰᠤᠷᠠᠯᠲᠠᠦᠭᠡᠢ ᠪᠡᠶᠠᠯᠢᠠᠠᠵᠢᠭᠤᠯᠤᠨᠠ᠃ | ︽ᠳᠤᠮᠳᠠᠳᠤ ᠤᠯᠤᠰ ᠤᠨ ᠡᠳᠤᠷ ᠤᠨ ᠰᠤᠨᠢᠨ︾ ᠤ ᠰᠤᠷᠪᠤᠯᠵᠢᠯᠠᠬᠴᠢ᠄ ︽ᠨᠢᠬᠡ ᠪᠦᠰᠡ ᠨᠢᠬᠡ ᠵᠠᠮ︾ | ᠶᠠᠮᠠᠷᠰᠢᠦ ᠠᠬᠢᠴᠠ ᠲᠠᠢ ᠪᠤᠯᠪᠠ︖ ᠵᠠᠷᠢᠮ ᠬᠦᠮᠦᠨ ᠠᠴᠠ ᠡᠬᠦᠨ ᠢ ᠳᠤᠮᠳᠠᠳᠤ ᠤᠯᠤᠰ ᠤᠨ ᠪᠤᠳᠠᠳᠤ | ᠬᠦᠴᠦᠨ ᠢᠶᠠᠨ ᠭᠠᠳᠠᠬᠰᠢ ᠦᠷᠬᠡᠳᠬᠡᠵᠥ ᠪᠠᠶᠢᠭ᠎ᠠ ᠶᠢᠨ ᠢᠯᠡᠷᠡᠯ ᠬᠡᠵᠥ ᠦᠵᠡᠵᠥ ᠪᠤᠢ᠂ ᠳᠠᠨ ᠤ ᠦᠵᠡᠬᠦ ᠪᠠᠷ ᠶᠠᠮᠠᠷ | ᠪᠤᠢ︖ | ᠸᠠᠩ ᠢ᠄ ︽ᠨᠢᠬᠡ ᠪᠦᠰᠡ ᠨᠢᠬᠡ ᠵᠠᠮ︾ ᠤᠨ ᠰᠠᠨᠠᠭᠠᠴᠢᠯᠠᠭ᠎ᠠ ᠶᠢ ᠳᠤᠷᠠᠳᠴᠤ ᠭᠠᠷᠭᠠᠬᠰᠠᠨ ᠠᠴᠠ ᠨᠠᠰᠢ | ᠨᠢᠬᠡᠨᠳᠡ ᠢᠯᠡᠷᠬᠡᠢ ᠠᠬᠢᠴᠠ ᠲᠠᠢ ᠪᠤᠯᠪᠠ᠃ ᠡᠨᠡ ᠡᠳᠤᠷ ᠳᠠ ᠤᠯᠠᠨ ᠳᠠᠭᠠᠨ ᠬᠤᠶᠠᠷ ᠵᠢᠯ ᠤᠨ ᠳᠤᠷᠰᠢᠬᠢ ᠬᠢᠷᠢ | ᠪᠦᠳᠦᠮᠵᠢ ᠶᠢ ᠮᠡᠳᠡᠭᠳᠡᠶ᠎ᠡ᠃ | ᠨᠢᠬᠡ ᠨᠢ ᠤᠷᠤᠯᠴᠠᠬᠴᠢ ᠬᠠᠨᠢᠳᠠᠨ ᠶᠠᠪᠤᠬᠤ ᠳᠤᠳᠤᠮ ᠤᠯᠠᠰᠢᠷᠠᠪᠠ᠃ ᠤᠳᠤᠬᠠᠨ ᠳᠤ 70 ᠭᠠᠷᠤᠢ ᠤᠯᠤᠰ | ᠪᠤᠯᠤᠨ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠨᠢᠬᠡᠨᠳᠡ ᠬᠠᠮᠳᠤᠷᠠᠯᠴᠠᠭᠠᠨ ᠤ ᠬᠦᠰᠡᠯ ᠵᠤᠷᠢᠯᠳᠠ ᠪᠠᠨ | ᠢᠯᠡᠳᠬᠡᠵᠥ᠂ 30 ᠭᠠᠷᠤᠢ ᠤᠯᠤᠰ ᠠᠴᠠ ︽ᠨᠢᠬᠡ ᠪᠦᠰᠡ ᠨᠢᠬᠡ ᠵᠠᠮ︾ ᠢ ᠬᠠᠮᠳᠤᠪᠡᠷ ᠪᠦᠳᠦᠬᠡᠨ ᠪᠠᠶᠢᠭᠤᠯᠬᠤ | ᠬᠠᠮᠳᠤᠷᠠᠯᠴᠠᠭᠠᠨ ᠤ ᠵᠦᠪᠯᠡᠯᠴᠡᠬᠡᠷ ᠲᠤ ᠭᠠᠷ ᠤᠨᠦᠰᠦᠭ ᠵᠢᠷᠦᠪᠡ᠃ | ᠬᠤᠶᠠᠷ ᠨᠢ ᠮᠦᠩᠬᠦᠨ ᠬᠦᠢᠯᠬᠡᠬᠡᠨ ᠤ ᠳᠤᠯᠭᠠᠭᠤᠷᠢᠯᠠᠯ ᠦᠨᠳᠦᠰᠦᠨ ᠳᠡᠭᠡᠨ ᠪᠦᠷᠢᠯᠳᠦᠪᠡ᠃ ᠳᠤᠮᠳᠠᠳᠤ ᠶᠢᠨ | ᠳᠠᠯ᠎ᠠ ᠠᠴᠠ ᠤᠷᠢᠶᠠᠯᠠᠬᠰᠠᠨ ᠠᠽᠢᠶ᠎ᠠ ᠳᠢᠪ ᠤᠨ ᠰᠠᠭᠤᠷᠢ ᠳᠦᠬᠦᠬᠡᠷᠦᠮᠵᠢ ᠶᠢᠨ ᠪᠡᠯᠡ ᠤᠷᠤᠭᠤᠯᠤᠯᠳᠠ ᠶᠢᠨ ᠪᠠᠩᠬᠢ | ᠨᠢᠬᠡᠨᠳᠡ ᠡᠵᠡᠩᠨᠡᠯᠳᠡ ᠳᠤ ᠤᠷᠤᠵᠥ᠂ ᠳᠤᠷᠭᠠᠨ ᠵᠠᠮ ᠤᠨ ᠰᠠᠭᠤᠷᠢ ᠮᠦᠩᠬᠦᠨ ᠤ ᠠᠩᠬᠠᠳᠠᠬᠴᠢ ᠪᠦᠯᠦᠭ ᠪᠡᠯᠡ | ᠤᠷᠤᠭᠤᠯᠤᠯᠳᠠ ᠶᠢᠨ ᠳᠦᠷᠦᠯ ᠵᠦᠢᠯ ᠢ ᠨᠢᠬᠡᠨᠳᠡ ᠵᠢᠩᠬᠢᠨᠢ ᠪᠠᠷ ᠡᠬᠢᠯᠡᠬᠦᠯᠪᠡ᠃ | ᠭᠤᠷᠪᠠ ᠨᠢ ᠬᠠᠷᠢᠯᠴᠠᠨ ᠬᠤᠯᠪᠤᠯᠳᠤᠨ ᠨᠡᠪᠳᠡᠷᠡᠯᠴᠡᠬᠦ ᠰᠦᠯᠵᠢᠶ᠎ᠠ ᠠᠯᠭᠤᠷ ᠢᠶᠠᠷ ᠪᠦᠷᠢᠯᠳᠦᠪᠡ᠃ ᠳᠤᠮᠳᠠᠳᠤ | ᠫᠠᠺᠢᠰᠲ᠋ᠠᠨ᠂ ᠳᠤᠮᠳᠠᠳᠤ ᠮᠤᠩᠭᠤᠯ ᠤᠷᠤᠰ ᠵᠡᠷᠬᠡ ᠠᠵᠥ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠪᠠᠷ | ᠰᠢᠨᠵᠢ ᠳᠡᠮᠳᠡᠭ ᠪᠤᠯᠭᠠᠵᠥ᠂ ᠰᠠᠭᠤᠷᠢ ᠳᠦᠬᠦᠬᠡᠷᠦᠮᠵᠢ᠂ ᠮᠦᠩᠬᠦᠨ ᠬᠦᠢᠯᠬᠡᠬᠡ᠂ ᠰᠤᠶᠤᠯ ᠢᠷᠬᠡᠨᠰᠢᠯ ᠵᠡᠷᠬᠡ ᠬᠦᠷᠢᠶ᠎ᠡ | ᠴᠠᠷᠠᠭ᠎ᠠ ᠳᠤ ᠨᠢᠬᠡ ᠪᠦᠯᠦᠭ ᠴᠢᠬᠤᠯᠠ ᠪᠤᠯᠬᠤ ᠠᠩᠬᠠᠨ ᠤ ᠦᠷ᠎ᠡ ᠪᠦᠳᠦᠮᠵᠢ ᠶᠢ ᠤᠯᠪᠠ᠃ ᠳᠤᠮᠳᠠᠳᠤ ᠤᠯᠤᠰ | — ᠡᠸᠦ᠋ᠷᠦᠫᠠ ᠳᠢᠪ ᠤᠨ ᠡᠬᠡᠯᠵᠢ ᠶᠢᠨ ᠭᠠᠯᠳᠤ ᠳᠡᠷᠬᠡ ᠠᠽᠢᠶ᠎ᠠ ᠡᠸᠦ᠋ᠷᠦᠫᠠ ᠶᠢ ᠬᠤᠯᠪᠤᠵᠥ᠂ ᠬᠠᠩᠭᠠᠷᠢ — | ᠰᠧᠷᠪᠢᠶ᠎ᠠ ᠳᠡᠮᠤᠷ ᠵᠠᠮ᠂ ᠵᠠᠺᠠᠷᠳᠠ — — ᠪᠠᠨᠳᠦ᠋ᠩ ᠳᠦᠷᠬᠡᠨ ᠤ ᠳᠡᠮᠤᠷ ᠵᠠᠮ ᠪᠠᠷᠢᠯᠭ᠎ᠠ ᠪᠠᠨ ᠡᠬᠢᠯᠡᠭᠦᠯᠵᠥ᠂ | ᠳᠤᠮᠳᠠᠳᠤ ᠤᠯᠤᠰ — ᠯᠠᠤᠰ᠂ ᠳᠤᠮᠳᠠᠳᠤ ᠤᠯᠤᠰ — — ᠲᠠᠢ ᠤᠯᠤᠰ ᠳᠡᠮᠤᠷ ᠵᠠᠮ ᠵᠡᠷᠬᠡ ᠨᠠᠷᠮᠠᠢ | ᠠᠽᠢᠶ᠎ᠠ ᠶᠢᠨ ᠳᠡᠮᠤᠷ ᠵᠠᠮ ᠤᠨ ᠲᠤᠤᠷ ᠤᠨ ᠪᠦᠳᠦᠬᠡᠨ ᠪᠠᠶᠢᠭᠤᠯᠤᠯᠳᠠ ᠴᠢᠬᠤᠯᠠ ᠠᠬᠢᠴᠠ ᠲᠠᠢ ᠪᠤᠯᠪᠠ᠃ | ᠳᠦᠷᠪᠡ ᠨᠢ ᠦᠢᠯᠡᠳᠪᠦᠷᠢᠯᠡᠯ ᠤᠨ ᠬᠦᠴᠦᠨ ᠤ ᠬᠠᠮᠳᠤᠷᠠᠯᠭᠠ ᠶᠢ ᠪᠦᠬᠦ ᠳᠠᠯ᠎ᠠ ᠪᠠᠷ ᠠᠬᠢᠭᠤᠯᠪᠠ᠃ | ᠳᠤᠮᠳᠠᠳᠤ ᠤᠯᠤᠰ 20 ᠭᠠᠷᠤᠢ ᠤᠯᠤᠰ ᠲᠠᠢ ᠦᠢᠯᠡᠳᠪᠦᠷᠢᠯᠡᠯ ᠤᠨ ᠬᠦᠴᠦᠨ ᠤ ᠬᠠᠮᠳᠤᠷᠠᠯᠴᠠᠭ᠎ᠠ ᠦᠷᠨᠢᠬᠦᠯᠵᠥ᠂ | ᠳᠤᠮᠳᠠᠳᠤ ᠤᠯᠤᠰ — — ᠺᠠᠽᠠᠭᠰᠲ᠋ᠠᠨ ᠤ ᠬᠠᠮᠳᠤᠷᠠᠯᠴᠠᠭᠠᠨ ᠤ ᠰᠢᠨ᠎ᠡ ᠬᠡᠪ ᠵᠠᠬᠪᠤᠷ ᠢ ᠡᠬᠦᠳᠴᠤ᠂ ᠨᠢᠬᠡ | ᠶᠡᠭᠡ ᠪᠦᠯᠦᠭ ᠭᠤᠤᠯᠳᠠᠯᠭᠠᠳᠤ ᠳᠦᠷᠦᠯ ᠵᠦᠢᠯ ᠨᠢᠬᠡᠨᠳᠡ ᠡᠯ᠎ᠡ ᠤᠯᠤᠰ ᠳᠦᠦᠨᠳᠦᠰᠦᠯᠡᠵᠥ ᠡᠬᠢᠯᠡᠪᠡ᠃ | ︽ᠨᠢᠬᠡ ᠪᠦᠰᠡ ᠨᠢᠬᠡ ᠵᠠᠮ︾ ᠤᠨ ᠰᠠᠨᠠᠭᠠᠴᠢᠯᠠᠭ᠎ᠠ ᠪᠤᠯ ᠳᠤᠮᠳᠠᠳᠤ ᠤᠯᠤᠰ ᠤᠨ ᠰᠠᠨᠠᠭᠠᠴᠢᠯᠠᠭ᠎ᠠ ᠶᠤᠮ᠂ | ᠬᠡᠳᠡᠯ᠎ᠡ ᠠᠵᠠ ᠳᠤᠬᠢᠶᠠᠯ ᠨᠢ ᠪᠦᠬᠦ ᠳᠡᠯᠡᠬᠡᠢ ᠶᠢᠨ ᠬᠢ ᠶᠤᠮ᠃ ᠡᠨᠡᠬᠦ ᠰᠠᠨᠠᠭᠠᠴᠢᠯᠠᠭ᠎ᠠ ᠶᠢ ᠳᠤᠷᠠᠳᠴᠤ | ᠭᠠᠷᠭᠠᠬᠰᠠᠨ ᠨᠢ ᠠᠽᠢᠶ᠎ᠠ ᠡᠸᠦ᠋ᠷᠦᠫᠠ ᠶᠢᠨ ᠡᠬᠡ ᠬᠠᠭᠤᠷᠠᠢ ᠬᠦᠭᠵᠢᠬᠦ ᠬᠡᠷᠡᠭᠳᠡᠢ᠂ ᠬᠠᠮᠳᠤᠷᠠᠯᠴᠠᠬᠤ ᠬᠡᠷᠡᠭᠳᠡᠢ ᠬᠡᠰᠡᠨ | ᠬᠦᠰᠡᠯ ᠱᠠᠭᠠᠷᠳᠠᠯᠭ᠎ᠠ ᠳᠤ ᠵᠤᠬᠢᠴᠠᠵᠥ᠂ ᠡᠨᠡ ᠨᠢ ᠳᠤᠮᠳᠠᠳᠤ ᠤᠯᠤᠰ ᠤᠨ ᠨᠢᠬᠡᠨ ᠤᠯᠠᠨ ᠤᠯᠤᠰ ᠤᠨ ᠰᠢᠰᠲᠧᠮ ᠳᠤ | ᠤᠷᠤᠯᠴᠠᠬᠴᠢ ᠠᠴᠠ ᠪᠠᠨ ᠤᠯᠠᠨ ᠨᠡᠶᠢᠳᠡ ᠶᠢᠨ ᠪᠦᠳᠦᠬᠡᠭᠳᠡᠬᠦᠨ ᠢ ᠬᠠᠩᠭᠠᠬᠴᠢ ᠳᠡᠰᠢ ᠳᠦᠷᠬᠡᠪᠴᠢᠯᠡᠨ ᠬᠦᠭᠵᠢᠵᠥ | ᠬᠤᠪᠢᠷᠠᠬᠰᠠᠨ ᠤ ᠪᠡᠯᠬᠡ ᠳᠡᠮᠳᠡᠭ ᠪᠤᠯᠪᠠ᠃ ︽ᠨᠢᠬᠡ ᠪᠦᠰᠡ ᠨᠢᠬᠡ ᠵᠠᠮ︾ ᠨᠢ ᠬᠠᠮᠳᠤᠪᠡᠷ ᠵᠦᠪᠳᠡᠯᠴᠡᠬᠦ᠂ | ᠬᠠᠮᠳᠤᠪᠡᠷ ᠪᠦᠳᠦᠬᠡᠨ ᠪᠠᠶᠢᠭᠤᠯᠬᠤ᠂ ᠬᠠᠮᠳᠤᠪᠡᠷ ᠡᠳ᠋ᠯᠡᠬᠦ ᠵᠠᠷᠴᠢᠮ ᠢ ᠪᠠᠷᠢᠮᠳᠠᠯᠠᠵᠥ᠂ ᠵᠢᠷᠤᠮᠯᠠᠵᠥ ᠪᠠᠶᠢᠭ᠎ᠠ ᠨᠢ ︽ | ᠮᠤᠨᠷᠦ᠋ᠸᠧ ᠶᠢᠨ ᠦᠵᠡᠯ︾ ᠪᠢᠰᠢ᠂ ᠨᠡᠩ ᠴᠢᠨᠠᠬᠰᠢᠯᠠᠨ ᠦᠷᠬᠡᠳᠬᠡᠬᠦ ᠦᠵᠡᠯ ᠪᠢᠰᠢ᠂ ᠬᠠᠷᠢᠨ ᠨᠡᠬᠡᠬᠡᠯᠳᠡᠳᠤ ᠦᠵᠡᠯ | ᠮᠦᠨ᠃ ︽ᠨᠢᠬᠡ ᠪᠦᠰᠡ ᠨᠢᠬᠡ ᠵᠠᠮ︾ ᠠᠴᠠ ᠢᠷᠡᠬᠡᠳᠦᠢ ᠶᠢᠨ ᠳᠡᠯᠡᠬᠡᠢ ᠨᠡᠶᠢᠳᠡ ᠳᠤ ᠤᠯᠭᠤᠨ ᠦᠭᠭᠦ ᠨᠢ ᠠᠽᠢᠶ᠎ᠠ | ᠡᠸᠦ᠋ᠷᠦᠫᠠ ᠶᠢᠨ ᠡᠬᠡ ᠬᠠᠭᠤᠷᠠᠢ ᠬᠠᠮᠳᠤᠪᠡᠷ ᠬᠦᠭᠵᠢᠨ ᠴᠡᠴᠡᠭᠯᠡᠭᠰᠡᠨ ᠰᠢᠨ᠎ᠡ ᠳᠡᠥᠬᠡᠨ ᠬᠠᠭᠤᠳᠠᠰᠤ ᠪᠤᠯᠵᠥ | ᠴᠢᠳᠠᠬᠤ ᠨᠢ ᠯᠠᠪᠳᠠᠢ ᠶᠤᠮ᠃ | ᠶᠠᠫᠤᠨ ᠤ ︽ᠡᠳᠦᠷ ᠪᠦᠷᠢ ᠶᠢᠨ ᠰᠤᠨᠢᠨ ᠮᠡᠳᠡᠭᠡ︾ ᠶᠢᠨ ᠰᠤᠷᠪᠤᠯᠵᠢᠯᠠᠬᠴᠢ᠄ ᠳᠠ ᠳᠤᠮᠳᠠᠳᠤ ᠶᠠᠫᠤᠨ ᠤ | ᠬᠠᠷᠢᠯᠴᠠᠭ᠎ᠠ ᠶᠢᠨ ᠤᠳᠤᠬᠢ ᠪᠠᠶᠢᠳᠠᠯ ᠢ ᠬᠡᠷᠬᠢᠨ ᠦᠵᠡᠬᠦ ᠪᠤᠢ︖ ᠳᠤᠮᠳᠠᠳᠤ ᠶᠠᠫᠤᠨ ᠤ ᠬᠠᠷᠢᠯᠴᠠᠭ᠎ᠠ ᠲᠡᠭᠡᠷ᠎ᠠ | ᠴᠤᠬᠤᠮ ᠬᠠᠮᠢᠭ᠎ᠠ ᠨᠢ ᠠᠰᠠᠭᠤᠳᠠᠯ ᠭᠠᠷᠤᠭᠰᠠᠨ ᠪᠤᠢ︖ ᠬᠠᠷᠢᠯᠴᠠᠭ᠎ᠠ ᠪᠠᠨ ᠰᠠᠶᠢᠵᠢᠷᠠᠭᠤᠯᠬᠤ ᠠᠷᠭ᠎ᠠ ᠪᠣᠯᠣᠨ | ᠭᠠᠷᠬᠤ ᠠᠷᠭ᠎ᠠ ᠵᠠᠮ ᠬᠠᠮᠢᠭ᠎ᠠ ᠪᠠᠶᠢᠬᠤ ᠪᠤᠢ︖ | ᠸᠠᠩ ᠢ᠄ ᠶᠠᠫᠤᠨ ᠤ ᠳᠠᠯ᠎ᠡ ᠶᠢᠨ ᠳᠡᠥᠬᠡᠨ ᠠᠰᠠᠭᠤᠳᠠᠯ ᠵᠡᠷᠬᠡ ᠳᠠᠯ᠎ᠠ ᠳᠠᠬᠢ ᠪᠤᠷᠤᠭᠤ ᠠᠵᠢᠯᠯᠠᠭ᠎ᠠ ᠠᠴᠠ | ᠪᠤᠯᠵᠥ ᠡᠳᠡᠬᠡᠷ ᠵᠢᠯ ᠤᠨ ᠳᠤᠮᠳᠠᠳᠤ ᠶᠠᠫᠤᠨ ᠤ ᠬᠠᠷᠢᠯᠴᠠᠭ᠎ᠠ ᠶᠡᠬᠡᠪᠡᠷ ᠮᠠᠭᠤᠵᠢᠷᠠᠵᠠᠢ᠃ ᠬᠡᠳᠦ᠋ᠢᠪᠡᠷ ᠬᠤᠶᠠᠷ | ᠳᠠᠯ᠎ᠠ ᠶᠢᠨ ᠡᠷᠳᠡᠮᠳᠡᠨ ᠤ ᠬᠠᠮᠳᠤ ᠶᠢᠨ ᠴᠢᠷᠮᠠᠶᠢᠯᠭ᠎ᠠ ᠳᠤᠤᠷ᠎ᠠ ᠬᠤᠶᠠᠷ ᠤᠯᠤᠰ ᠤᠨ ᠬᠠᠷᠢᠯᠴᠠᠭ᠎ᠠ ᠰᠠᠶᠢᠵᠢᠷᠠᠬᠤ | ᠬᠠᠨᠳᠤᠰᠢ ᠲᠠᠢ ᠪᠤᠯᠤᠬᠰᠠᠨ ᠪᠤᠯᠪᠠᠴᠤ ᠢᠷᠡᠬᠡᠳᠦᠢ ᠶᠢᠨ ᠳᠦᠯᠦᠪ ᠨᠢ ᠬᠠᠨᠤᠮᠵᠢᠳᠠᠢ ᠪᠢᠰᠢ᠃ ᠤᠴᠢᠷ ᠨᠢ ᠶᠠᠫᠤᠨ ᠤ | ᠵᠠᠰᠠᠬ ᠤᠨ ᠤᠷᠳᠤᠨ ᠪᠤᠯᠤᠨ ᠤᠳᠤᠷᠢᠳᠬᠤ ᠬᠦᠮᠦᠨ ᠨᠢᠬᠡ ᠳᠠᠯ᠎ᠠ ᠪᠠᠷ ᠳᠤᠮᠳᠠᠳᠤ ᠶᠠᠫᠤᠨ ᠤ ᠬᠠᠷᠢᠯᠴᠠᠭ᠎ᠠ ᠶᠢ | ᠰᠠᠶᠢᠵᠢᠷᠠᠭᠤᠯᠬᠤ ᠳᠤᠷᠠᠳᠠᠢ ᠬᠡᠵᠥ ᠶᠠᠷᠢᠬᠰᠠᠭᠠᠷ ᠪᠠᠶᠢᠭ᠎ᠠ ᠪᠤᠯᠪᠠᠴᠤ ᠨᠦᠬᠦᠬᠡ ᠳᠠᠯ᠎ᠠ ᠪᠠᠷ ᠪᠠᠰᠠ ᠵᠤᠷᠢᠭᠤᠳᠠ ᠪᠠᠷ | ᠳᠤᠮᠳᠠᠳᠤ ᠤᠯᠤᠰ ᠲᠤ ᠶᠠᠷᠰᠢᠬ ᠳᠦᠪᠡᠭ ᠤᠴᠠᠷᠠᠭᠤᠯᠤᠬᠰᠠᠭᠠᠷ᠃ ᠡᠨᠡ ᠨᠢ ᠶᠤᠰᠤᠳᠠᠢ ᠬᠤᠤᠰ ᠨᠢᠭᠤᠷᠳᠠᠨ ᠤ | ᠬᠢᠳᠠᠯ ᠪᠤᠯᠬᠤ ᠶᠤᠮ᠃ | ᠳᠤᠮᠳᠠᠳᠤ ᠶᠠᠫᠤᠨ ᠬᠤᠶᠠᠷ ᠤᠯᠤᠰ ᠬᠠᠷᠢᠯᠴᠠᠨ ᠬᠦᠷᠰᠢ ᠵᠡᠷᠬᠡᠯᠡᠳᠡᠭᠡ ᠤᠷᠤᠰᠢᠵᠦ᠂ ᠬᠤᠶᠠᠷ ᠤᠯᠤᠰ ᠤᠨ | ᠠᠷᠠᠳ ᠳᠦᠮᠡᠨ ᠴᠤ ᠨᠦᠬᠦᠷᠰᠡᠭ ᠤᠯᠠᠮᠵᠢᠯᠠᠯ ᠲᠠᠢ ᠪᠠᠶᠢᠳᠠᠭ᠃ ᠪᠢᠳᠠ ᠳᠤᠮᠳᠠᠳᠤ ᠶᠠᠫᠤᠨ ᠤ ᠬᠠᠷᠢᠯᠴᠠᠭ᠎ᠠ ᠦᠨᠡᠨᠬᠦ | ᠰᠠᠶᠢᠵᠢᠷᠠᠬᠤ ᠶᠢ ᠬᠦᠰᠡᠬᠦ ᠨᠢ ᠳᠠᠮᠵᠢᠭ ᠦᠬᠡᠢ᠃ ᠬᠡᠳᠡᠯ᠎ᠡ ᠡᠩ ᠤᠨ ᠦᠬᠡᠨ ᠳᠤ᠂ ᠡᠪᠡᠳᠴᠢᠨ ᠢ ᠵᠠᠰᠠᠬᠤ ᠳᠤ | ᠦᠨᠳᠤᠰᠤ ᠶᠢ ᠨᠢ ᠳᠠᠰᠤᠯᠬᠤ ᠬᠡᠷᠡᠭᠳᠡᠢ ᠬᠡᠳᠡᠭ᠃ ᠳᠤᠮᠳᠠᠳᠤ ᠶᠠᠫᠤᠨ ᠤ ᠬᠠᠷᠢᠯᠴᠠᠭ᠎ᠠ ᠶᠢᠨ ᠳᠤᠬᠠᠢ ᠶᠠᠷᠢᠬᠤ ᠳᠤ᠂ | ᠡᠪᠡᠳᠴᠢᠨ ᠤ ᠦᠨᠳᠦᠰᠦ ᠨᠢ ᠳᠠᠷᠤᠢ ᠶᠠᠫᠤᠨ ᠤ ᠵᠠᠰᠠᠬ ᠪᠠᠷᠢᠬᠴᠢ ᠶᠢᠨ ᠳᠤᠮᠳᠠᠳᠤ ᠶᠢᠨ ᠳᠤᠬᠠᠢ ᠳᠠᠨᠢᠯᠳᠠ ᠳᠤ | ᠠᠰᠠᠭᠤᠳᠠᠯ ᠭᠠᠷᠤᠬᠰᠠᠨ ᠶᠠᠪᠤᠳᠠᠯ ᠪᠤᠯᠤᠨ᠎ᠡ᠃ ᠳᠤᠮᠳᠠᠳᠤ ᠤᠯᠤᠰ ᠤᠨ ᠬᠦᠭᠵᠢᠯᠳᠡ ᠳᠤ ᠬᠠᠨᠳᠤᠬᠤ ᠳᠠᠭᠠᠨ | ᠴᠤᠬᠤᠮ ᠳᠤᠮᠳᠠᠳᠤ ᠤᠯᠤᠰ ᠢ ᠨᠦᠬᠦᠷ ᠢᠶᠠᠨ ᠪᠤᠯᠭᠠᠨ᠎ᠠ ᠤᠤ ᠳᠠᠶᠢᠰᠤᠨ ᠢᠶᠠᠨ ᠪᠤᠯᠭᠠᠨ᠎ᠠ ᠤᠤ᠂ ᠬᠠᠨᠢᠳᠠᠨ ᠢᠶᠠᠨ | ᠪᠤᠯᠭᠠᠨ᠎ᠠ ᠤᠤ ᠦᠷᠢᠰᠦᠯᠳᠦᠭᠴᠢ ᠪᠠᠨ ᠪᠤᠯᠭᠠᠨ᠎ᠠ ᠤᠤ︖ ᠶᠠᠫᠤᠨ ᠤ ᠳᠠᠯ᠎ᠠ ᠠᠴᠠ ᠡᠨᠡ ᠠᠰᠠᠭᠤᠳᠠᠯ ᠢ ᠰᠠᠶᠢᠳᠤᠷ | ᠰᠡᠳᠬᠢᠵᠥ᠂ ᠨᠡᠪᠲᠡᠷᠡᠬᠡᠢ ᠰᠡᠳᠬᠢᠪᠡᠯ ᠵᠤᠬᠢᠨ᠎ᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ᠄ ᠦᠩᠬᠡᠷᠡᠭᠰᠡᠨ ᠨᠢᠬᠡ ᠵᠢᠯ ᠳᠤ ᠡᠸᠦ᠋ᠷᠦᠫᠠ ᠳᠢᠪ ᠤᠨ ᠤᠯᠤᠰ | ᠤᠳ ᠪᠤᠯᠤᠨ ᠳᠤᠮᠳᠠᠳᠤ ᠤᠯᠤᠰ ᠤᠯᠠᠮ ᠢᠶᠠᠷ ᠦᠢᠷᠠᠳᠤᠯᠴᠠᠵᠠᠢ᠂ ᠡᠶᠢᠮᠤᠷᠬᠦ ᠬᠤᠪᠢᠷᠠᠯᠲᠠ ᠶᠢ ᠬᠡᠷᠬᠢᠨ ᠦᠵᠡᠬᠦ ᠪᠤᠢ | ︖ | ᠸᠠᠩ ᠢ᠄ ᠡᠸᠦ᠋ᠷᠦᠫᠠ ᠳᠢᠪ ᠤᠨ ᠤᠯᠤᠰ ᠤᠳ ᠯᠤᠭ᠎ᠠ ᠶᠢᠨ ᠭᠠᠳᠠᠭᠠᠳᠤ ᠬᠠᠷᠢᠯᠴᠠᠭ᠎ᠠ ᠨᠢ ᠨᠢᠳᠦᠨᠤᠨ ᠤ | ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠨᠢᠬᠡ ᠬᠢᠯᠠᠰ ᠴᠡᠭ ᠪᠤᠯᠬᠤ ᠶᠤᠮ᠃ ᠤᠨᠴᠠᠭᠠᠢᠢᠯᠠᠨ | ᠳᠡᠷᠢᠬᠦᠯᠡᠭᠴᠢ ᠰᠢ ᠶᠢᠨ ᠫᠢᠩ ᠠᠩᠭ᠍ᠯᠢ ᠳᠤ ︽ᠬᠡᠳᠤ ᠤᠯᠤᠰ ᠤᠨ ᠶᠠᠪᠤᠳᠠᠯ ᠤᠨ ᠠᠶᠢᠯᠴᠢᠯᠠᠯᠳᠠ︾ ᠬᠢᠭᠰᠡᠨ ᠨᠢ | ᠳᠤᠮᠳᠠᠳᠤ ᠡᠸᠦ᠋ᠷᠦᠫᠠ ᠶᠢᠨ ᠬᠠᠮᠳᠤᠷᠠᠯᠴᠠᠭᠠᠨ ᠤ ᠰᠢᠨ᠎ᠡ ᠦᠷᠨᠢᠯᠳᠡ ᠶᠢ ᠪᠤᠢ ᠪᠤᠯᠭᠠᠪᠠ᠃ ᠮᠠᠨ ᠤ ᠤᠯᠤᠰ ᠤᠨ | ᠡᠸᠦ᠋ᠷᠦᠫᠠ ᠳᠢᠪ ᠤᠨ ᠡᠯ᠎ᠡ ᠤᠯᠤᠰ ᠯᠤᠭ᠎ᠠ ᠶᠢᠨ ᠬᠠᠷᠢᠯᠴᠠᠭ᠎ᠠ ᠨᠢ ᠬᠠᠷᠢᠯᠴᠠᠨ ᠦᠷᠢᠰᠦᠯᠳᠦᠨ ᠬᠦᠭᠵᠢᠬᠦ᠂ | ᠬᠠᠷᠢᠯᠴᠠᠨ ᠠᠬᠢᠭᠤᠯᠬᠤ ᠰᠢᠨ᠎ᠡ ᠪᠠᠶᠢᠳᠠᠯ ᠢ ᠢᠯᠡᠷᠡᠬᠦᠯᠪᠡ᠃ | ᠳᠤᠮᠳᠠᠳᠤ ᠡᠸᠦ᠋ᠷᠦᠫᠠ ᠶᠢᠨ ᠬᠠᠷᠢᠯᠴᠠᠭ᠎ᠠ ᠶᠢᠨ ᠢᠳᠡᠪᠬᠢᠳᠡᠢ ᠬᠤᠪᠢᠷᠠᠯᠳᠠ ᠤᠬᠤᠷᠬᠠᠨ ᠬᠤᠭᠤᠴᠠᠭᠠᠨ ᠤ | ᠶᠠᠪᠤᠴᠠ ᠪᠢᠰᠢ ᠬᠠᠷᠢᠨ ᠠᠯᠤᠰ ᠬᠡᠳᠤ ᠶᠢᠨ ᠪᠦᠬᠡᠳ ᠠᠶᠠᠨᠳᠠᠭᠠᠨ ᠤ ᠰᠤᠩᠭᠤᠯᠳᠠ ᠮᠦᠨ᠃ ᠳᠤᠮᠳᠠᠳᠤ | ᠤᠯᠤᠰ ᠠᠴᠠ ᠡᠸᠦ᠋ᠷᠦᠫᠠ ᠳᠢᠪ ᠢ ᠶᠡᠷᠦ ᠨᠢ ᠤᠯᠠᠨ ᠡᠰᠢᠴᠢᠯᠠᠯᠳᠠ ᠶᠢᠨ ᠶᠠᠪᠤᠴᠠ ᠳᠠᠬᠢ ᠴᠢᠬᠤᠯᠠ ᠳᠠᠯ᠎ᠠ ᠪᠤᠯᠭᠠᠵᠥ᠂ | ᠡᠸᠦ᠋ᠷᠦᠫᠠ ᠳᠢᠪ ᠠᠴᠠ ᠳᠤᠮᠳᠠᠳᠤ ᠤᠯᠤᠰ ᠤᠨ ᠬᠦᠭᠵᠢᠯᠳᠡ ᠰᠡᠷᠬᠦᠯᠳᠡ ᠳᠤ ᠨᠢᠬᠡᠨᠳᠡ ᠨᠡᠩ ᠪᠤᠰᠤᠳᠴᠢ | ᠨᠠᠶᠢᠷᠰᠠᠭ ᠢᠶᠠᠷ ᠬᠠᠨᠳᠤᠬᠤ ᠪᠤᠯᠪᠠ᠃ ᠨᠢᠬᠡ ᠬᠡᠰᠡᠭ ᠬᠤᠭᠤᠴᠠᠭᠠᠨ ᠳᠤ᠂ ᠳᠤᠮᠳᠠᠳᠤ ᠡᠸᠦ᠋ᠷᠦᠫᠠ ᠬᠤᠭᠤᠷᠤᠨᠳᠤ ᠪᠠᠨ | ᠵᠢᠵᠢᠭ ᠰᠠᠵᠢᠭ ᠮᠦᠷᠬᠦᠯᠳᠦᠬᠡᠨ ᠳᠠᠰᠤᠷᠠᠰᠢ ᠦᠬᠡᠢ ᠪᠠᠶᠢᠪᠠ᠂ ᠰᠡᠬᠦᠯᠡᠷ ᠨᠢ ᠡᠸᠦ᠋ᠷᠦᠫᠠ ᠳᠢᠪ ᠠᠴᠠ ᠳᠤᠮᠳᠠᠳᠤ | ᠡᠸᠦ᠋ᠷᠦᠫᠠ ᠶᠢᠨ ᠬᠤᠭᠤᠷᠤᠨᠳᠤ ᠪᠠᠶᠢᠯᠳᠤᠬᠤ ᠪᠤᠳᠤᠯᠭ᠎ᠠ ᠶᠢᠨ ᠡᠰᠡᠷᠬᠦᠴᠡᠯᠳᠦᠯ ᠡᠬᠦᠰᠬᠦ ᠪᠤᠯᠤᠮᠵᠢ ᠦᠬᠡᠢ ᠪᠦᠬᠡᠳ | ᠠᠰᠢᠬ ᠬᠤᠤᠷ ᠤᠨ ᠮᠦᠷᠬᠦᠯᠳᠦᠬᠡᠨ ᠦᠬᠡᠢ᠂ ᠡᠰᠡᠷᠬᠦ ᠪᠠᠷ ᠬᠠᠮᠳᠤᠷᠠᠯᠴᠠᠬᠤ ᠱᠠᠭᠠᠷᠳᠠᠯᠭ᠎ᠠ ᠶᠠᠪᠤᠬᠤ ᠳᠤᠳᠤᠮ | ᠶᠡᠬᠡᠰᠴᠤ᠂ ᠬᠠᠮᠳᠤ ᠶᠢᠨ ᠠᠰᠢᠬ ᠳᠤᠰᠠ ᠶᠠᠪᠤᠬᠤ ᠳᠤᠳᠤᠮ ᠠᠷᠪᠢᠳᠤᠬᠰᠠᠨ ᠢ ᠤᠯᠵᠥ ᠮᠡᠳᠡᠪᠡ᠃ ᠶᠠᠷᠢᠶᠠᠨ ᠦᠬᠡᠢ | ᠬᠡᠷᠡᠭ ᠪᠤᠳᠠᠰ ᠪᠤᠯ ᠬᠦᠭᠵᠢᠵᠥ ᠬᠤᠪᠢᠷᠠᠵᠥ ᠪᠠᠶᠢᠳᠠᠬ᠂ ᠳᠤᠮᠳᠠᠳᠤ ᠡᠸᠦ᠋ᠷᠦᠫᠠ ᠶᠢᠨ ᠬᠤᠭᠤᠷᠤᠨᠳᠤ ᠡᠶᠢᠮᠤ ᠳᠡᠶᠢᠮᠤ | ᠠᠰᠠᠭᠤᠳᠠᠯ ᠡᠬᠦᠰᠬᠦ ᠨᠢ ᠳᠠᠮᠵᠢᠭ ᠦᠬᠡᠢ᠂ ᠬᠡᠳᠡᠯ᠎ᠡ ᠬᠤᠭᠤᠷᠤᠨᠳᠤ ᠪᠠᠨ ᠶᠠᠪᠤᠬᠤ ᠳᠤᠳᠤᠮ ᠦᠢᠷᠠᠳᠤᠯᠴᠠᠵᠥ᠂ | ᠬᠠᠷᠢᠯᠴᠠᠭ᠎ᠠ ᠨᠢ ᠶᠠᠪᠤᠬᠤ ᠳᠤᠳᠤᠮ ᠳᠤᠬᠳᠠᠭᠤᠨ ᠪᠤᠯᠬᠤ ᠨᠢ ᠯᠠᠪᠳᠠᠢ᠃ | ᠳᠠᠷᠠᠭᠠᠴᠢ ᠶᠢᠨ ᠠᠯᠬᠤᠮ ᠳᠤ᠂ ᠪᠢᠳᠠ ᠳᠤᠷᠠᠳᠠᠶ᠎ᠠ ᠡᠸᠦ᠋ᠷᠦᠫᠠ ᠳᠢᠪ ᠯᠤᠭ᠎ᠠ ᠡᠩᠬᠡ ᠳᠠᠶᠢᠪᠤᠩ᠂ ᠨᠡᠮᠡᠭᠳᠡᠯ᠂ | ᠦᠬᠡᠷᠡᠴᠢᠯᠡᠯᠳᠡ᠂ ᠪᠤᠯᠪᠠᠰᠤᠨ ᠵᠡᠷᠬᠡ ᠶᠢᠨ ᠳᠦᠷᠪᠡᠨ ᠳᠤᠮᠤ ᠬᠠᠨᠢᠳᠠᠨ ᠤ ᠬᠠᠷᠢᠯᠴᠠᠭ᠎ᠠ ᠶᠢᠨ ᠪᠠᠶᠢᠭᠤᠯᠤᠯᠳᠠ ᠶᠢ | ᠦᠨᠡᠨᠬᠦ ᠳᠦᠯᠬᠢᠨ ᠠᠬᠢᠭᠤᠯᠤᠨ᠎ᠡ᠃ ᠡᠨᠡ ᠨᠢ ᠤᠷᠲᠤ ᠬᠤᠭᠤᠴᠠᠭᠠᠨ ᠤ ᠢᠨᠵᠧᠨᠧᠷᠢᠩ ᠮᠦᠨ᠂ ᠮᠦᠨ ᠴᠤ | ᠳᠤᠮᠳᠠᠳᠤ ᠡᠸᠦ᠋ᠷᠦᠫᠠ ᠬᠤᠤᠰ ᠳᠠᠯ᠎ᠠ ᠠᠴᠠ ᠬᠦᠮᠦᠨ ᠳᠦᠷᠦᠯᠬᠢᠳᠠᠨ ᠤ ᠬᠦᠭᠵᠢᠯᠳᠡ ᠳ᠋ᠤᠦᠵᠡᠬᠦᠯᠪᠡᠰᠤ ᠵᠤᠬᠢᠰᠳᠠᠢ | ᠬᠤᠪᠢ ᠨᠡᠮᠡᠷᠢ ᠪᠤᠯᠤᠨ᠎ᠡ᠃ | ᠽᠠᠮᠪᠢᠶ᠎ᠠ ᠶᠢᠨ ︽ᠡᠳᠦᠷ ᠪᠦᠷᠢ ᠶᠢᠨ ᠰᠢᠤᠳᠠᠨ ᠰᠤᠨᠢᠨ︾ ᠤ ᠰᠤᠷᠪᠤᠯᠵᠢᠯᠠᠬᠴᠢ᠄ ᠤᠳᠤᠬᠠᠨ ᠤ | ᠳᠡᠯᠡᠬᠡᠢ ᠶᠢᠨ ᠠᠵᠥ ᠠᠬᠤᠢ ᠶᠢᠨ ᠪᠠᠶᠢᠳᠠᠯ ᠨᠠᠵᠠᠭᠠᠢ ᠪᠠᠶᠢᠵᠥ᠂ ᠳᠤᠮᠳᠠᠳᠤ ᠤᠯᠤᠰ ᠤᠨ ᠠᠵᠥ ᠠᠬᠤᠢ ᠶᠢᠨ ᠨᠡᠮᠡᠭᠳᠡᠯ | ᠤᠳᠠᠭᠠᠰᠢᠷᠠᠬᠤ ᠪᠤᠯᠤᠨ ᠬᠡᠷᠡᠭᠯᠡᠭᠡ ᠶᠡᠬᠡᠳᠡᠢ ᠳᠠᠸᠠᠷ ᠤᠨ ᠱᠠᠭᠠᠷᠳᠠᠯᠭ᠎ᠠ ᠪᠠᠭᠤᠷᠠᠪᠠ᠂ ᠳᠤᠮᠳᠠᠳᠤ ᠠᠹᠷᠢᠺᠠ ᠶᠢᠨ ᠠᠵᠥ | ᠠᠬᠤᠢ ᠶᠢᠨ ᠠᠷᠠᠯᠵᠢᠶᠠᠨ ᠤ ᠬᠠᠮᠳᠤᠷᠠᠯᠴᠠᠭ᠎ᠠ ᠪᠤᠯᠤᠨ ᠳᠤᠮᠳᠠᠳᠤ ᠤᠯᠤᠰ ᠠᠴᠠ ᠠᠹᠷᠢᠺᠠ ᠶᠢ ᠳᠤᠰᠠᠯᠠᠬᠤ ᠨᠢ | ᠪᠦᠳᠦᠮᠵᠢᠳᠡᠢ ᠨᠠᠶᠢᠳᠠᠪᠦᠷᠢᠵᠢᠭᠤᠯᠤᠯᠳᠠ ᠪᠠᠨ ᠤᠯᠵᠥ ᠴᠢᠳᠠᠨ᠎ᠠ ᠤᠤ︖ | ᠸᠠᠩ ᠢ᠄ ᠡᠨᠡ ᠵᠢᠯ ᠪᠤᠯ ᠳᠤᠮᠳᠠᠳᠤ ᠠᠹᠷᠢᠺᠠ ᠬᠠᠷᠢᠯᠴᠠᠭ᠎ᠠ ᠪᠠᠶᠢᠭᠤᠯᠤᠬᠰᠠᠨ 60 ᠵᠢᠯ ᠤᠨ ᠤᠢ᠃ | ᠳᠡᠯᠡᠬᠡᠢ ᠳ᠋ᠠᠬᠢᠨ ᠬᠤᠪᠢᠷᠠᠯ᠎ᠠ᠂ ᠳᠤᠮᠳᠠᠳᠤ ᠤᠯᠤᠰ ᠪᠤᠯᠤᠨ ᠠᠹᠷᠢᠺᠠ ᠳᠢᠪ ᠴᠤ ᠬᠤᠪᠢᠷᠠᠵᠥ ᠪᠤᠢ᠂ ᠬᠡᠳᠡᠯ᠎ᠡ | ᠳᠤᠮᠳᠠᠳᠤ ᠠᠹᠷᠢᠺᠠ ᠶᠢᠨ ᠬᠤᠭᠤᠷᠤᠨᠳᠤᠬᠢ ᠬᠠᠷᠢᠯᠴᠠᠨ ᠢᠳᠡᠬᠡᠯᠴᠡᠬᠦ᠂ ᠬᠠᠷᠢᠯᠴᠠᠨ ᠳᠡᠮᠵᠢᠯᠴᠡᠬᠦ ᠬᠦᠨ ᠵᠤᠵᠠᠭᠠᠨ | ᠨᠦᠬᠦᠷᠯᠡᠯ ᠬᠤᠪᠢᠷᠠᠭ᠎ᠠ ᠦᠬᠡᠢ᠃ | ᠨᠢᠳᠤᠨᠤᠨ ᠵᠢᠯ ᠤᠨ ᠰᠡᠬᠦᠯᠴᠢ ᠪᠠᠷ᠂ ᠳᠡᠷᠢᠬᠦᠯᠡᠭᠴᠢ ᠰᠢ ᠶᠢᠨ ᠫᠢᠩ ᠠᠹᠷᠢᠺᠠ ᠳᠢᠪ ᠯᠤᠭ᠎ᠠ ᠶᠢᠨ ᠠᠷᠪᠠᠨ | ᠶᠡᠭᠡ ᠬᠠᠮᠳᠤᠷᠤᠯᠴᠠᠭᠠᠨ ᠤ ᠳᠦᠯᠦᠪᠯᠡᠭᠡ ᠶᠢ ᠬᠡᠷᠡᠭᠵᠢᠬᠦᠯᠬᠦ ᠶᠢ ᠵᠠᠷᠯᠠᠪᠠ᠃ ᠡᠨᠡᠬᠦ ᠳᠦᠯᠦᠪᠯᠡᠭᠡ ᠶᠢᠨ ᠬᠠᠮᠤᠭ ᠶᠡᠭᠡ | ᠤᠨᠴᠠᠯᠢᠭ ᠪᠤᠯ ᠳᠠᠷᠤᠢ ᠡᠳᠦᠬᠡ ᠪᠤᠯᠳᠠᠯ᠎ᠠ ᠭᠤᠤᠯᠳᠠᠭᠤ ᠡᠬᠢ ᠪᠠᠶᠠᠯᠢᠭ ᠤᠨ ᠳᠦᠷᠦᠯ ᠤᠨ ᠪᠦᠳᠦᠬᠡᠭᠳᠡᠬᠦᠨ ᠳᠤ | ᠳᠦᠰᠢᠭᠯᠡᠬᠦ ᠠᠷᠠᠯᠵᠢᠶ᠎ᠠ ᠰᠤᠯᠢᠯᠴᠠᠭᠠᠨ ᠤ ᠬᠡᠪ ᠵᠠᠬᠪᠤᠷ ᠢ ᠪᠡᠯᠡ ᠤᠷᠤᠭᠤᠯᠤᠯᠳᠠ ᠪᠤᠯᠤᠨ ᠠᠵᠥ ᠦᠢᠯᠡᠰ ᠤᠨ | ᠬᠠᠮᠳᠤᠷᠠᠯᠴᠠᠭ᠎ᠠ ᠶᠢ ᠨᠡᠩ ᠤᠯᠠᠨ ᠦᠷᠨᠢᠬᠦᠯᠬᠦ ᠳᠡᠰᠢ ᠬᠤᠪᠢᠷᠠᠭᠤᠯᠵᠥ᠂ ᠨᠡᠩ ᠤᠯᠠᠨ ᠳᠤᠮᠳᠠᠳᠤ ᠤᠯᠤᠰ ᠤᠨ ᠠᠵᠥ | ᠠᠬᠤᠢᠢᠯᠠᠯ ᠤᠨ ᠠᠹᠷᠢᠺᠠ ᠳᠢᠪ ᠲᠤ ᠤᠷᠤᠵᠥ ᠤᠴᠢᠬᠤ ᠶᠢ ᠵᠤᠷᠢᠬᠵᠢᠭᠤᠯᠬᠤ ᠪᠠᠷ ᠳᠠᠮᠵᠢᠨ ᠠᠹᠷᠢᠺᠠ ᠳᠢᠪ ᠢ | ᠬᠠᠮᠵᠢᠨ ᠠᠵᠥ ᠦᠢᠯᠡᠳᠪᠦᠷᠢᠵᠢᠯᠳᠡ ᠶᠢᠨ ᠠᠬᠢᠴᠠ ᠶᠢ ᠳᠦᠷᠬᠡᠳᠬᠡᠵᠥ᠂ ᠡᠵᠡᠨ ᠮᠡᠳᠡᠵᠥ ᠬᠦᠭᠵᠢᠬᠦ | ᠴᠢᠳᠠᠪᠤᠷᠢ ᠶᠢ ᠨᠢ ᠨᠡᠮᠡᠭᠳᠡᠬᠦᠯᠵᠥ ᠦᠭᠪᠡ᠃ ᠡᠶᠢᠨᠬᠦ᠂ ᠡᠨᠡᠬᠦ ᠳᠦᠯᠦᠪᠯᠡᠭᠡ ᠨᠢ ᠶᠠᠬ ᠴᠠᠭ ᠲᠠᠭᠠᠨ ᠳᠤᠬᠢᠷᠠᠯᠴᠠᠵᠥ᠂ | ᠤᠳᠤᠬᠠᠨ ᠤ ᠳᠡᠯᠡᠬᠡᠢ ᠶᠢᠨ ᠠᠵᠥ ᠠᠬᠤᠢ ᠶᠢᠨ ᠪᠠᠶᠢᠳᠠᠯ ᠠᠴᠠ ᠠᠹᠷᠢᠺᠠ ᠳᠢᠪ ᠲᠤ ᠳᠤᠯᠭᠠᠭᠤᠷᠢᠯᠠᠬᠰᠠᠨ ᠰᠢᠨ᠎ᠡ | ᠦᠷᠢᠰᠦᠯᠳᠦᠬᠡᠨ ᠢ ᠪᠦᠳᠦᠮᠵᠢᠳᠡᠢ ᠠᠷᠭᠠᠴᠠᠵᠥ ᠴᠢᠳᠠᠬᠤ ᠪᠤᠯᠪᠠ᠃ ᠳᠤᠮᠳᠠᠳᠤ ᠤᠯᠤᠰ ᠶᠡᠷᠦ ᠨᠢ ᠬᠡᠯᠡᠭᠰᠡᠨ ᠳᠡᠭᠡᠨ | ᠰᠠᠭᠤᠵᠥ ᠵᠤᠷᠢᠬᠰᠠᠨ ᠳᠠᠭᠠᠨ ᠬᠦᠷᠳᠡᠭ᠃ ᠳᠦᠷᠦᠬᠦᠴᠦᠳ ᠤᠨ ᠬᠤᠷᠠᠯ ᠬᠤᠷᠠᠯᠳᠤᠭᠠᠳ 3 ᠰᠠᠷ᠎ᠠ ᠯᠡ ᠦᠩᠬᠡᠷᠡᠵᠥ | ᠪᠠᠶᠢᠬᠤ ᠳᠤ ᠪᠢᠳᠡ ᠨᠢᠬᠡᠨᠳᠡ ᠠᠹᠷᠢᠺᠠ ᠳᠢᠪ ᠤᠨ 20 ᠭᠠᠷᠤᠢ ᠤᠯᠤᠰ ᠲᠠᠢ ᠵᠤᠯᠭᠠᠯᠴᠠᠵᠥ᠂ ᠳᠦᠷᠦᠬᠦᠴᠦᠳ ᠤᠨ | ᠬᠤᠷᠠᠯ ᠤᠨ ᠦᠷ᠎ᠡ ᠪᠦᠳᠦᠮᠵᠢ ᠶᠢ ᠢᠳᠡᠪᠬᠢᠳᠠᠢ ᠨᠠᠶᠢᠳᠠᠪᠤᠷᠢᠵᠢᠭᠤᠯᠵᠥ᠂ ᠨᠢᠬᠡ ᠪᠦᠯᠦᠭ ᠠᠩᠬᠠᠨ ᠤ ᠠᠰᠢᠬ ᠡᠬᠦᠳᠬᠦ | ᠳᠦᠷᠦᠯ ᠵᠦᠢᠯ ᠤᠳᠠᠯ ᠦᠬᠡᠢ ᠡᠬᠢᠯᠡᠬᠦ ᠪᠠᠷ ᠪᠤᠯᠵᠥ᠂ ᠳᠤᠮᠳᠠᠳᠤ ᠠᠹᠷᠢᠺᠠ ᠶᠢᠨ ᠦᠢᠯᠡᠳᠪᠦᠷᠢᠯᠡᠯ ᠤᠨ ᠬᠦᠴᠦᠨ ᠤ | ᠬᠠᠮᠳᠤᠷᠠᠯᠴᠠᠭᠠᠨ ᠤ ᠰᠠᠭᠤᠷᠢ ᠮᠦᠩᠬᠦ ᠴᠤ ᠡᠵᠡᠩᠨᠡᠯᠳᠡ ᠳᠤ ᠤᠷᠤᠪᠠ᠃ | ︽ᠭᠠᠳᠠᠭᠠᠳᠤ ᠬᠠᠷᠢᠯᠴᠠᠭᠠᠨ ᠤ ᠰᠢᠶᠤᠤ ᠯᠢᠩ ᠲᠦᠩ︾ ᠤᠨ ᠰᠦᠯᠵᠢᠶᠡᠨ ᠠᠨᠳᠠ᠄ ᠲᠤᠮᠳᠠᠳᠤ ᠤᠯᠤᠰ ᠤᠨ | ᠭᠠᠳᠠᠭᠠᠳᠤ ᠬᠠᠷᠢᠯᠴᠠᠭᠠᠨ ᠤ ᠠᠵᠢᠯ ᠲᠤᠩ ᠶᠠᠭᠠᠷᠠᠤ ᠪᠠᠶᠢᠨ᠎ᠠ᠂ ᠴᠤᠬᠤᠮ ᠶᠠᠭᠤᠨ ᠳ᠋ᠤ᠋ᠶᠠᠭᠠᠷᠠᠵᠤ ᠪᠠᠶᠢᠬᠤ ᠪᠤᠢ︖ | ᠮᠠᠨ ᠤ ᠡᠭᠡᠯ ᠠᠷᠠᠳ ᠤᠨ ᠠᠮᠢᠳᠤᠷᠠᠯ ᠳᠤ ᠶᠠᠮᠠᠷ ᠬᠠᠷᠢᠴᠠᠭ᠎ᠠ ᠲᠠᠢ ᠪᠤᠢ︖ | ᠸᠠᠩ ᠢ᠄ ᠰᠦᠯᠵᠢᠶᠡᠨ ᠠᠨᠳᠠ ᠶᠢᠨ ᠠᠰᠠᠭᠤᠯᠳᠠ ᠶᠢ ᠬᠠᠷᠢᠭᠤᠯᠬᠤ ᠪᠤᠯᠤᠭᠰᠠᠠ ᠳᠠᠭᠠᠨ ᠲᠤᠩ ᠪᠠᠶᠠᠷ ᠲᠠᠢ | ᠪᠠᠶᠢᠨ᠎ᠠ᠃ ᠶᠠᠭᠤᠨ ᠤ ᠡᠮᠤᠨ᠎ᠡ ᠡᠨᠡᠬᠦ ᠲᠤᠬᠢᠶᠠᠯ ᠢ ᠠᠰᠢᠬᠯᠠᠨ ᠦᠷᠭᠡᠨ ᠤᠯᠠᠨ ᠰᠦᠯᠵᠢᠶᠡᠨ ᠤ ᠠᠨᠳᠠ ᠶᠢᠨ | ᠭᠠᠳᠠᠭᠠᠳᠤ ᠬᠠᠷᠢᠯᠴᠠᠭᠠᠨ ᠤ ᠠᠵᠢᠯ ᠢ ᠬᠠᠯᠠᠮᠵᠢᠯᠠᠨ ᠲᠡᠮᠵᠢᠭᠰᠡᠡ ᠳᠤ ᠲᠠᠯᠠᠷᠬᠠᠵᠥ ᠪᠠᠶᠢᠬᠤ ᠪᠠᠨ ᠢᠯᠡᠳᠬᠡᠶ᠎ᠡ᠃ ᠡᠨᠡᠬᠦ | ᠰᠦᠯᠵᠢᠶᠡᠨ ᠠᠨᠳᠠ ᠶᠢᠨ ᠬᠡᠯᠡᠵᠥ ᠪᠠᠶᠢᠬᠤ ᠲᠤᠩ ᠲᠠᠭᠠᠷᠠᠵᠥ ᠪᠠᠶᠢᠨ᠎ᠠ᠂ ᠲᠤᠮᠳᠠᠳᠤ ᠤᠯᠤᠰ ᠤᠨ ᠭᠠᠳᠠᠭᠠᠳᠤ | ᠬᠠᠷᠢᠯᠴᠠᠭ᠎ᠠ ᠶᠢᠨ ᠠᠵᠢᠯ ᠡᠨᠡ ᠬᠡᠳᠤᠨ ᠵᠢᠯ ᠮᠠᠰᠢ ᠶᠠᠭᠠᠷᠠᠤ᠂ ᠬᠡᠪᠡᠴᠦ ᠶᠠᠭᠠᠷᠠᠬᠤ ᠴᠢᠬᠤᠯᠠᠳᠠᠢ᠂ ᠶᠠᠭᠠᠷᠠᠭᠰᠠᠠ | ᠪᠤᠯᠪᠠᠴᠦ ᠶᠡᠭᠡ ᠤᠯᠤᠯᠳᠠ ᠲᠠᠢ᠃ | ᠴᠢᠬᠤᠯᠠᠳᠠᠢ ᠨᠢ ᠬᠡᠪᠡᠯ ᠲᠡᠯᠡᠬᠡᠢ ᠲᠡᠭᠡᠷᠡᠬᠢ ᠬᠡᠷᠡᠭ ᠶᠠᠪᠤᠳᠠᠯ ᠶᠠᠪᠤᠬᠤ ᠲᠤᠳᠤᠮ ᠲᠤᠮᠳᠠᠳᠤ ᠤᠯᠤᠰ ᠤᠨ | ᠤᠷᠤᠯᠴᠠᠭ᠎ᠠ ᠠᠴᠠ ᠰᠠᠯᠵᠥ ᠴᠢᠳᠠᠬᠤ ᠦᠭᠡᠢ ᠪᠤᠯᠵᠠᠢ᠃ ᠭᠤᠷᠪᠠᠨ ᠵᠢᠯ ᠤᠨ ᠲᠤᠷᠰᠢ᠂ ᠲᠡᠷᠢᠬᠦᠯᠡᠭᠴᠢ ᠰᠢ ᠶᠢᠨ ᠫᠢᠩ | ᠭᠠᠳᠠᠭᠠᠳᠤ ᠳᠤ 20 ᠭᠠᠷᠤᠢ ᠤᠳᠠᠭ᠎ᠠ ᠠᠶᠢᠯᠴᠢᠯᠠᠵᠥ᠂ ᠲᠡᠯᠡᠬᠡᠢ ᠶᠢᠨ ᠪᠦᠮᠪᠦᠷᠴᠡᠭ ᠢ 10 ᠲᠤᠭᠤᠷᠢᠭᠰᠠᠠ ᠲᠠᠢ | ᠲᠡᠩᠴᠡᠭᠰᠡᠡ ᠪᠠᠶᠢᠨ᠎ᠠ᠃ ᠤᠴᠢᠭᠰᠠᠠ ᠭᠠᠵᠠᠷ ᠪᠤᠯᠭᠠᠨ ᠳᠤᠨᠢ ︽ᠲᠤᠮᠳᠠᠳᠤ ᠤᠯᠤᠰ ᠤᠨ ᠰᠠᠯᠬᠢ︾ ᠲᠡᠭᠳᠡᠭᠰᠡᠡ | ᠪᠠᠶᠢᠨ᠎ᠠ᠃ ᠲᠤᠮᠳᠠᠳᠤ ᠤᠯᠤᠰ ᠤᠨ ᠲᠡᠯᠡᠬᠡᠢ ᠲᠡᠭᠡᠷᠡᠬᠢ ᠪᠠᠶᠢᠷᠢ ᠰᠠᠭᠤᠷᠢ ᠶᠠᠪᠤᠬᠤ ᠲᠤᠳᠤᠮ ᠲᠡᠭᠡᠭᠰᠢᠯᠡᠵᠥ᠂ | ᠲᠤᠮᠳᠠᠳᠤᠴᠤᠳ ᠤᠯᠠᠮ ᠴᠡᠭᠡᠵᠢ ᠲᠠᠨᠢᠬᠦᠨ ᠪᠤᠯᠵᠠᠢ᠃ | ᠤᠯᠤᠯᠳᠠ ᠬᠡᠪᠡᠯ ᠲᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ︽ᠤᠷᠦ᠋ᠢᠯᠠᠭᠠ ᠶᠡᠬᠡᠮᠰᠦᠭ ᠰᠠᠶᠢᠨ︾ | ᠢᠶᠠᠷ ᠪᠠᠷᠠᠬᠤ ᠦᠭᠡᠢ ︽ᠡᠬᠡᠯ ᠶᠡᠷᠤᠮᠳᠡᠭ︾ ᠶᠤᠮ᠂ ᠲᠤᠮᠳᠠᠳᠤ ᠤᠯᠤᠰ ᠤᠨ ᠤᠳᠤᠷᠢᠳᠬᠤ ᠬᠦᠮᠥᠨ᠂ | ᠴᠢᠨᠠᠭᠰᠢᠯᠠᠪᠠᠯ ᠲᠡᠷᠢᠬᠦᠯᠡᠭᠴᠢ᠂ ᠶᠡᠷᠤᠩᠬᠡᠢ ᠰᠠᠶᠢᠳ ᠭᠠᠳᠠᠭᠠᠳᠤ ᠳᠤ ᠠᠶᠢᠯᠴᠢᠯᠠᠬᠤ ᠬᠤᠭᠤᠴᠠᠭᠠᠨ ᠳᠠᠭᠠᠨ ᠪᠡᠶ᠎ᠡ ᠪᠠᠷ | ᠢᠶᠠᠨ ︽ᠲᠠᠶᠢᠯᠪᠤᠷᠢᠯᠠᠭᠴᠢ︾ ᠪᠤᠯᠤᠨ ︽ᠪᠤᠷᠤᠯᠠᠭᠤᠯᠤᠭᠴᠢ︾ ᠪᠤᠯᠵᠥ ᠪᠠᠶᠢᠬᠤ ᠶᠢ ᠤᠯᠠᠨ ᠢᠶᠠᠷ ᠢᠶᠠᠨ ᠤᠯᠵᠥ | ᠬᠠᠷᠠᠭᠰᠠᠠ ᠪᠠᠶᠢᠬ᠎ᠠ᠃ ᠲᠡᠳᠡ ᠬᠡᠬᠦᠳᠡᠭ ᠴᠡᠭᠡᠵᠢᠨ ᠳᠡᠭᠡᠨ ᠤᠯᠤᠰ ᠤᠨ ᠲᠤᠳᠤᠭᠠᠳᠤ ᠶᠢᠨ ᠬᠦᠭᠵᠢᠯᠳᠡ ᠪᠦᠳᠦᠭᠡᠨ | ᠪᠠᠶᠢᠭᠤᠯᠤᠯᠳᠠ ᠶᠢ ᠪᠤᠳᠤᠵᠥ᠂ ᠠᠷᠠᠳ ᠲᠦᠮᠡᠨ ᠤ ᠠᠰᠢᠭ ᠲᠤᠰᠠ ᠪᠤᠶᠠᠨ ᠵᠢᠷᠭᠠᠯ ᠢ ᠡᠪᠤᠷᠯᠡᠵᠥ ᠪᠠᠶᠢᠳᠠᠭ᠃ | ᠪᠢ ᠨᠢᠬᠡᠯᠡ ᠵᠢᠱᠢᠶ᠎ᠡ ᠲᠠᠳᠠᠶ᠎ᠠ᠃ ᠡᠨᠡ ᠵᠢᠯ ᠤᠨ 1 ᠰᠠᠷ᠎ᠠ ᠳᠤ ᠲᠡᠷᠢᠬᠦᠯᠡᠭᠴᠢ ᠰᠢ ᠶᠢᠨ ᠫᠢᠩ ᠢᠷᠠᠨ ᠳᠤ | ᠠᠶᠢᠯᠴᠢᠯᠠᠭᠰᠠᠠ ᠤ ᠲᠠᠷᠠᠭᠠᠬᠢ 4 ᠳᠠᠬᠢ ᠡᠳᠤᠷ᠂ ᠠᠩᠬᠠᠳᠤᠭᠠᠷ ᠡᠬᠡᠯᠵᠢ ᠶᠢᠨ ︽ᠢ ᠦ᠋ — ᠲᠧᡁᠷᠡᠨ︾ ᠤ | ᠪᠠᠷᠠᠭ᠎ᠠ ᠵᠦᠬᠡᠬᠡᠪᠤᠷᠢ ᠶᠢᠨ ᠭᠠᠯᠳᠤ ᠲᠡᠷᠭᠡ ᠨᠡᠪᠳᠡᠷᠡᠵᠥ᠂ ᠢ ᠦ᠋ ᠶᠢᠨ 7 ᠲᠦᠮᠡ ᠭᠠᠷᠤᠢ ᠬᠤᠳᠠᠯᠳᠤᠭᠠᠴᠢᠳ ᠲᠤ | ᠦᠪᠡᠷ ᠤᠨ ᠦᠷᠳᠡᠭ ᠨᠡᠩ ᠲᠤᠤᠷ᠎ᠠ᠂ ᠦᠷ᠎ᠡ ᠠᠰᠢᠬ ᠨᠡᠩ ᠦᠨᠳᠤᠷ ᠲᠦᠬᠦᠮ ᠲᠦᠳᠡ ᠵᠠᠮ ᠢ ᠨᠡᠬᠡᠬᠡᠭᠰᠡᠡ ᠪᠠᠶᠢᠨ᠎ᠠ | ᠃ ᠦᠨᠡᠨᠳᠡᠭᠡᠨ ᠡᠶᠢᠮᠤᠷᠬᠦ ᠵᠢᠱᠢᠶ᠎ᠡ ᠪᠤᠯᠤᠨ ᠦᠯᠢᠬᠡᠷ ᠲᠤᠩ ᠤᠯᠠᠨ ᠪᠠᠶᠢᠨ᠎ᠠ᠂ ᠲᠠᠨᠠᠷ ᠰᠤᠨᠢᠷᠬᠠᠯ ᠲᠠᠢ ᠪᠤᠯ ︽ | ᠭᠠᠳᠠᠭᠠᠳᠤ ᠬᠠᠷᠢᠯᠴᠠᠭᠠᠨ ᠤ ᠰᠢᠶᠤᠤ ᠯᠢᠩ ᠲᠦᠩ︾ ᠢ ᠲᠠᠷᠤᠭᠠᠳᠦᠵᠡᠵᠥ ᠪᠤᠯᠤᠨ᠎ᠠ᠃ | ᠤᠢᠢᠷ᠎ᠠ ᠳᠤ ᠭᠠᠳᠠᠭᠠᠳᠤ ᠶᠠᠪᠤᠳᠠᠯ ᠤᠨ ᠶᠠᠮᠤᠨ ᠤᠷᠤᠨ ᠨᠤᠳᠤᠭ ᠤᠨ ᠬᠦᠭᠵᠢᠯᠳᠡ ᠪᠠ ᠨᠡᠬᠡᠬᠡᠯᠳᠡ ᠶᠢ | ᠠᠬᠢᠭᠤᠯᠬᠤ ᠰᠢᠨ᠎ᠡ ᠠᠷᠭ᠎ᠠ ᠬᠡᠮᠵᠢᠶ᠎ᠡ ᠲᠤᠭᠳᠠᠭᠠᠪᠠ᠂ ᠲᠠᠷᠤᠢ ᠭᠠᠳᠠᠭᠠᠳᠤ ᠬᠠᠷᠢᠯᠴᠠᠭ᠎ᠠ ᠪᠠᠷ ᠲᠠᠪᠴᠠᠩ ᠪᠤᠯᠭᠠᠵᠥ᠂ | ᠤᠷᠤᠨ ᠨᠤᠳᠤᠭ ᠢ ᠬᠦᠭᠵᠢᠬᠦᠯᠬᠦ ᠶᠠᠪᠤᠳᠠᠯ ᠪᠤᠯᠤᠨ᠎ᠠ᠃ ᠭᠠᠳᠠᠭᠠᠳᠤ ᠶᠠᠪᠤᠳᠠᠯ ᠤᠨ ᠶᠠᠮᠤᠨ ᠤᠷᠤᠨ ᠨᠤᠳᠤᠭ ᠤᠨ | ᠮᠤᠵᠢ ᠤᠷᠤᠨ ᠬᠤᠳᠠ ᠶᠢ ᠪᠦᠬᠦ ᠲᠡᠯᠡᠬᠡᠢ ᠳᠤ ᠲᠠᠨᠢᠯᠴᠠᠭᠤᠯᠬᠤ ᠠᠵᠢᠯᠯᠠᠭ᠎ᠠ ᠡᠷᠬᠢᠯᠡᠵᠥ᠂ ᠲᠤᠮᠳᠠᠳᠤ ᠤᠯᠤᠰ ᠲᠤ | ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ ᠵᠢᠴᠢ ᠠᠵᠥ ᠠᠬᠤᠢᠢᠯᠠᠯ ᠢ ᠤᠷᠢᠨ ᠤᠷᠤᠯᠴᠠᠭᠤᠯᠵᠥ᠂ ᠨᠢᠭᠤᠷᠳᠠᠨ | ᠵᠤᠯᠭᠠᠭᠤᠯᠵᠥ ᠶᠠᠷᠢᠯᠴᠠᠭᠤᠯᠤᠭᠰᠠᠠ ᠪᠠᠶᠢᠨ᠎ᠠ᠃ ᠲᠡᠭᠡᠷ᠎ᠡ ᠭᠠᠷᠠᠭ᠂ ᠠᠩᠬᠠᠳᠠᠭᠴᠢ ᠲᠠᠯᠠᠪᠠᠢ ᠨᠢᠩᠰᠢᠶᠠ ᠶᠢ | ᠲᠠᠨᠢᠯᠴᠠᠭᠤᠯᠬᠤ ᠠᠵᠢᠯᠯᠠᠭ᠎ᠠ ᠡᠷᠬᠢᠯᠡᠵᠥ᠂ ᠲᠤᠩ ᠰᠠᠶᠢᠨ ᠲᠤᠰᠬᠠᠯ ᠲᠠᠢ ᠪᠤᠯᠤᠭᠰᠠᠠ ᠪᠠᠶᠢᠨ᠎ᠠ᠃ ᠬᠤᠶᠢᠰᠢᠳᠠ ᠵᠢᠯ | ᠪᠦᠷᠢ ᠶᠢᠨ 3 ᠰᠠᠷ᠎ᠠ ᠳᠤ ᠨᠢᠬᠡ ᠤᠳᠠᠭ᠎ᠠ ᠶᠠᠪᠤᠭᠳᠠᠭᠤᠯᠵᠥ ᠮᠡᠳᠡᠨ᠎ᠡ᠂ ᠡᠯ᠎ᠡ ᠮᠤᠵᠢ ᠤᠷᠤᠨ ᠬᠤᠳᠠ ᠶᠢᠨ ᠬᠢᠨ ᠤ | ᠢᠳᠡᠪᠬᠢᠳᠡᠢ ᠤᠷᠤᠯᠴᠠᠬᠤ ᠶᠢ ᠬᠦᠰᠡᠵᠥ ᠪᠠᠶᠢᠨ᠎ᠠ᠃ | ᠰᠤᠷᠪᠤᠯᠵᠢᠯᠠᠭᠴᠢᠳ ᠤᠨ ᠬᠤᠷᠠᠯ 2 ᠴᠠᠭ ᠶᠠᠪᠤᠭᠳᠠᠵᠥ᠂ ᠲᠤᠮᠳᠠᠳᠤ ᠭᠠᠳᠠᠭᠠᠳᠤ ᠶᠢᠨ 500 ᠭᠠᠷᠤᠢ | ᠰᠤᠷᠪᠤᠯᠵᠢᠯᠠᠭᠴᠢ ᠤᠷᠤᠯᠴᠠᠪᠠ᠃ |