ᠡᠨᠡ ᠵᠢᠯ ᠥᠪᠡᠷᠲᠡᠭᠡᠨ ᠵᠠᠰᠠᠬᠤ ᠣᠷᠣᠨ 21 ᠲᠦᠮᠡᠨ ᠬᠥᠮᠦᠨ ᠤ ᠶᠠᠳᠠᠭᠤ ᠠᠴᠠ ᠠᠩᠭᠢᠵᠢᠷᠠᠬᠤ ᠡᠭᠦᠷᠭᠡ ᠎ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2016/3/9
     ᠡᠨᠡ ᠵᠢᠯ ᠥᠪᠡᠷᠲᠡᠭᠡᠨ ᠵᠠᠰᠠᠬᠤ ᠣᠷᠣᠨ 21 ᠲᠦᠮᠡᠨ ᠬᠥᠮᠦᠨ ᠤ ᠶᠠᠳᠠᠭᠤ ᠠᠴᠠ ᠠᠩᠭᠢᠵᠢᠷᠠᠬᠤ ᠡᠭᠦᠷᠭᠡ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ 10᠎ ᠠᠴᠠ ᠳᠡᠭᠡᠭᠰᠢᠬᠢ ᠬᠤᠰᠢᠭᠤ ᠰᠢᠶᠠᠨ ᠎ ᠤ ︽ᠶᠠᠳᠠᠭᠤ ᠬᠦᠴᠢᠷᠳᠡᠯᠲᠡᠶ ᠮᠠᠯᠠᠭᠠᠶ ᠶᠢ ᠠᠪᠴᠤ︾ ᠲᠦᠷᠪᠡᠨ ᠵᠠᠩᠭᠢᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠳᠤᠯᠤᠭᠠᠨ ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠲᠦᠯᠬᠢᠨ ᠠᠬᠢᠭᠤᠯᠤᠨ᠎ᠠ᠃      ᠲᠠᠨᠢᠯᠴᠠᠭᠤᠯᠤᠭᠰᠠᠨ ᠢᠶᠠᠷ᠂ ᠳᠥᠷᠪᠡᠨ ᠵᠠᠩᠭᠢᠯᠠᠭ᠎ᠠ ᠨᠢ ᠲᠤᠰ ᠲᠤᠰ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠶᠠᠳᠠᠭᠤ ᠶᠢ ᠲᠡᠳᠬᠦᠬᠦ ᠲᠦᠷᠤ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠶᠠᠳᠠᠭᠤ ᠶᠢ ᠲᠡᠳᠬᠦᠬᠦ ᠣᠷᠣᠭᠤᠯᠤᠯᠲᠠ ᠶᠢ ᠨᠡᠮᠡᠭᠳᠡᠭᠦᠯᠬᠦ᠂ ᠲᠥᠷᠥᠯ ᠬᠤᠪᠢᠶᠠᠨ ᠲᠡᠳᠬᠦᠨ ᠳᠡᠮᠵᠢᠬᠦ ᠪᠣᠯᠣᠨ᠎ᠠ᠃ ᠳᠤᠯᠤᠭᠠᠨ ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ᠄ ᠨᠢᠭᠡ ᠳᠤ ︽ᠠᠷᠪᠠ ᠶᠢ ᠪᠦᠷᠢᠨ ᠪᠦᠷᠬᠦᠭᠦᠯᠬᠦ︾᠎ ᠶᠢ ᠶᠠᠳᠠᠭᠤ ᠶᠢ ᠲᠡᠳᠬᠦᠬᠦ ᠬᠠᠮᠤᠭ ᠤᠨ ᠶᠡᠭᠡ ᠢᠨᠵᠧᠨᠧᠷᠢᠩ ᠪᠣᠯᠭᠠᠨ ᠠᠳᠬᠤᠨ᠎ᠠ᠃ ᠦᠯᠡᠳᠡᠭᠰᠡᠨ ᠶᠠᠳᠠᠭᠤ ᠬᠦᠴᠢᠷᠳᠡᠯᠲᠡᠶ 413 ᠭᠠᠴᠠᠭ᠎ᠠ ᠲᠣᠰᠬᠤᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠪᠡᠶᠡᠯᠡᠭᠦᠯᠦᠨ᠎ᠡ᠂ ᠶᠠᠳᠠᠭᠤ ᠶᠢ ᠲᠡᠳᠬᠦᠬᠦ ᠪᠡᠯᠡ ᠮᠥᠩᠭᠦ ᠪᠣᠯᠤᠨ ᠲᠥᠷᠥᠯ ᠵᠦᠢᠯ ᠤᠨ ᠲᠠᠩᠰᠠ ᠡᠪᠬᠡᠮᠡᠯ ᠤᠨ ᠺᠠᠷᠲ ᠪᠠᠶᠢᠭᠤᠯᠵᠤ ᠶᠠᠳᠠᠭᠤ ᠬᠦᠴᠢᠷᠳᠡᠯᠲᠡᠶ ᠠᠶᠢᠯ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ᠂ ᠬᠥᠮᠦᠨ ᠮᠠᠯ ᠤᠨ ᠤᠤᠭᠤᠬᠤ ᠤᠰᠤ ᠵᠡᠷᠭᠡ ᠡᠷᠦᠬᠡ ᠳᠤ ᠬᠦᠷᠭᠡᠬᠦ ᠳᠦᠷᠦᠯ ᠵᠦᠢᠯ ᠢ ᠭᠤᠣᠯᠳᠠᠯᠭ᠎ᠠ ᠲᠠᠢ ᠪᠠᠷ ᠳᠡᠮᠵᠢᠨ᠎ᠡ᠃ ᠬᠤᠶᠠᠷ ᠲᠤ᠂ ᠲᠥᠯᠥᠪᠵᠢᠭᠦᠯᠭᠡ᠂ ᠲᠦᠷᠦᠯ ᠵᠦᠢᠯ᠂ ᠺᠠᠳ᠋ᠷ ︽ᠭᠤᠷᠪᠠ ᠶᠢ ᠲᠣᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾ ᠠᠵᠢᠯ ᠢ ᠦᠷᠭᠦᠯᠵᠢᠯᠡᠨ ᠭᠦᠨᠵᠡᠭᠡᠶ ᠲᠦᠯᠬᠢᠨ ᠠᠬᠢᠭᠤᠯᠤᠨ᠎ᠠ᠃ ᠭᠤᠷᠪᠠ ᠳᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠤᠨ᠎ᠠ᠃ ᠬᠦᠰᠡᠯ ᠱᠠᠭᠠᠷᠳᠠᠯᠭ᠎ᠠ ᠪᠠ ᠬᠥᠳᠡᠯᠮᠦᠷᠢ ᠶᠢᠨ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠡᠷᠦᠬᠡ ᠳᠤ ᠲᠠᠩᠰᠠ ᠡᠪᠬᠡᠮᠡᠯ ᠤᠨ ᠺᠠᠷᠲ ᠪᠠᠶᠢᠭᠤᠯᠵᠦ᠂ ᠡᠷᠦᠬᠡ ᠪᠦᠷᠢ ᠳᠤ ᠴᠥᠮ 3 — 5 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠨ᠎ᠠ᠃ ᠡᠨᠡ ᠵᠢᠯ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢ 150 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠲᠦᠷᠪᠡ ᠳᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠡᠨᠡ ᠵᠢᠯ 5 ᠲᠦᠮᠡ ᠭᠠᠷᠤᠶ ᠬᠥᠮᠦᠨ ᠤᠳᠠᠭ᠎ᠠ ᠶᠢᠨ ᠨᠡᠭᠦᠯᠭᠡᠬᠦ ᠡᠭᠦᠷᠭᠡ ᠶᠢ ᠪᠡᠶᠡᠯᠡᠭᠦᠯᠦᠨ᠎ᠡ᠃ ᠲᠠᠪᠤ ᠳᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ᠵᠢᠷᠭᠤᠭ᠎ᠠ ᠳᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠲᠤᠷ ᠠᠳᠬᠤᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠪᠠᠶᠢᠬᠤ ᠦᠭᠡᠢ ᠲᠠᠩᠰᠠ ᠡᠪᠬᠡᠮᠡᠯ ᠤᠨ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠠᠶᠢᠯ ᠡᠷᠦᠬᠡ ᠶᠢᠨ ᠦᠷ᠎ᠡ ᠬᠡᠦᠬᠡᠳ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠪᠡᠯ ᠲᠤᠰᠠᠯᠠᠮᠵᠢ ᠥᠭᠭᠦᠨ᠎ᠡ᠃ ᠲᠤᠯᠤᠭ᠎ᠠ ᠳᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号