ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠠᠮᠢ ᠠᠬᠤᠶ ᠶᠢᠨ ᠣᠷᠴᠢᠨ | ᠲᠣᠭᠤᠷᠢᠨ ᠢ ᠡᠪᠳᠡᠭᠰᠡᠨ ᠶᠠᠪᠤᠳᠠᠯ ᠳᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠶᠢ | ᠨᠡᠬᠡᠮᠵᠢᠯᠡᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠭᠰᠠᠨ | ᠪᠥᠭᠡᠳ ᠮᠡᠳᠡᠭᠳᠡᠯ ᠭᠠᠷᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠳ ᠵᠢᠷᠤᠮᠯᠠᠨ ᠬᠡᠷᠡᠭᠵᠢᠭᠦᠯᠲᠦᠭᠡᠢ | ᠭᠡᠵᠦ ᠱᠠᠭᠠᠷᠳᠠᠪᠠ᠃ | ︽ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠶᠠᠪᠤᠳᠠᠯ ᠳᠤ ᠨᠠᠮ ᠵᠠᠰᠠᠭ ᠤᠨ ᠤᠳᠤᠷᠢᠳᠬᠤ | ᠺᠠᠳ᠋ᠷ ᠤᠨ ᠬᠠᠷᠢᠭᠤᠴᠠᠯᠭ᠎ᠠ ᠶᠢ ᠨᠡᠬᠡᠮᠵᠢᠯᠡᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ | ᠪᠦᠬᠦ ᠠᠭᠤᠯᠭ᠎ᠠ ᠨᠢ ᠳᠣᠣᠷᠠᠬᠢ ᠮᠡᠲᠦ᠃ | ᠨᠢᠭᠡᠳᠦᠭᠡᠷ ᠵᠦᠢᠯ ︽ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠶᠠᠪᠤᠳᠠᠯ ᠳᠤ ᠨᠠᠮ ᠵᠠᠰᠠᠭ ᠤᠨ | ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠶᠢ ᠨᠡᠬᠡᠮᠵᠢᠯᠡᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ | ᠬᠡᠷᠡᠭᠵᠢᠭᠦᠯᠬᠦ︶︾ ᠢ ᠲᠤᠤᠱᠯᠠᠭᠤᠯᠤᠨ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠪᠣᠯᠣᠨ ᠡᠬᠢ | ᠪᠠᠶᠠᠯᠢᠭ ᠢ ᠬᠠᠮᠠᠭᠠᠯᠠᠬᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠨᠠᠷᠢᠨ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠨᠠᠷᠢᠨ ᠳᠦᠷᠢᠮ ᠨᠢ ᠥᠪᠡᠷᠲᠡᠭᠡᠨ ᠵᠠᠰᠠᠬᠤ ᠣᠷᠣᠨ ᠤ ᠰᠢᠶᠠᠨ ᠤ | ᠱᠠᠲᠤᠨ ᠠᠴᠠ ᠳᠡᠭᠡᠭᠰᠢ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ | ᠪᠦᠬᠦᠢ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠦᠷᠢᠯᠳᠦᠬᠦᠨ︔ ᠳᠡᠭᠡᠷ᠎ᠡ ᠳᠤᠷᠠᠳᠤᠭᠰᠠᠨ ᠠᠵᠢᠯ ᠤᠨ | ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠤᠳᠤᠷᠢᠳᠬᠤ ᠬᠥᠮᠦᠨ ᠳᠤ ᠲᠣᠬᠢᠷᠠᠨ᠎ᠠ᠃ | ᠭᠤᠷᠪᠠᠳᠤᠭᠠᠷ ᠵᠦᠢᠯ ᠲᠤᠰ ᠭᠠᠵᠠᠷ ᠣᠷᠣᠨ ᠤ ᠪᠠᠨ ᠠᠮᠢ ᠠᠬᠤᠶ ᠶᠢᠨ ᠣᠷᠴᠢᠨ ᠲᠣᠭᠤᠷᠢᠨ ᠪᠣᠯᠣᠨ | ᠡᠬᠢ ᠪᠠᠶᠠᠯᠢᠭ ᠢ ᠬᠠᠮᠠᠭᠠᠯᠠᠬᠤ ᠳᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ | ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠭᠤᠣᠯ | ᠪᠦᠷᠢᠯᠳᠦᠬᠦᠨ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠪᠤᠰᠤᠳ ᠬᠤᠯᠪᠣᠭᠳᠠᠯ ᠪᠦᠬᠦᠢ ᠤᠳᠤᠷᠢᠳᠬᠤ | ᠪᠦᠷᠢᠯᠳᠦᠬᠦᠨ ᠨᠠᠷ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠵᠣᠬᠢᠴᠠᠩᠭᠤᠶ ᠬᠠᠷᠢᠭᠤᠴᠠᠯᠭ᠎ᠠ | ᠡᠭᠦᠷᠭᠡᠯᠡᠨ᠎ᠡ᠃ | ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠰᠠᠯᠠᠭ᠎ᠠ | ᠮᠥᠴᠢᠷ ᠵᠢᠴᠢ ᠲᠡᠭᠦᠨ ᠤ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠤᠳᠤᠷᠢᠳᠬᠤ ᠬᠥᠮᠦᠰ ᠡᠭᠦᠷᠭᠡ ᠬᠠᠷᠢᠭᠤᠴᠠᠯᠭ᠎ᠠ | ᠶᠣᠰᠣᠭᠠᠷ ᠢᠶᠠᠨ ᠲᠤᠰ ᠲᠤᠰ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠨ᠎ᠡ᠃ | ᠳᠥᠷᠪᠡᠳᠦᠭᠡᠷ ᠵᠦᠢᠯ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠶᠠᠪᠤᠳᠠᠯ ᠳᠤ ᠨᠠᠮ ᠵᠠᠰᠠᠭ ᠤᠨ | ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠨᠡᠬᠡᠮᠵᠢᠯᠡᠬᠦ᠂ ᠬᠠᠤᠯᠢ ᠲᠣᠭᠲᠠᠭᠠᠯ ᠶᠣᠰᠣᠭᠠᠷ᠂ ᠪᠤᠰᠤᠳᠴᠢ ᠲᠥᠪ | ᠭᠤᠣᠯᠴᠢ᠂ ᠰᠢᠨᠵᠢᠯᠡᠬᠦ ᠤᠬᠠᠭᠠᠨᠴᠢ ᠪᠠᠷ ᠦᠨᠡᠮᠰᠢᠨ ᠲᠣᠭᠲᠠᠭᠠᠬᠤ᠂ ᠡᠷᠬᠡ ᠬᠠᠷᠢᠭᠤᠴᠠᠯᠭ᠎ᠠ ᠨᠢᠭᠡᠳᠦᠯᠲᠡᠶ ᠪᠠᠶᠢᠬᠤ᠂ | ᠨᠠᠰᠤᠨ ᠲᠤᠷᠰᠢᠳᠠ ᠨᠡᠬᠡᠮᠵᠢᠯᠡᠬᠦ ᠵᠠᠷᠴᠢᠮ ᠢ ᠪᠠᠷᠢᠮᠲᠠᠯᠠᠨ᠎ᠠ᠃ | ᠲᠠᠪᠤᠳᠤᠭᠠᠷ ᠵᠦᠢᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠬᠤ ᠪᠦᠷᠢᠯᠳᠦᠬᠦᠨ | ᠨᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠴᠦᠲᠡᠶ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ | ᠦᠭᠡᠢ ᠠᠴᠠ ᠪᠣᠯᠵᠤ ᠲᠤᠰ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠪᠣᠯᠣᠨ ᠡᠬᠢ ᠪᠠᠶᠠᠯᠢᠭ ᠤᠨ | ᠠᠰᠠᠭᠤᠳᠠᠯ ᠨᠢ ᠲᠣᠪᠤᠶᠢᠮ᠎ᠠ ᠪᠣᠯᠣᠭᠰᠠᠨ ᠪᠤᠶᠤ ᠲᠤᠰᠢᠶᠠᠯ ᠤᠨ ᠬᠤᠭᠤᠴᠠᠭᠠᠨ ᠳᠤᠨᠢ ᠠᠮᠢ ᠠᠬᠤᠶ ᠶᠢᠨ ᠣᠷᠴᠢᠨ | ᠲᠣᠭᠤᠷᠢᠨ ᠤ ᠪᠠᠶᠢᠳᠠᠯ ᠮᠡᠳᠡᠭᠳᠡᠬᠦ᠋ᠢᠴᠡ ᠮᠠᠭᠤᠲᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠠᠵᠤ ᠠᠬᠤᠶ ᠶᠢᠨ ᠬᠥᠭᠵᠢᠯᠲᠡ ᠪᠣᠯᠣᠨ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠷᠦᠩᠭᠡᠢ ᠰᠢᠢᠳᠪᠦᠷᠢᠲᠦ ᠪᠤᠳᠤᠯᠭ᠎ᠠ ᠶᠢᠨ ᠳᠤᠮᠳᠠ ᠬᠦᠨᠳᠦ ᠶᠡᠭᠡ ᠠᠯᠳᠠᠰᠢ ᠭᠠᠷᠭᠠᠭᠰᠠᠨ ᠪᠤᠶᠤ | ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ᠂ ᠬᠠᠤᠯᠢ | ᠴᠠᠭᠠᠵᠠ ᠬᠠᠤᠯᠢ ᠲᠣᠭᠲᠠᠭᠠᠯ ᠢ ᠵᠦᠷᠢᠴᠡᠭᠡᠳ ᠠᠮᠢ ᠠᠬᠤᠶ ᠣᠷᠴᠢᠨ ᠲᠣᠭᠤᠷᠢᠨ ᠢ ᠬᠦᠨᠳᠦ ᠨᠣᠴᠢᠲᠠᠶ ᠡᠪᠳᠡᠭᠰᠡᠨ | ᠪᠤᠶᠤ ᠨᠡᠶᠢᠭᠡᠮ ᠤᠨ ᠮᠠᠭᠤ ᠨᠥᠯᠥᠭᠡ ᠭᠠᠷᠭᠠᠭᠰᠠᠨ︔ | ︵ᠬᠤᠶᠠᠷ︶ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ᠂ ᠬᠠᠤᠯᠢ ᠴᠠᠭᠠᠵᠠ | ᠬᠠᠤᠯᠢ ᠲᠣᠭᠲᠠᠭᠠᠯ ᠢ ᠵᠦᠷᠢᠴᠡᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠢᠨᠠᠨ | ᠬᠠᠷᠭᠤᠭᠤᠯᠬᠤ᠂ ᠬᠢᠨᠠᠨ ᠵᠥᠪᠰᠢᠶᠡᠷᠡᠬᠦ ᠠᠵᠢᠯ ᠤᠨ ᠳᠤᠮᠳᠠ᠂ ᠡᠷᠬᠡ ᠦᠭᠡᠢ ᠪᠠᠶᠢᠭᠠᠳ ᠬᠢᠨᠠᠨ ᠵᠥᠪᠰᠢᠶᠡᠷᠡᠭᠰᠡᠨ᠂ | ᠡᠷᠬᠡ ᠠᠴᠠ ᠪᠠᠨ ᠳᠠᠪᠠᠵᠤ ᠬᠢᠨᠠᠨ ᠵᠥᠪᠰᠢᠶᠡᠷᠡᠭᠰᠡᠨ ᠪᠤᠶᠤ ᠬᠠᠤᠯᠢ ᠪᠤᠰᠤ ᠪᠠᠷ ᠬᠢᠨᠠᠨ ᠵᠥᠪᠰᠢᠶᠡᠷᠡᠭᠰᠡᠨ ᠠᠴᠠ | ᠪᠣᠯᠣᠭᠠᠳ᠂ ᠲᠠᠯ᠎ᠠ ᠨᠤᠲᠤᠭ ᠤᠨ ᠲᠠᠯᠠᠪᠠᠶ ᠪᠠᠭᠠᠰᠴᠤ᠂ ᠡᠬᠢ ᠪᠠᠶᠠᠯᠢᠭ ᠢ ᠬᠤᠬᠢᠷᠠᠭᠤᠯᠤᠭᠰᠠᠨ︔ | ︵ᠭᠤᠷᠪᠠ︶ ᠲᠤᠰ ᠭᠠᠵᠠᠷ ᠣᠷᠣᠨ ᠳᠤ ᠣᠷᠴᠢᠨ ᠲᠣᠭᠤᠷᠢᠨ ᠢ ᠬᠦᠨᠳᠦ ᠬᠡᠴᠡᠭᠦᠦ ᠠᠴᠠ ᠢᠯᠡᠭᠦᠦ | ᠪᠣᠬᠢᠷᠲᠤᠭᠤᠯᠤᠭᠰᠠᠨ ᠬᠡᠷᠡᠭ ᠡᠭᠦᠰᠦᠭᠰᠡᠨ︔ | ︵ᠳᠦᠷᠪᠡ︶ ᠡᠰᠡᠷᠭᠦᠴᠡᠰᠢ ᠤᠢᠭᠡᠢ ᠬᠦᠴᠦᠨ ᠵᠦᠢᠯ ᠠᠴᠠ ᠭᠠᠳᠠᠨ᠎ᠠ᠂ ᠤᠯᠤᠰ ᠪᠣᠯᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠪᠠᠭᠤᠯᠭᠠᠭᠰᠠᠨ ᠭᠤᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ᠂ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠪᠣᠯᠣᠨ ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ | ᠦᠭᠡᠢ ᠠᠴᠠ ᠪᠣᠯᠵᠤ᠂ ᠤᠯᠤᠰ ᠠᠴᠠ ᠮᠠᠨ ᠤ ᠣᠷᠣᠨ ᠳᠤ ᠣᠯᠭᠤᠬᠤ ᠣᠷᠣᠨ ᠪᠦᠰᠡ᠂ ᠰᠠᠪᠡ ᠭᠠᠵᠠᠷ᠂ ᠠᠵᠢᠯ | ᠳᠦᠷᠦᠯ ᠤᠨ ᠵᠥᠪᠰᠢᠶᠡᠷᠡᠯ ᠬᠢᠵᠠᠭᠠᠷᠯᠠᠭᠳᠠᠭᠰᠠᠨ︔ | ︵ᠲᠠᠪᠤ︶ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠭᠰᠡᠨ | ᠦᠭᠡᠢ ᠠᠴᠠ ᠪᠣᠯᠵᠤ᠂ ᠲᠤᠰ ᠭᠠᠵᠠᠷ ᠣᠷᠣᠨ ᠢ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠤᠭᠰᠠᠨ ᠰᠢᠨ᠎ᠡ | ᠣᠷᠣᠨ ᠪᠣᠯᠭᠠᠭᠰᠠᠨ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠠᠪᠤᠭᠰᠠᠨ ᠣᠷᠣᠨ ᠢ ᠬᠦᠴᠦᠲᠡᠢ ᠵᠠᠰᠠᠭᠰᠠᠨ ᠦᠭᠡᠶ ᠠᠴᠠ ᠭᠠᠵᠠᠷ ᠳᠣᠣᠷᠠᠬᠢ ᠤᠰᠤᠨ ᠲᠦᠪᠰᠢᠨ ᠢ | ᠦᠷᠭᠦᠯᠵᠢᠯᠡᠨ ᠪᠠᠭᠤᠷᠠᠭᠤᠯᠤᠭᠰᠠᠨ︔ | ︵ᠵᠢᠷᠭᠤᠭ᠎ᠠ︶ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠵᠦᠢ ᠵᠤᠬᠢᠰ ᠥᠭᠡᠢ ᠨᠡᠭᠡᠭᠡᠨ | ᠬᠦᠭᠵᠢᠭᠦᠯᠦᠭᠰᠡᠨ ᠵᠡᠷᠭᠡ ᠠᠴᠠ ᠪᠣᠯᠵᠤ ᠣᠶᠢᠲᠤ ᠭᠠᠵᠠᠷ ᠢ ᠬᠦᠨᠳᠦ ᠨᠣᠴᠢᠲᠠᠶ ᠰᠦᠢᠳᠬᠡᠭᠰᠡᠨ ᠪᠤᠶᠤ ᠤᠢ | ᠰᠢᠭᠤᠶ ᠶᠢᠨ ᠡᠬᠢ ᠪᠠᠶᠠᠯᠢᠭ ᠢ ᠬᠦᠨᠳᠦ ᠨᠣᠴᠢᠲᠠᠶ ᠡᠪᠳᠡᠭᠳᠡᠭᠰᠡᠨ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠃ | ᠵᠢᠷᠭᠤᠳᠤᠭᠠᠷ ᠵᠦᠢᠯ ᠲᠤᠰ ᠨᠠᠷᠢᠨ ᠳᠦᠷᠢᠮ ᠤᠨ ᠲᠠᠪᠤᠳᠤᠭᠠᠷ ᠵᠦᠢᠯ ᠳᠤ ᠳᠤᠷᠠᠳᠤᠭᠰᠠᠨ ᠠᠮᠢ ᠠᠬᠤᠶ | ᠶᠢᠨ ᠣᠷᠴᠢᠨ ᠲᠣᠭᠤᠷᠢᠨ ᠤ ᠪᠠᠶᠢᠳᠠᠯ ᠨᠢ ᠮᠡᠳᠡᠭᠳᠡᠬᠦ᠋ᠢᠴᠡ ᠮᠠᠭᠤᠳᠠᠭᠰᠠᠨ ᠪᠠᠶᠢᠳᠠᠯ ᠳᠤ ᠭᠤᠣᠯᠳᠠᠭᠤ ᠳᠣᠣᠷᠠᠬᠢ | ᠪᠠᠶᠢᠳᠠᠯ ᠪᠠᠭᠲᠠᠨ᠎ᠠ᠄ | ︵ᠨᠢᠭᠡ︶ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠲᠤᠭ᠎ᠠ ᠪᠠᠷᠢᠮᠲᠠ ᠳᠤ᠂ ᠭᠠᠵᠠᠷ ᠤᠨ | ᠭᠠᠳᠠᠷᠭᠤ ᠶᠢᠨ ᠤᠰᠤᠨ ᠤ ᠴᠢᠨᠠᠷ ᠪᠠᠭᠤᠷᠠᠵᠤ᠂ ᠭᠤᠣᠯᠳᠠᠯᠭ᠎ᠠ ᠲᠠᠢ ᠬᠢᠨᠠᠨ ᠬᠡᠮᠵᠢᠭᠰᠡᠨ ᠭᠤᠣᠯ ᠮᠥᠷᠡᠨ ᠤ | ᠤᠰᠤᠨ ᠤ ᠴᠢᠨᠠᠷ ᠨᠢ ᠢᠯᠡᠳᠲᠡ ᠮᠠᠭᠤᠲᠠᠭᠰᠠᠨ︔ | ︵ᠬᠤᠶᠠᠷ︶ ᠠᠭᠠᠷ ᠮᠠᠨᠳᠠᠯ ᠤᠨ ᠣᠷᠴᠢᠨ ᠲᠣᠭᠤᠷᠢᠨ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠵᠢᠯ᠂ | ᠡᠳᠦᠷ ᠤᠨ ᠳᠤᠮᠳᠠᠴᠢ ᠶᠢᠨ ᠬᠡᠮᠵᠢᠭᠳᠡᠯ ᠨᠢ ᠪᠠᠷᠢᠮᠵᠢᠶ᠎ᠠ ᠠᠴᠠ ᠬᠦᠨᠳᠦ ᠨᠣᠴᠢᠲᠠᠶ ᠬᠡᠲᠦᠷᠡᠭᠰᠡᠨ ᠪᠥᠭᠡᠳ ᠣᠷᠴᠢᠨ | ᠲᠣᠭᠤᠷᠢᠨ ᠤ ᠠᠭᠠᠷ ᠮᠠᠨᠳᠤᠯ ᠤᠨ ᠶᠠᠰᠤ ᠴᠢᠨᠠᠷ ᠢᠯᠡᠳᠲᠡ ᠪᠠᠭᠤᠷᠠᠭᠰᠠᠨ︔ | ︵ᠭᠤᠷᠪᠠ︶ ᠬᠥᠮᠥᠨ ᠤ ᠤᠷᠰᠢᠭ ᠢᠶᠠᠷ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠢ | ᠪᠣᠬᠢᠷᠳᠤᠭᠤᠯᠤᠭᠰᠠᠨ︔ | ︵ᠲᠦᠷᠪᠡ︶ ᠤᠰᠤᠨ ᠤ ᠴᠢᠳᠠᠮᠵᠢᠲᠦ ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ | ᠨᠣᠷᠮ᠎ᠠ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠳᠤ ᠬᠦᠷᠬᠦ ᠦᠭᠡᠢ | ᠮᠥᠷᠲᠡᠭᠡᠨ ᠤᠰᠤᠨ ᠤ ᠴᠢᠨᠠᠷ ᠨᠢ ᠦᠷᠭᠦᠯᠵᠢᠯᠡᠨ ᠮᠠᠭᠤᠳᠠᠭᠰᠠᠨ︔ | ︵ᠲᠠᠪᠤ︶ ᠬᠥᠮᠥᠨ ᠤ ᠤᠷᠰᠢᠭ ᠠᠴᠠ ᠪᠣᠯᠵᠤ ᠨᠤᠲᠤᠭ ᠪᠡᠯᠴᠢᠭᠡᠷ ᠲᠠᠴᠢᠷᠳᠠᠵᠤ᠂ ᠡᠯᠡᠰᠦᠷᠬᠡᠭᠵᠢᠵᠦ᠂ ᠠᠮᠢ | ᠠᠬᠤᠶ ᠬᠦᠨᠳᠦ ᠨᠣᠴᠢᠲᠠᠶ ᠮᠠᠭᠤᠳᠠᠭᠰᠠᠨ︔ | ︵ᠵᠢᠷᠭᠤᠭ᠎ᠠ︶ ᠤᠢ ᠰᠢᠭᠤᠶ ᠶᠢᠨ ᠲᠠᠯᠠᠪᠠᠶ᠂ ᠤᠢ ᠮᠣᠳᠣᠨ ᠤ ᠬᠠᠳᠠᠭᠠᠯᠠᠭᠳᠠᠴᠠ᠂ ᠤᠢ ᠰᠢᠭᠤᠶ ᠶᠢᠨ | ᠪᠦᠷᠬᠦᠴᠡ ᠶᠢᠨ ᠨᠤᠷᠮ᠎ᠠ᠂ ᠨᠤᠭᠤ ᠭᠠᠵᠠᠷ ᠤᠨ ᠲᠠᠯᠠᠪᠠᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ | ᠪᠠᠭᠠᠰᠴᠤ᠂ ᠠᠮᠢᠳᠤ ᠪᠣᠳᠠᠰ ᠤᠯᠡᠠ ᠶᠠᠩᠵᠤᠲᠤ ᠴᠢᠨᠠᠷ ᠢᠶᠠᠷ ᠮᠥᠬᠦᠬᠦ ᠬᠤᠷᠳᠤᠴᠠ ᠲᠦᠷᠭᠡᠳᠦᠭᠰᠡᠨ ᠪᠠᠶᠢᠳᠠᠯ | ᠪᠠᠭᠲᠠᠨ᠎ᠠ᠃ | ᠳᠣᠯᠣᠳᠤᠭᠠᠷ ᠵᠦᠢᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠬᠤ | ᠪᠦᠷᠢᠯᠳᠦᠬᠦᠨ ᠨᠠᠷ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠠ ᠡᠬᠢ ᠪᠠᠶᠠᠯᠢᠭ ᠤᠨ ᠲᠠᠯ᠎ᠠ ᠪᠠᠷ ᠬᠢ | ᠲᠥᠷᠥ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠰᠢᠢᠳᠪᠦᠷᠢᠲᠦ ᠪᠤᠳᠤᠯᠭ᠎ᠠ | ᠲᠤᠭᠲᠠᠭᠠᠭᠰᠠᠨ ᠪᠤᠯ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠦᠢᠰᠦ ᠣᠷᠣᠨ᠂ ᠵᠠᠪᠰᠠᠷ ᠤᠨ ᠤᠷᠤᠨ᠂ | ᠲᠤᠷᠰᠢᠯᠲᠠ ᠶᠢᠨ ᠣᠷᠣᠨ ᠳᠤ ᠨᠡᠭᠡᠭᠡᠨ ᠬᠦᠭᠵᠢᠬᠦᠯᠬᠦ ᠪᠦᠳᠦᠭᠡᠠ ᠪᠠᠶᠢᠭᠤᠯᠤᠯᠲᠠ ᠶᠢᠨ ᠠᠵᠢᠯᠯᠠᠭ᠎ᠠ ᠦᠷᠨᠢᠬᠦᠯᠬᠦ ᠪᠤᠶᠤ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶ᠎ᠡ᠂ ᠴᠢᠳᠠᠮᠵᠢ ᠶᠢᠨ ᠤᠷᠤᠨ ᠤ ᠬᠤᠪᠢᠶᠠᠷᠢ ᠶᠢ ᠲᠤᠬᠢᠷᠠᠭᠤᠯᠬᠤ | ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠦᠴᠦᠨ ᠦᠭᠡᠢ ᠪᠣᠯᠭᠠᠬᠤ ᠵᠡᠷᠭᠡ ᠰᠢᠢᠳᠪᠦᠷᠢᠲᠦ ᠪᠤᠳᠤᠯᠭ᠎ᠠ | ᠲᠤᠭᠲᠠᠭᠠᠭᠰᠠᠨ︔ | ︵ᠬᠤᠶᠠᠷ︶ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠦᠷᠦ ᠶᠢᠨ ᠪᠤᠳᠤᠯᠭ᠎ᠠ᠂ ᠬᠠᠤᠯᠢ | ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠰᠢᠢᠳᠪᠦᠷᠢᠲᠦ ᠪᠤᠳᠤᠯᠭ᠎ᠠ ᠲᠤᠭᠲᠠᠭᠠᠭᠰᠠᠨ︔ | ︵ᠭᠤᠷᠪᠠ︶ ᠵᠤᠬᠢᠰ ᠦᠭᠡᠢ ᠰᠢᠢᠳᠪᠦᠷᠢᠲᠦ ᠪᠤᠳᠤᠯᠭ᠎ᠠ ᠲᠤᠭᠲᠠᠭᠠᠵᠤ᠂ ᠲᠤᠰ ᠭᠠᠵᠠᠷ ᠣᠷᠣᠨ ᠤ ᠤᠢ | ᠰᠢᠭᠤᠶ᠂ ᠵᠡᠷᠯᠢᠭ ᠠᠮᠢᠳᠡᠠ ᠤᠷᠭᠤᠮᠠᠯ ᠢ ᠬᠦᠨᠳᠦ ᠨᠣᠴᠢᠲᠠᠶ ᠬᠤᠬᠢᠷᠠᠭᠤᠯᠤᠭᠰᠠᠨ᠃ | ᠨᠠᠢᠮᠠᠳᠤᠭᠠᠷ ᠵᠦᠢᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠬᠤ ᠪᠦᠷᠢᠯᠳᠦᠬᠦᠨ | ᠨᠠᠷ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢ ᠬᠠᠶᠢᠬᠤᠷᠬᠤ ᠦᠭᠡᠢ ᠪᠠᠷ ᠪᠡᠶᠡᠴᠢ | ᠴᠣᠭᠴᠠ ᠶᠢᠨ ᠴᠢᠳᠠᠮᠵᠢ ᠶᠢᠨ ᠣᠷᠣᠨ ᠪᠠᠶᠢᠷᠢ ᠲᠣᠭᠲᠠᠭᠠᠬᠤ᠂ ᠡᠬᠢ ᠪᠠᠶᠠᠯᠢᠭ ᠤᠨ ᠣᠷᠴᠢᠨ ᠲᠣᠭᠤᠷᠢᠨ ᠤ ᠠᠮᠢ | ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠪᠤᠯᠤᠨ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ | ᠬᠢᠵᠠᠭᠠᠷ ᠢ ᠳᠠᠪᠠᠭᠰᠠᠨ ᠰᠢᠢᠳᠪᠦᠷᠢᠲᠦ ᠪᠤᠳᠤᠯᠭ᠎ᠠ ᠲᠤᠭᠲᠠᠭᠠᠨ᠂ ᠬᠦᠨᠳᠦ ᠨᠣᠴᠢᠲᠠᠶ ᠬᠦᠨᠦᠭᠡᠯ ᠦᠷ᠎ᠡ ᠳ᠋ᠦᠡᠭ | ᠭᠠᠷᠭᠠᠭᠰᠠᠨ ᠪᠤᠯ ᠬᠠᠷᠢᠭᠤᠴᠠᠯᠭ᠎ᠠ ᠨᠡᠭᠡᠮᠵᠢᠯᠡᠨ᠎ᠡ᠄ | ︵ᠨᠢᠭᠡ︶ ᠪᠡᠶᠡᠴᠢ ᠴᠣᠭᠴᠠ ᠶᠢᠨ ᠴᠢᠳᠠᠮᠵᠢ ᠶᠢᠨ ᠣᠷᠣᠨ ᠤ ᠪᠠᠶᠢᠷᠢ ᠲᠣᠭᠲᠠᠭᠠᠬᠤ ᠠᠴᠠ ᠵᠦᠷᠢᠴᠡᠭᠰᠡᠨ | ᠰᠢᠢᠳᠪᠦᠷᠢᠲᠦ ᠪᠤᠳᠤᠯᠭ᠎ᠠ ᠲᠤᠭᠲᠠᠭᠠᠵᠤ᠂ ᠨᠡᠭᠡᠭᠡᠨ ᠬᠥᠭᠵᠢᠭᠦᠯᠬᠦ ᠶᠢ ᠴᠠᠭᠠᠵᠢᠯᠠᠭᠰᠠᠨ ᠣᠷᠣᠨ᠂ ᠨᠡᠭᠡᠭᠡᠨ | ᠬᠦᠭᠵᠢᠬᠦᠯᠬᠦ ᠶᠢ ᠬᠢᠵᠠᠭᠠᠷᠯᠠᠭᠰᠠᠨ ᠤᠷᠤᠨ ᠳᠤ ᠨᠡᠭᠡᠭᠡᠨ ᠬᠦᠭᠵᠢᠬᠦᠯᠵᠤ ᠪᠦᠲᠦᠭᠡᠨ ᠪᠠᠶᠢᠭᠤᠯᠤᠭᠠᠳ᠂ ᠠᠮᠢ | ᠠᠬᠤᠶ ᠶᠢ ᠬᠦᠨᠳᠦ ᠨᠣᠴᠢᠲᠠᠶ ᠡᠪᠳᠡᠭᠰᠡᠨ︔ | ︵ᠬᠤᠶᠠᠷ︶ ᠡᠬᠢ ᠪᠠᠶᠠᠯᠢᠭ ᠤᠨ ᠣᠷᠴᠢᠨ ᠲᠣᠭᠤᠷᠢᠨ ᠤ ᠠᠮᠢ ᠠᠬᠤᠶ ᠶᠢ ᠬᠠᠮᠠᠭᠠᠯᠠᠬᠤ ᠬᠤᠷᠢᠭ᠎ᠠ | ᠱᠤᠭᠤᠮ ᠠᠴᠠ ᠳᠠᠪᠠᠭᠰᠠᠨ ᠰᠢᠢᠳᠪᠦᠷᠢᠲᠦ ᠪᠤᠳᠤᠯᠭ᠎ᠠ ᠲᠤᠭᠲᠠᠭᠠᠨ᠂ ᠠᠮᠢ ᠠᠬᠤᠶ ᠶᠢᠨ ᠣᠷᠴᠢᠨ ᠲᠣᠭᠤᠷᠢᠨ ᠤ | ᠰᠢᠨᠵᠢ ᠴᠢᠨᠠᠷ ᠢ ᠬᠤᠪᠢᠷᠠᠭᠤᠯᠤᠨ᠂ ᠴᠢᠳᠠᠪᠤᠷᠢ ᠶᠢ ᠮᠠᠭᠤᠲᠠᠭᠤᠯᠤᠭᠰᠠᠨ︔ | ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠪᠠ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠤᠷᠢᠭ᠎ᠠ | ᠱᠤᠭᠤᠮ ᠠᠴᠠ ᠳᠠᠪᠠᠭᠰᠠᠨ ᠰᠢᠢᠳᠪᠦᠷᠢᠲᠦ ᠪᠤᠳᠤᠯᠭ᠎ᠠ ᠲᠤᠭᠲᠠᠭᠠᠨ᠂ ᠲᠠᠷᠢᠶᠠᠨ ᠭᠠᠵᠠᠷ ᠤᠨ ᠪᠠᠲᠤᠯᠠᠬᠤ ᠬᠡᠮᠵᠢᠶ᠎ᠡ | ᠪᠤᠯᠤᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠬᠤ ᠡᠭᠦᠷᠭᠡ ᠶᠢ ᠤᠯᠤᠰ ᠠᠴᠠ ᠪᠠᠭᠤᠯᠭᠠᠭᠰᠠᠨ ᠬᠦᠢᠴᠡᠳᠭᠡᠯ | ᠲᠤᠭ᠎ᠠ ᠶᠢᠨ ᠱᠠᠭᠠᠷᠳᠠᠯᠭ᠎ᠠ ᠳᠤ ᠦᠯᠦ ᠬᠦᠷᠦᠭᠦᠯᠦᠭᠰᠡᠨ︔ | ︵ᠲᠦᠷᠪᠡ︶ ᠡᠯ᠎ᠡ ᠱᠠᠲᠤᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ | ᠲᠤᠭᠲᠠᠭᠠᠭᠰᠠᠨ ᠪᠦᠳᠦᠭᠡᠨ ᠪᠠᠶᠢᠭᠤᠯᠬᠤ ᠴᠠᠭᠠᠵᠠᠲᠤ ᠣᠷᠣᠨ ᠳᠤ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ | ᠬᠢᠬᠦ ᠰᠢᠢᠳᠪᠦᠷᠢᠲᠦ ᠪᠤᠳᠤᠯᠭ᠎ᠠ ᠲᠤᠭᠲᠠᠭᠠᠭᠰᠠᠨ︔ | ︵ᠲᠠᠪᠤ︶ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ᠂ ᠬᠠᠤᠯᠢ ᠴᠭᠠᠡᠵᠠ | ᠲᠦᠷᠢᠮ ᠲᠣᠭᠲᠠᠭᠠᠯ ᠲᠠᠢ ᠡᠰᠡᠷᠭᠦᠴᠡᠯᠳᠦᠭᠰᠡᠨ ᠰᠢᠢᠳᠪᠦᠷᠢᠲᠦ ᠪᠤᠳᠤᠯᠭ᠎ᠠ ᠲᠤᠭᠲᠠᠭᠠᠭᠰᠠᠨ︔ | ︵ᠵᠢᠷᠭᠤᠭ᠎ᠠ︶ ᠲᠤᠭᠲᠠᠭᠠᠭᠰᠠᠨ ᠰᠢᠢᠳᠪᠦᠷᠢᠲᠦ ᠪᠤᠳᠤᠯᠭ᠎ᠠ ᠨᠢ ᠥᠪᠡᠷᠲᠡᠭᠡᠨ ᠵᠠᠰᠠᠭ ᠣᠷᠣᠨ ᠠᠴᠠ | ᠪᠠᠭᠤᠯᠭᠠᠭᠰᠠᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠡᠷᠦᠩᠬᠡᠶ ᠬᠡᠮᠵᠢᠶ᠎ᠡ ᠶᠢ ᠡᠵᠡᠮᠳᠡᠬᠦ ᠬᠤᠷᠢᠭ᠎ᠠ | ᠱᠤᠭᠤᠮ᠂ ᠠᠵᠤ ᠦᠢᠯᠡᠳᠪᠦᠷᠢ ᠪᠤᠯᠤᠨ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠡᠵᠡᠮᠳᠡᠬᠦ ᠬᠤᠷᠢᠭ᠎ᠠ | ᠱᠤᠭᠤᠮ ᠵᠢᠴᠢ ᠤᠰᠤᠨ ᠤ ᠴᠢᠳᠠᠮᠵᠢᠲᠦ ᠣᠷᠣᠨ ᠤ ᠪᠤᠬᠢᠷᠳᠤᠯ ᠪᠣᠳᠠᠰ ᠣᠷᠣᠭᠤᠯᠬᠤ ᠬᠢᠵᠠᠭᠠᠷᠯᠠᠯ ᠤᠨ ᠡᠵᠡᠮᠳᠡᠬᠦ | ᠬᠤᠷᠢᠭ᠎ᠠ ᠱᠤᠭᠤᠮ ᠠᠴᠠ ᠳᠠᠪᠠᠭᠰᠠᠨ︔ | ︵ᠲᠤᠯᠤᠭ᠎ᠠ︶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠬᠤᠷᠢᠭ᠎ᠠ ᠱᠤᠭᠤᠮ ᠢ ᠳᠠᠪᠠᠵᠤ᠂ | ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠵᠥᠷᠢᠴᠡᠭᠰᠡᠨ ᠰᠢᠢᠳᠪᠦᠷᠢᠲᠦ ᠪᠣᠳᠣᠯᠭ᠎ᠠ | ᠲᠤᠭᠲᠠᠭᠠᠭᠰᠠᠨ︔ | ︵ᠨᠠᠢᠮᠠ︶ ᠵᠠᠭᠠᠭᠯᠠᠨ ᠲᠣᠭᠲᠠᠭᠠᠭᠰᠠᠨ ᠣᠶᠢᠲᠤ ᠭᠠᠵᠠᠷ ᠪᠣᠯᠤᠨ ᠤᠢ ᠰᠢᠭᠤᠶ᠂ ᠨᠤᠭᠤ ᠭᠠᠵᠠᠷ᠂ ᠡᠯᠡᠰᠦᠨ | ᠴᠥᠯ ᠤᠨ ᠤᠷᠭᠤᠮᠠᠯ ᠤᠨ ᠬᠤᠴᠢᠯᠭ᠎ᠠ᠂ ᠳᠦᠷᠰᠦ ᠵᠡᠷᠭᠡ ᠳᠦᠷᠪᠡᠨ ᠵᠦᠢᠯ ᠤᠨ ᠠᠮᠢ ᠠᠬᠤᠶ ᠶᠢᠨ ᠬᠤᠷᠢᠭ᠎ᠠ | ᠱᠤᠭᠤᠮ ᠠᠴᠠ ᠳᠠᠪᠠᠭᠰᠠᠨ ᠰᠢᠢᠳᠪᠦᠷᠢᠲᠦ ᠪᠤᠳᠤᠯᠭ᠎ᠠ ᠲᠤᠭᠲᠠᠭᠠᠨ᠂ ᠬᠦᠨᠳᠦ ᠨᠣᠴᠢᠲᠠᠶ ᠦᠷ᠎ᠡ ᠳ᠋ᠦᠡᠭ | ᠭᠠᠷᠭᠠᠭᠰᠠᠨ᠃ | ᠶᠢᠰᠦᠳᠦᠭᠡᠷ ᠵᠦᠢᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠬᠤ ᠪᠦᠷᠢᠯᠳᠦᠬᠦᠨ | ᠨᠠᠷ ᠬᠤᠳᠠ ᠬᠥᠳᠡᠭᠡ᠂ ᠭᠠᠵᠠᠷ ᠰᠢᠷᠣᠶ ᠶᠢᠨ ᠠᠰᠢᠭᠯᠠᠯᠲᠠ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠲᠥᠯᠥᠪᠵᠢᠭᠦᠯᠭᠡ ᠶᠢ ᠭᠦᠨᠳᠦ ᠨᠤᠴᠢᠲᠠᠢ ᠵᠦᠷᠢᠴᠡᠭᠰᠡᠨ ᠰᠢᠢᠳᠪᠦᠷᠢᠲᠦ ᠪᠤᠳᠤᠯᠭ᠎ᠠ | ᠲᠤᠭᠲᠠᠭᠠᠭᠰᠠᠨ ᠪᠤᠯ ᠬᠠᠷᠢᠭᠤᠴᠠᠯᠭ᠎ᠠ ᠨᠡᠭᠡᠮᠵᠢᠯᠡᠨ᠎ᠡ᠄ | ︵ᠨᠢᠭᠡ︶ ᠨᠢᠭᠡᠨᠲᠡ ᠵᠦᠪᠰᠢᠶᠡᠷᠡᠨ ᠬᠡᠷᠡᠭᠵᠢᠭᠦᠯᠦᠭᠰᠡᠨ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠯᠥᠪᠵᠢᠭᠦᠯᠭᠡ ᠶᠢ ᠳᠤᠷ᠎ᠠ ᠪᠠᠷ ᠢᠶᠠᠨ ᠬᠤᠪᠢᠷᠠᠭᠤᠯᠵᠤ᠂ ᠠᠮᠢ ᠠᠬᠤᠶ ᠶᠢᠨ ᠣᠷᠴᠢᠨ | ᠲᠣᠭᠤᠷᠢᠨ ᠢ ᠡᠪᠳᠡᠭᠰᠡᠨ︔ | ︵ᠬᠤᠶᠠᠷ︶ ᠭᠤᠣᠯ ᠤᠨ ᠵᠠᠮ᠂ ᠨᠠᠭᠤᠷ ᠪᠦᠷᠢᠲᠦ ᠶᠢᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ | ᠭᠠᠵᠠᠷ ᠰᠢᠷᠤᠢ ᠪᠤᠯᠤᠨ ᠤᠰᠤᠨ ᠤ ᠡᠷᠬᠢ ᠬᠦᠪᠡᠭᠡ ᠶᠢ ᠬᠠᠤᠯᠢ ᠶᠢ ᠵᠦᠷᠢᠴᠡᠨ ᠠᠰᠢᠭᠯᠠᠭᠰᠠᠨ︔ | ︵ᠭᠤᠷᠪᠠ︶ ᠬᠤᠳᠠ ᠶᠢᠨ ᠶᠡᠷᠦᠩᠬᠡᠶ ᠲᠥᠯᠥᠪᠵᠢᠭᠦᠯᠭᠡ᠂ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠳᠤ | ᠲᠣᠭᠲᠠᠭᠠᠭᠰᠠᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠠᠯᠠᠪᠠᠢ ᠶᠢᠨ ᠬᠡᠪᠴᠢᠶᠡᠨ ᠠᠴᠠ ᠭᠠᠳᠠᠨ᠎ᠠ ᠡᠯ᠎ᠡ | ᠲᠥᠷᠥᠯ ᠤᠨ ᠨᠡᠭᠡᠭᠡᠯᠳᠡ ᠶᠢᠨ ᠲᠣᠭᠤᠷᠢᠭ ᠪᠤᠯᠤᠨ ᠬᠤᠳᠠ ᠶᠢᠨ ᠰᠢᠨ᠎ᠡ ᠲᠣᠭᠤᠷᠢᠭ ᠢ ᠪᠠᠶᠢᠭᠤᠯᠤᠭᠰᠠᠨ︔ | ︵ᠲᠦᠷᠪᠡ︶ ᠨᠤᠲᠤᠭ ᠪᠡᠯᠴᠢᠭᠡᠷ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠠᠴᠠ ᠵᠦᠷᠢᠴᠡᠵᠤ᠂ ᠳᠤᠷ᠎ᠠ | ᠪᠠᠷ ᠢᠶᠠᠨ ᠨᠤᠲᠤᠭ ᠪᠡᠯᠴᠢᠭᠡᠷ ᠨᠡᠭᠡᠭᠡᠨ ᠬᠦᠭᠵᠢᠬᠦᠯᠵᠤ ᠪᠦᠲᠦᠭᠡᠨ ᠪᠠᠶᠢᠭᠤᠯᠤᠭᠰᠠᠨ ᠪᠤᠶᠤ ᠨᠤᠲᠤᠭ ᠪᠡᠯᠴᠢᠭᠡᠷ ᠤᠨ | ᠬᠡᠷᠡᠭᠯᠡᠭᠡ ᠶᠢ ᠦᠭᠡᠷᠡᠴᠢᠯᠡᠭᠡᠳ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠬᠦᠨᠳᠦ | ᠨᠣᠴᠢᠲᠠᠶ ᠡᠪᠳᠡᠭᠰᠡᠨ︔ | ︵ᠲᠠᠪᠤ︶ ᠤᠢ ᠰᠢᠭᠤᠶ ᠶᠢᠨ ᠳᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ | ᠵᠦᠷᠢᠴᠡᠨ᠂ ᠦᠢᠲᠤ ᠭᠠᠵᠠᠷ ᠤᠨ ᠲᠥᠯᠥᠪᠵᠢᠭᠦᠯᠭᠡ ᠪᠤᠶᠤ ᠤᠶᠢᠲᠤ ᠭᠠᠵᠠᠷ ᠤᠨ ᠬᠡᠷᠡᠭᠯᠡᠭᠡ ᠶᠢ ᠳᠤᠷ᠎ᠠ ᠪᠠᠷ ᠢᠶᠠᠨ | ᠬᠤᠪᠢᠷᠠᠭᠤᠯᠤᠭᠠᠳ᠂ ᠤᠶᠢᠲᠤ ᠭᠠᠵᠠᠷ ᠢ ᠰᠦᠢᠳᠭᠡᠭᠰᠡᠨ᠃ | ᠠᠷᠪᠠᠳᠤᠭᠠᠷ ᠵᠦᠢᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠬᠤ ᠪᠦᠷᠢᠯᠳᠦᠬᠦᠨ | ᠨᠠᠷ ᠬᠠᠷᠢᠭᠤᠴᠠᠯᠭ᠎ᠠ ᠡᠭᠦᠷᠭᠡᠯᠡᠬᠦ ᠦᠭᠡᠶ᠂ ᠠᠵᠢᠯ ᠶᠠᠪᠤᠳᠠᠯ ᠬᠢᠬᠦ ᠦᠭᠡᠢ ᠠᠴᠠ ᠪᠤᠯᠵᠤ᠂ ᠭᠠᠵᠠᠷ ᠣᠷᠣᠨ ᠪᠤᠯᠤᠨ | ᠰᠠᠯᠠᠭ᠎ᠠ ᠮᠥᠴᠢᠷ ᠤᠨ ᠬᠤᠭᠤᠷᠣᠨᠳᠣ ᠠᠮᠢ ᠠᠬᠤᠶ ᠶᠢᠨ ᠣᠷᠴᠢᠨ ᠲᠣᠭᠤᠷᠢᠨ ᠪᠤᠯᠤᠨ ᠡᠬᠢ ᠪᠠᠶᠠᠯᠢᠭ ᠤᠨ | ᠬᠠᠮᠠᠭᠠᠯᠠᠯᠲᠠ ᠶᠢᠨ ᠬᠠᠮᠵᠢᠯᠴᠠᠭᠠᠨ ᠤ ᠲᠠᠯ᠎ᠠ ᠪᠠᠷ ᠬᠠᠷᠢᠯᠴᠠᠨ ᠲᠦᠯᠬᠢᠯᠴᠡᠭᠡᠳ᠂ ᠬᠦᠨᠳᠦ ᠨᠣᠴᠢᠲᠠᠶ ᠦᠷ᠎ᠡ ᠳ᠋ᠦᠡᠭ | ᠭᠠᠷᠭᠠᠭᠰᠠᠨ ᠪᠤᠯ ᠬᠠᠷᠢᠭᠤᠴᠠᠯᠭ᠎ᠠ ᠨᠡᠭᠡᠮᠵᠢᠯᠡᠨ᠎ᠡ᠄ | ︵ᠨᠢᠭᠡ︶ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠣᠷᠴᠢᠨ ᠠᠬᠤᠶ ᠶᠢᠨ ᠲᠤᠪᠤᠶᠢᠮ᠎ᠠ | ᠠᠰᠠᠭᠤᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠮᠵᠢᠯᠴᠠᠭᠠᠨ ᠤ ᠲᠠᠯ᠎ᠠ ᠪᠠᠷ ᠬᠠᠷᠢᠯᠴᠠᠨ ᠲᠦᠯᠬᠢᠯᠴᠡᠭᠡᠳ᠂ | ᠵᠠᠰᠠᠬᠤ ᠬᠠᠷᠠᠯᠲᠠᠲᠤ ᠡᠭᠦᠷᠭᠡ ᠶᠢ ᠦᠯᠦ ᠪᠡᠶᠡᠯᠡᠭᠦᠯᠦᠭᠰᠡᠨ︔ | ︵ᠬᠤᠶᠠᠷ︶ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠵᠤ | ᠠᠪᠤᠷᠠᠨ ᠲᠤᠰᠠᠯᠠᠬᠤ᠂ ᠪᠠᠲᠤᠯᠠᠬᠤ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠪᠤᠯᠤᠨ ᠡᠬᠢ ᠪᠠᠶᠠᠯᠢᠭ ᠤᠨ | ᠬᠠᠮᠠᠭᠠᠯᠠᠯᠲᠠ ᠶᠢᠨ ᠬᠠᠮᠵᠢᠯᠴᠠᠭᠠᠨ ᠤ ᠲᠠᠯ᠎ᠠ ᠪᠠᠷ ᠬᠠᠷᠢᠯᠴᠠᠨ ᠲᠦᠯᠬᠢᠯᠴᠡᠭᠡᠳ᠂ ᠵᠢᠯ ᠤᠨ ᠬᠦᠨᠦᠭᠡᠭᠳᠡᠭᠰᠡᠨ ᠣᠶ | ᠰᠢᠭᠤᠶ ᠶᠢᠨ ᠲᠠᠯᠠᠪᠠᠶ ᠨᠢ ᠬᠠᠷᠢᠶ᠎ᠠ ᠣᠷᠣᠨ ᠤ ᠤᠢ ᠰᠢᠭᠤᠶ ᠶᠢᠨ ᠲᠠᠯᠠᠪᠠᠢ ᠶᠢᠨ 3 ‰ ᠠᠴᠠ ᠬᠡᠲᠦᠷᠡᠭᠰᠡᠨ᠂ | ᠬᠦᠨᠦᠭᠡᠭᠳᠡᠭᠰᠡᠨ ᠨᠤᠲᠤᠭ ᠪᠡᠯᠴᠢᠭᠡᠷ ᠤᠨ ᠲᠠᠯᠠᠪᠠᠢ ᠨᠢ ᠬᠠᠷᠢᠶ᠎ᠠ ᠣᠷᠣᠨ ᠤ ᠨᠤᠲᠤᠭ ᠪᠡᠯᠴᠢᠭᠡᠷ ᠤᠨ ᠲᠠᠯᠠᠪᠠᠢ ᠶᠢᠨ 5 | ‰ ᠠᠴᠠ ᠬᠡᠲᠦᠷᠡᠭᠰᠡᠨ︔ | ︵ᠭᠤᠷᠪᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠤᠭᠤ ᠭᠠᠵᠠᠷ ᠤᠨ ᠴᠡᠴᠡᠷᠯᠢᠭ᠂ ᠳᠡᠯᠡᠬᠡᠶ ᠶᠢᠨ | ᠪᠠᠶᠢᠭᠠᠯᠢ ᠶᠢᠨ ᠰᠣᠶᠣᠯ ᠤᠨ ᠥᠪ᠂ ᠠᠯᠳᠠᠷᠲᠤ ᠦᠵᠡᠮᠵᠢ ᠶᠢᠨ ᠣᠷᠣᠨ᠂ ᠤᠢ ᠰᠢᠭᠤᠶ ᠶᠢᠨ ᠴᠡᠴᠡᠷᠯᠢᠭ᠂ ᠭᠠᠵᠠᠷ | ᠰᠢᠨᠵᠢᠯᠡᠭᠡᠨ ᠤ ᠴᠡᠴᠡᠷᠯᠢᠭ᠂ ᠴᠢᠬᠤᠯᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ | ᠴᠢᠬᠤᠯᠠ ᠨᠤᠭᠤ ᠭᠠᠵᠠᠷ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠲᠠᠯ᠎ᠠ ᠪᠠᠷ ᠬᠠᠷᠢᠯᠴᠠᠨ ᠲᠦᠯᠬᠢᠯᠴᠡᠭᠡᠳ᠂ | ᠳᠡᠭᠡᠷ᠎ᠡ ᠳᠤᠷᠠᠳᠤᠭᠰᠠᠨ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠳᠤ ᠬᠦᠨᠳᠦ ᠨᠣᠴᠢᠲᠠᠶ | ᠡᠪᠳᠡᠯᠭᠡ ᠤᠴᠠᠷᠠᠭᠤᠯᠤᠭᠰᠠᠨ᠃ | ᠠᠷᠪᠠᠨ ᠨᠢᠭᠡᠳᠦᠭᠡᠷ ᠵᠦᠢᠯ ᠲᠤᠰ ᠭᠠᠵᠠᠷ ᠣᠷᠣᠨ ᠳᠤ ᠭᠤᠣᠯ ᠤᠳᠤᠷᠢᠳᠬᠤ ᠪᠦᠷᠢᠯᠳᠦᠬᠦᠨ ᠤ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠦᠨᠳᠦ ᠨᠣᠴᠢᠲᠠᠶ ᠣᠷᠴᠢᠨ ᠲᠣᠭᠤᠷᠢᠨ ᠤ ᠪᠣᠬᠢᠷᠲᠤᠯ ᠪᠣᠯᠤᠨ ᠠᠮᠢ | ᠠᠬᠤᠶ ᠶᠢ ᠡᠪᠳᠡᠭᠰᠡᠨ ᠬᠡᠷᠡᠭ ᠡᠭᠦᠰᠦᠭᠰᠡᠨ ᠪᠤᠶᠤ ᠬᠦᠨᠳᠦ ᠨᠣᠴᠢᠲᠠᠶ ᠣᠷᠴᠢᠨ ᠲᠣᠭᠤᠷᠢᠨ ᠤ ᠪᠣᠬᠢᠷᠲᠤᠯ ᠪᠠ ᠠᠮᠢ | ᠠᠬᠤᠶ ᠶᠢᠨ ᠡᠪᠳᠡᠭᠳᠡᠯ ︵ᠭᠠᠯ ᠤᠨ ᠠᠶᠤᠯ︶ ᠤᠨ ᠬᠡᠷᠡᠭ ᠢ ᠰᠠᠶᠢᠲᠤᠷ ᠰᠢᠢᠳᠪᠦᠷᠢᠯᠡᠭᠰᠡᠨ ᠦᠭᠡᠢ ᠪᠣᠯ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠬᠤ ᠪᠦᠷᠢᠯᠳᠦᠬᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠬᠤᠶᠠᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠠᠰᠤᠯᠤᠯᠲᠠ ᠶᠢᠨ ᠵᠠᠷᠭᠤ ᠶᠢ | ᠬᠡᠷᠡᠭᠵᠢᠭᠦᠯᠦᠭᠰᠡᠨ ᠦᠭᠡᠢ ᠪᠤᠶᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠬᠤᠭᠤᠴᠠᠭ᠎ᠠ | ᠶᠣᠰᠣᠭᠠᠷ ᠥᠯᠥ ᠪᠡᠶᠡᠯᠡᠭᠦᠯᠦᠭᠰᠡᠨ ᠪᠣᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠬᠤ | ᠪᠦᠷᠢᠯᠳᠦᠬᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠭᠤᠷᠪᠠᠳᠤᠭᠠᠷ ᠵᠦᠢᠯ ᠲᠤᠰ ᠨᠠᠷᠢᠨ ᠳᠦᠷᠢᠮ ᠤᠨ ᠲᠠᠪᠤᠳᠤᠭᠠᠷ ᠵᠦᠢᠯ ᠠᠴᠠ ᠠᠷᠪᠠᠨ | ᠬᠤᠶᠠᠳᠤᠭᠠᠷ ᠵᠦᠢᠯ ᠳᠤ ᠵᠢᠭᠰᠠᠭᠠᠭᠰᠠᠨ ᠪᠠᠶᠢᠳᠠᠯ ᠣᠷᠣᠰᠢᠵᠤ ᠪᠠᠶᠢᠪᠠᠯ᠂ ᠨᠠᠮ ᠤᠨ ᠬᠤᠷᠢᠶ᠎ᠠ᠂ ᠵᠠᠰᠠᠭ ᠤᠨ ᠣᠷᠳᠣᠨ | ᠤ ᠭᠤᠣᠯ ᠤᠳᠤᠷᠢᠳᠬᠤ ᠪᠦᠷᠢᠯᠳᠦᠬᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠪᠤᠰᠤᠳ ᠬᠤᠯᠪᠣᠭᠳᠠᠯ | ᠪᠦᠬᠦᠢ ᠤᠳᠤᠷᠢᠳᠬᠤ ᠪᠦᠷᠢᠯᠳᠦᠬᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠪᠦᠷᠢᠯᠳᠦᠬᠦᠨ ᠤ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠨᠢ | ᠦᠨᠳᠦᠰᠦᠯᠡᠨ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠳᠥᠷᠪᠡᠳᠦᠭᠡᠷ ᠵᠦᠢᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠤᠳᠤᠷᠢᠳᠬᠤ ᠪᠦᠷᠢᠯᠳᠦᠬᠦᠨ ᠨᠠᠷ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢ | ᠬᠠᠶᠢᠬᠤᠷᠬᠤ ᠦᠭᠡᠢ ᠪᠠᠷ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠵᠢᠭᠠᠨ ᠳᠣᠬᠢᠬᠤ᠂ ᠰᠠᠨᠠᠭᠤᠯᠭ᠎ᠠ ᠥᠭᠬᠦ | ᠪᠤᠶᠤ ᠠᠶ᠎ᠠ ᠪᠠᠷ ᠨᠢ ᠲᠠᠯᠪᠢᠵᠤ ᠪᠠᠶᠢᠭᠠᠳ ᠪᠡᠶᠡᠴᠢ ᠴᠣᠭᠴᠠ ᠶᠢᠨ ᠴᠢᠳᠠᠮᠵᠢ ᠶᠢᠨ ᠣᠷᠣᠨ ᠪᠠᠶᠢᠷᠢ ᠲᠣᠭᠲᠠᠭᠠᠬᠤ | ᠪᠤᠶᠤ ᠠᠮᠢ ᠠᠬᠤᠶ ᠶᠢᠨ ᠣᠷᠴᠢᠨ ᠲᠣᠭᠤᠷᠢᠨ ᠪᠣᠯᠣᠨ ᠡᠬᠢ ᠪᠠᠶᠠᠯᠢᠭ ᠤᠨ ᠲᠠᠯ᠎ᠠ ᠪᠠᠷ ᠬᠢ ᠲᠦᠷᠤ ᠶᠢᠨ ᠪᠤᠳᠤᠯᠭ᠎ᠠ ᠂ | ᠬᠠᠤᠯᠢ ᠴᠠᠭᠠᠵᠠ ᠬᠠᠤᠯᠢ ᠲᠣᠭᠲᠠᠭᠠᠯ ᠳᠤ ᠥᠯᠥ ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠭᠰᠡᠨ ︵ᠬᠠᠷᠭᠤᠭᠤᠯᠤᠨ ᠵᠥᠪᠰᠢᠶᠡᠷᠡᠭᠰᠡᠨ︶᠂ ᠪᠦᠳᠦᠭᠡᠠ ᠪᠠᠶᠢᠭᠤᠯᠤᠭᠰᠠᠨ ᠪᠤᠶᠤ | ᠠᠰᠢᠭᠯᠠᠯᠲᠠ ᠳᠤ ᠣᠷᠣᠭᠤᠯᠤᠭᠰᠠᠨ ︵ᠬᠡᠷᠡᠭᠯᠡᠭᠰᠡᠨ︶ ᠪᠣᠯ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠢᠶᠠᠨ ᠵᠢᠭᠠᠨ ᠳᠣᠬᠢᠬᠤ᠂ ᠰᠠᠨᠠᠭᠤᠯᠭ᠎ᠠ ᠥᠭᠬᠦ | ᠪᠤᠶᠤ ᠠᠶ᠎ᠠ ᠪᠠᠷ ᠨᠢ ᠲᠠᠯᠪᠢᠵᠤ ᠪᠠᠶᠢᠭᠠᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠ ᠶᠢᠨ | ᠴᠢᠳᠠᠮᠵᠢᠳᠤ ᠣᠷᠣᠨ᠂ ᠠᠮᠢ ᠠᠬᠤᠶ ᠶᠢᠨ ᠴᠢᠳᠠᠮᠵᠢ ᠶᠢᠨ ᠣᠷᠣᠨ ᠤ ᠪᠠᠶᠢᠷᠢ ᠲᠣᠭᠲᠠᠭᠠᠯᠲᠠ ᠶᠢ ᠵᠥᠷᠢᠴᠡᠵᠦ᠂ | ᠪᠦᠳᠤᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ | ᠮᠠᠲ᠋ᠧᠷᠢᠶᠠᠯ ᠢ ᠨᠢ ᠵᠥᠪᠰᠢᠶᠡᠷᠡᠭᠰᠡᠨ︔ | ︵ᠬᠤᠶᠠᠷ︶ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠢᠶᠠᠨ ᠵᠢᠭᠠᠨ ᠳᠣᠬᠢᠬᠤ᠂ ᠰᠠᠨᠠᠭᠤᠯᠭ᠎ᠠ | ᠥᠭᠬᠦ ᠪᠤᠶᠤ ᠠᠶ᠎ᠠ ᠪᠠᠷ ᠨᠢ ᠲᠠᠯᠪᠢᠵᠤ ᠪᠠᠶᠢᠭᠠᠳ ᠤᠰᠤᠨ ᠤ ᠡᠬᠢ ᠪᠠᠶᠠᠯᠢᠭ ᠤᠨ ᠲᠠᠯ᠎ᠠ ᠪᠠᠷ ᠬᠢ ᠲᠦᠷᠦ ᠶᠢᠨ | ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠵᠦ᠂ ᠪᠥᠳᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠤᠰᠤ ᠲᠠᠲᠠᠬᠤ ᠵᠥᠪᠰᠢᠶᠡᠷᠡᠯ ᠢ ᠬᠢᠨᠠᠨ | ᠵᠥᠪᠰᠢᠶᠡᠷᠡᠭᠰᠡᠨ︔ | ︵ᠭᠤᠷᠪᠠ︶ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ | ᠵᠢᠭᠠᠨ ᠳᠣᠬᠢᠬᠤ᠂ ᠰᠠᠨᠠᠭᠤᠯᠭ᠎ᠠ ᠥᠭᠬᠦ ᠪᠤᠶᠤ ᠠᠶ᠎ᠠ ᠪᠠᠷ ᠨᠢ ᠲᠠᠯᠪᠢᠵᠤ ᠪᠠᠶᠢᠭᠠᠳ ᠬᠤᠳᠠ ᠬᠥᠳᠡᠭᠡ ᠶᠢᠨ | ᠲᠥᠯᠥᠪᠵᠢᠭᠦᠯᠭᠡ ᠶᠢᠨ ᠪᠦᠳᠤᠭᠡᠨ ᠪᠠᠶᠢᠭᠤᠯᠤᠯᠲᠠ ᠳᠤ ᠥᠯᠥ ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠣᠯᠭᠤᠭᠰᠠᠨ︔ | ︵ᠲᠦᠷᠪᠡ︶ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠢ ᠵᠵᠢᠭᠠᠨ ᠳᠣᠬᠢᠬᠤ᠂ ᠰᠠᠨᠠᠭᠤᠯᠭ᠎ᠠ ᠥᠭᠬᠦ ᠪᠤᠶᠤ ᠠᠶ᠎ᠠ ᠪᠠᠷ ᠨᠢ ᠲᠠᠯᠪᠢᠵᠤ ᠪᠠᠶᠢᠭᠠᠳ ᠭᠠᠵᠠᠷ ᠰᠢᠷᠣᠶ ᠶᠢ | ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠥᠯᠥ ᠨᠡᠶᠢᠴᠡᠬᠦ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠭᠠᠵᠠᠷ ᠬᠡᠷᠡᠭᠯᠡᠬᠦ ᠶᠢ ᠨᠢ ᠤᠷᠢᠳᠴᠢᠯᠠᠨ ᠬᠢᠨᠠᠭᠰᠠᠨ᠂ ᠬᠢᠨᠠᠨ ᠵᠥᠪᠰᠢᠶᠡᠷᠡᠭᠰᠡᠨ︔ | ︵ᠲᠠᠪᠤ︶ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠢᠶᠠᠨ ᠵᠢᠭᠠᠨ ᠳᠣᠬᠢᠬᠤ᠂ ᠰᠠᠨᠠᠭᠤᠯᠭ᠎ᠠ ᠥᠭᠬᠦ | ᠪᠤᠶᠤ ᠠᠶ᠎ᠠ ᠪᠠᠷ ᠨᠢ ᠲᠠᠯᠪᠢᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠤ ᠬᠤᠯᠪᠣᠭᠳᠠᠭᠰᠠᠨ ᠨᠡᠭᠡᠭᠡᠨ ᠬᠥᠭᠵᠢᠭᠦᠯᠬᠦ ᠪᠦᠳᠦᠭᠡᠠ ᠪᠠᠶᠢᠭᠤᠯᠤᠯᠲᠠ ᠶᠢᠨ ᠲᠥᠷᠥᠯ ᠵᠦᠢᠯ ᠢ | ᠬᠠᠤᠯᠢ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠭᠰᠡᠨ ᠪᠦᠲᠦᠭᠡᠨ ᠪᠠᠶᠢᠭᠤᠯᠤᠭᠰᠠᠨ ᠪᠠ ᠡᠵᠡᠩᠨᠡᠭᠰᠡᠨ᠃ | ᠠᠷᠪᠠᠨ ᠲᠠᠪᠤᠳᠤᠭᠠᠷ ᠵᠦᠢᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠤᠳᠤᠷᠢᠳᠬᠤ ᠪᠦᠷᠢᠯᠳᠦᠬᠦᠨ ᠨᠠᠷ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠢᠶᠠᠨ ᠠᠮᠢ ᠠᠬᠤᠶ ᠶᠢᠨ | ᠣᠷᠴᠢᠨ ᠲᠣᠭᠤᠷᠢᠨ ᠢ ᠬᠠᠮᠠᠭᠠᠯᠠᠬᠤ ᠪᠠ ᠡᠬᠢ ᠪᠠᠶᠠᠯᠢᠭ ᠤᠨ ᠲᠠᠯ᠎ᠠ ᠪᠠᠷ ᠬᠢ ᠲᠦᠷᠤ ᠶᠢᠨ ᠪᠤᠳᠤᠯᠭ᠎ᠠ᠂ ᠬᠠᠤᠯᠢ | ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠠᠯᠳᠠᠭᠰᠠᠨ᠂ ᠡᠰᠡ | ᠬᠤᠷᠢᠭᠯᠠᠨ ᠵᠣᠭᠰᠣᠭᠠᠭᠰᠠᠨ ᠴᠢᠨᠠᠭᠰᠢᠯᠠᠪᠠᠯ ᠥᠮᠥᠭᠯᠡᠨ ᠬᠠᠮᠠᠭᠠᠯᠠᠵᠤ ᠳᠤᠷ᠎ᠠ ᠪᠠᠷ ᠨᠢ ᠲᠠᠯᠪᠢᠭᠰᠠᠨ ᠪᠣᠯ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠢᠶᠠᠨ ᠨᠡᠭᠡᠭᠡᠨ ᠠᠰᠢᠭᠯᠠᠬᠤ | ᠲᠥᠯᠥᠪᠵᠢᠭᠦᠯᠭᠡ ᠪᠤᠶᠤ ᠪᠦᠳᠤᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ | ᠦᠨᠡᠯᠡᠬᠦ ᠪᠢᠴᠢᠭ ᠮᠠᠲ᠋ᠧᠷᠢᠶᠠᠯ ᠢ ᠬᠠᠤᠯᠢ ᠲᠣᠭᠲᠠᠭᠠᠯ ᠢ ᠵᠥᠷᠢᠴᠡᠨ ᠵᠥᠪᠰᠢᠶᠡᠷᠡᠭᠰᠡᠨ ᠥᠢᠯᠡ ᠠᠵᠢᠯᠯᠠᠭ᠎ᠠ ᠶᠢ ᠬᠢᠨᠠᠨ | ᠬᠠᠮᠢᠶᠠᠷᠬᠤ ᠪᠠᠨ ᠠᠯᠳᠠᠭᠰᠠᠨ᠂ ᠡᠰᠡ ᠬᠤᠷᠢᠭᠯᠠᠨ ᠵᠣᠭᠰᠣᠭᠠᠭᠰᠠᠨ ᠴᠢᠨᠠᠭᠰᠢᠯᠠᠪᠠᠯ ᠥᠮᠥᠭᠯᠡᠨ ᠬᠠᠮᠠᠭᠠᠯᠠᠵᠤ | ᠳᠤᠷ᠎ᠠ ᠪᠠᠷ ᠨᠢ ᠲᠠᠯᠪᠢᠭᠰᠠᠨ︔ | ︵ᠬᠤᠶᠠᠷ︶ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠢᠶᠠᠨ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠵᠡᠷᠭᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ | ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠠᠯᠳᠠᠭᠰᠠᠨ᠂ ᠡᠰᠡ ᠬᠤᠷᠢᠭᠯᠠᠨ ᠵᠣᠭᠰᠣᠭᠠᠭᠰᠠᠨ ᠴᠢᠨᠠᠭᠰᠢᠯᠠᠪᠠᠯ | ᠥᠮᠥᠭᠯᠡᠨ ᠬᠠᠮᠠᠭᠠᠯᠠᠵᠤ ᠳᠤᠷ᠎ᠠ ᠪᠠᠷ ᠨᠢ ᠲᠠᠯᠪᠢᠭᠰᠠᠨ︔ | ︵ᠭᠤᠷᠪᠠ︶ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠢᠶᠠᠨ ᠭᠠᠵᠠᠷ ᠰᠢᠷᠣᠶ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ ᠢ ᠵᠥᠷᠢᠴᠡᠭᠰᠡᠨ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠠᠯᠳᠠᠭᠰᠠᠨ᠂ ᠡᠰᠡ ᠬᠤᠷᠢᠭᠯᠠᠨ | ᠵᠣᠭᠰᠣᠭᠠᠭᠰᠠᠨ ᠴᠢᠨᠠᠭᠰᠢᠯᠠᠪᠠᠯ ᠥᠮᠥᠭᠯᠡᠨ ᠬᠠᠮᠠᠭᠠᠯᠠᠵᠤ ᠳᠤᠷ᠎ᠠ ᠪᠠᠷ ᠨᠢ ᠲᠠᠯᠪᠢᠭᠰᠠᠨ᠃ | ᠠᠷᠪᠠᠨ ᠵᠢᠷᠭᠤᠳᠤᠭᠠᠷ ᠵᠦᠢᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠤᠳᠤᠷᠢᠳᠬᠤ ᠪᠦᠷᠢᠯᠳᠦᠬᠦᠨ ᠨᠠᠷ ᠡᠭᠦᠷᠭᠡ ᠬᠠᠷᠢᠭᠤᠴᠠᠯᠭ᠎ᠠ ᠪᠠᠨ ᠵᠥᠪ ᠭᠦᠢᠴᠡᠳᠬᠡᠭᠰᠡᠨ ᠦᠭᠡᠢ ᠠᠴᠠ ᠪᠣᠯᠣᠭᠰᠠᠨ᠂ | ᠬᠠᠤᠯᠢ ᠶᠣᠰᠣᠭᠠᠷ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ᠂ ᠡᠭᠦᠳᠡ ᠶᠢ ᠨᠢ | ᠬᠠᠭᠠᠯᠭᠠᠬᠤ ᠶᠣᠰᠣᠲᠠᠢ ᠣᠷᠴᠢᠨ ᠲᠣᠭᠤᠷᠢᠨ ᠢ ᠬᠦᠨᠳᠦ ᠨᠣᠴᠢᠲᠠᠶ ᠪᠣᠬᠢᠷᠲᠤᠭᠤᠯᠤᠭᠰᠠᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠪᠤᠶᠤ ᠪᠣᠰᠣᠳ ᠦᠢᠯᠡᠳᠪᠦᠷᠢᠯᠡᠯ ᠡᠵᠡᠩᠨᠡᠭᠴᠢᠳ ᠤᠨ ᠠᠵᠢᠯ ᠢ ᠨᠢ ᠵᠣᠭᠰᠣᠭᠠᠭᠰᠠᠨ ᠦᠭᠡᠢ᠂ | ᠡᠭᠦᠳᠡ ᠶᠢ ᠨᠢ ᠬᠠᠭᠠᠯᠭᠠᠭᠰᠠᠨ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠷᠢᠶ᠎ᠠ ᠣᠷᠣᠨ ᠤ ᠪᠠᠨ ᠳᠣᠲᠣᠷᠠᠬᠢ ᠣᠷᠴᠢᠨ ᠲᠣᠭᠤᠷᠢᠨ ᠢ ᠬᠦᠨᠳᠦ ᠨᠣᠴᠢᠲᠠᠶ | ᠪᠣᠬᠢᠷᠲᠤᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠵᠠᠷᠯᠢᠭᠳᠠᠵᠤ ᠪᠠᠶᠢᠭᠠᠳ ᠠᠵᠢᠯ ᠢ ᠨᠢ | ᠵᠣᠭᠰᠣᠭᠠᠬᠤ᠂ ᠡᠭᠦᠳᠡ ᠶᠢ ᠨᠢ ᠬᠠᠭᠠᠯᠭᠠᠬᠤ ᠲᠣᠭᠲᠠᠭᠠᠯ ᠭᠠᠷᠭᠠᠬᠤ ᠶᠣᠰᠣᠲᠠᠢ ᠪᠠᠶᠢᠲᠠᠯ᠎ᠠ ᠪᠠᠨ ᠲᠣᠭᠲᠠᠭᠠᠯ | ᠭᠠᠷᠭᠠᠭᠰᠠᠨ ᠦᠭᠡᠢ ᠡᠰᠡᠬᠦᠯ᠎ᠡ ᠲᠣᠭᠲᠠᠭᠠᠯ ᠭᠠᠷᠭᠠᠭᠰᠠᠨ ᠪᠠᠶᠢᠲᠠᠯ᠎ᠠ ᠪᠠᠨ ᠥᠯᠥ ᠨᠠᠶᠢᠳᠠᠪᠤᠷᠢᠵᠢᠭᠤᠯᠤᠭᠰᠠᠨ︔ | ︵ᠬᠤᠶᠠᠷ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠢᠰᠦ ᠣᠷᠣᠨ᠂ ᠵᠠᠪᠰᠠᠷ ᠤᠨ ᠣᠷᠣᠨ ᠤ | ᠳᠣᠲᠣᠷᠠᠬᠢ ᠬᠠᠤᠯᠢ ᠪᠤᠰᠤ ᠪᠠᠷ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠲᠥᠷᠥᠯ ᠵᠦᠢᠯ ᠪᠤᠶᠤ ᠣᠷᠴᠢᠨ | ᠲᠣᠭᠤᠷᠢᠨ ᠢ ᠪᠣᠬᠢᠷᠲᠤᠭᠤᠯᠬᠤ ᠂ ᠡᠬᠢ ᠪᠠᠶᠠᠯᠢᠭ ᠢ ᠡᠪᠳᠡᠬᠦ ᠨᠡᠭᠡᠭᠡᠨ ᠬᠥᠭᠵᠢᠭᠦᠯᠬᠦ ᠪᠦᠳᠦᠭᠡᠠ ᠪᠠᠶᠢᠭᠤᠯᠤᠯᠲᠠ ᠶᠢᠨ | ᠲᠥᠷᠥᠯ ᠵᠦᠢᠯ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠬᠤ᠂ ᠡᠭᠦᠳᠡ ᠶᠢ ᠨᠢ | ᠬᠠᠭᠠᠯᠭᠠᠬᠤ ᠵᠡᠷᠭᠡ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ᠂ ᠡᠰᠡᠬᠦᠯ᠎ᠡ ᠲᠣᠭᠲᠠᠭᠠᠯ ᠭᠠᠷᠭᠠᠭᠰᠠᠨ | ᠪᠠᠶᠢᠲᠠᠯ᠎ᠠ ᠨᠠᠶᠢᠳᠠᠪᠤᠷᠢᠵᠢᠭᠤᠯᠤᠭᠰᠠᠨ ᠦᠭᠡᠢ︔ | ︵ᠭᠤᠷᠪᠠ︶ ᠬᠠᠤᠯᠢ ᠶᠣᠰᠣᠭᠠᠷ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠤ ᠳᠣᠲᠣᠷ᠎ᠠ ᠲᠣᠭᠲᠠᠭᠠᠯ ᠠᠴᠠ ᠵᠥᠷᠢᠴᠡᠭᠰᠡᠨ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠲᠥᠷᠥᠯ ᠵᠦᠢᠯ | ᠭᠠᠷᠭᠠᠭᠰᠠᠨ ᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ᠂ ᠡᠭᠦᠳᠡ ᠶᠢ ᠨᠢ ᠬᠠᠭᠠᠯᠭᠠᠬᠤ ᠵᠡᠷᠭᠡ | ᠰᠢᠢᠳᠪᠦᠷᠢᠯᠡᠬᠦ ᠲᠣᠭᠲᠠᠭᠠᠯ ᠭᠠᠷᠭᠠᠬᠤ ᠶᠣᠰᠣᠲᠠᠢ ᠪᠠᠶᠢᠲᠠᠯ᠎ᠠ ᠪᠠᠨ ᠲᠣᠭᠲᠠᠭᠠᠯ ᠭᠠᠷᠭᠠᠭᠰᠠᠨ ᠦᠭᠡᠢ ᠡᠰᠡᠬᠦᠯ᠎ᠡ | ᠲᠣᠭᠲᠠᠭᠠᠯ ᠭᠠᠷᠭᠠᠭᠰᠠᠨ ᠪᠠᠶᠢᠲᠠᠯ᠎ᠠ ᠪᠠᠨ ᠥᠯᠥ ᠨᠠᠶᠢᠳᠠᠪᠤᠷᠢᠵᠢᠭᠤᠯᠤᠭᠰᠠᠨ ᠃ | ᠠᠷᠪᠠᠨ ᠳᠣᠯᠣᠳᠤᠭᠠᠷ ᠵᠦᠢᠯ ᠣᠷᠴᠢᠨ ᠲᠣᠭᠤᠷᠢᠨ ᠢ ᠬᠦᠨᠳᠦ ᠨᠣᠴᠢᠲᠠᠢ ᠪᠣᠬᠢᠷᠲᠤᠭᠤᠯᠤᠭᠰᠠᠨ ᠪᠠ | ᠪᠣᠬᠢᠷᠲᠤᠯ ᠪᠣᠯᠤᠨ ᠠᠮᠢ ᠠᠬᠤᠶ ᠶᠢ ᠬᠦᠨᠳᠦ ᠰᠦᠷᠡᠬᠡᠶ ᠡᠪᠳᠡᠭᠰᠡᠨ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ | ᠰᠢᠢᠳᠪᠦᠷᠢᠯᠡᠬᠦ ᠠᠵᠢᠯ ᠢ ᠬᠢᠭᠰᠡᠨ ᠢᠶᠠᠷ ᠪᠠᠷᠤᠭᠲᠠᠢ ᠪᠣᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠤᠳᠤᠷᠢᠳᠬᠤ ᠪᠦᠷᠢᠯᠳᠦᠬᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨᠨᠠᠢᠮᠠᠳᠤᠭᠠᠷ ᠵᠦᠢᠯ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠰᠠᠯᠠᠭ᠎ᠠ | ᠮᠥᠴᠢᠷ ᠤᠨ ᠲᠣᠭᠲᠠᠭᠠᠭᠰᠠᠨ ᠲᠣᠭᠲᠠᠭᠠᠯ ᠪᠤᠶᠤ ᠠᠪᠤᠭᠰᠠᠨ ᠠᠷᠭ᠎ᠠ ᠬᠡᠮᠵᠢᠶ᠎ᠡ ᠨᠢ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠪᠠ ᠡᠬᠢ ᠪᠠᠶᠠᠯᠢᠭ ᠤᠨ ᠲᠠᠯ᠎ᠠ ᠪᠠᠷ ᠬᠢ ᠲᠥᠷᠦ ᠶᠢᠨ ᠪᠤᠳᠤᠯᠭ᠎ᠠ᠂ ᠬᠠᠤᠯᠢ ᠴᠠᠭᠠᠵᠠ | ᠬᠠᠤᠯᠢ ᠲᠣᠭᠲᠠᠭᠠᠯ ᠠᠴᠠ ᠵᠦᠷᠢᠴᠡᠭᠰᠡᠨ ᠪᠣᠯ᠂ ᠠᠵᠢᠯ ᠤᠨ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ | ᠪᠦᠷᠢᠯᠳᠦᠬᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠ ᠶᠢᠰᠦᠳᠦᠭᠡᠷ ᠵᠦᠢᠯ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠰᠠᠯᠠᠭ᠎ᠠ | ᠮᠥᠴᠢᠷ ᠤᠨ ᠵᠦᠪᠰᠢᠶᠡᠷᠡᠭᠰᠡᠨ ᠨᠡᠭᠡᠭᠡᠨ ᠠᠰᠢᠭᠯᠠᠬᠤ ᠲᠥᠯᠥᠪᠵᠢᠭᠦᠯᠭᠡ ᠪᠤᠶᠤ ᠲᠦᠷᠦᠯ ᠵᠦᠢᠯ ᠤᠨ ᠬᠢᠨᠠᠨ | ᠵᠦᠪᠰᠢᠶᠡᠷᠡᠯ ︵ᠬᠠᠷᠭᠤᠭᠤᠯᠤᠨ ᠵᠥᠪᠰᠢᠶᠡᠷᠡᠬᠦ︶ ᠨᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ | ᠡᠬᠢ ᠪᠠᠶᠠᠯᠢᠭ ᠤᠨ ᠲᠠᠯ᠎ᠠ ᠪᠠᠷ ᠬᠢ ᠲᠦᠷᠤ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ | ᠵᠦᠷᠢᠴᠡᠭᠰᠡᠨ ᠪᠣᠯ᠂ ᠠᠵᠢᠯ ᠤᠨ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠪᠦᠷᠢᠯᠳᠦᠬᠦᠨ ᠠᠴᠠ ᠬᠠᠷᠢᠭᠤᠴᠠᠯᠭ᠎ᠠ | ᠨᠡᠬᠡᠮᠵᠢᠯᠡᠨ᠎ᠡ᠄ | ︵ᠨᠢᠭᠡ︶ ᠵᠥᠪᠰᠢᠶᠡᠷᠡᠭᠰᠡᠨ ᠨᠡᠭᠡᠭᠡᠨ ᠠᠰᠢᠭᠯᠠᠬᠤ ᠲᠥᠯᠥᠪᠵᠢᠭᠦᠯᠭᠡ ᠪᠤᠶᠤ ᠲᠦᠷᠦᠯ ᠵᠦᠢᠯ ᠤᠨ ᠬᠢᠨᠠᠨ | ᠵᠦᠪᠰᠢᠶᠡᠷᠡᠯ ︵ᠬᠠᠷᠭᠤᠭᠤᠯᠤᠨ ᠵᠥᠪᠰᠢᠶᠡᠷᠡᠬᠦ︶ ᠨᠢ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ ᠪᠠ | ᠪᠦᠳᠤᠭᠡᠨ ᠪᠠᠶᠢᠭᠤᠯᠤᠯᠲᠠ ᠶᠢᠨ ᠲᠦᠷᠦᠯ ᠵᠦᠢᠯ ᠢ ᠱᠠᠳᠤ ᠬᠤᠪᠢᠶᠠᠨ ᠬᠠᠮᠢᠶᠠᠷᠬᠤ ᠬᠤᠯᠪᠣᠭᠳᠠᠯ ᠪᠦᠬᠦᠢ | ᠲᠣᠭᠲᠠᠭᠠᠯ ᠠᠴᠠ ᠵᠦᠷᠢᠴᠡᠭᠰᠡᠨ︔ | ︵ᠬᠤᠶᠠᠷ︶ ᠵᠥᠪᠰᠢᠶᠡᠷᠡᠭᠰᠡᠨ ᠨᠡᠭᠡᠭᠡᠨ ᠠᠰᠢᠭᠯᠠᠬᠤ ᠲᠥᠯᠥᠪᠵᠢᠭᠦᠯᠭᠡ ᠪᠤᠶᠤ ᠲᠦᠷᠦᠯ ᠵᠦᠢᠯ ᠤᠨ ᠬᠢᠨᠠᠨ | ᠵᠦᠪᠰᠢᠶᠡᠷᠡᠯ ︵ᠬᠠᠷᠭᠤᠭᠤᠯᠤᠨ ᠵᠥᠪᠰᠢᠶᠡᠷᠡᠬᠦ︶ ᠨᠢ ᠤᠰᠤᠨ ᠤ ᠬᠠᠤᠯᠢ᠂ ᠦᠶᠡᠷ ᠢ ᠰᠡᠷᠭᠡᠶᠢᠯᠡᠬᠦ ᠬᠠᠤᠯᠢ᠂ ᠤᠰᠤ | ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠬᠤ ᠳᠦᠷᠢᠮ ᠢ | ᠵᠦᠷᠢᠴᠡᠭᠰᠡᠨ︔ | ︵ᠭᠤᠷᠪᠠ︶ ᠬᠢᠨᠠᠨ ᠣᠯᠭᠤᠭᠰᠠᠨ ᠲᠦᠯᠦᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ ᠨᠢ ᠬᠤᠳᠠ | ᠬᠥᠳᠡᠭᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ | ᠵᠦᠷᠢᠴᠡᠭᠰᠡᠨ᠃ | ᠬᠤᠷᠢᠳᠤᠭᠠᠷ ᠵᠦᠢᠯ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠰᠠᠯᠠᠭ᠎ᠠ ᠮᠦᠴᠢᠷ ᠤᠳ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠬᠢ ᠪᠠᠶᠠᠯᠢᠭ ᠤᠨ ᠲᠠᠯ᠎ᠠ ᠪᠠᠷ ᠬᠢ ᠲᠦᠷᠤ ᠶᠢᠨ | ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠢᠶᠠᠷ ᠰᠤᠯᠠ ᠪᠦᠭᠡᠳ ᠬᠡᠷᠡᠭᠵᠢᠭᠦᠯᠦᠭᠰᠡᠨ | ᠪᠠᠶᠢᠳᠠᠯ ᠢᠶᠠᠨ ᠲᠣᠭᠲᠠᠭᠠᠯ ᠶᠣᠰᠣᠭᠠᠷ ᠬᠢᠨᠠᠯᠲᠠ ᠲᠠᠯᠪᠢᠨ ᠪᠠᠶᠢᠴᠠᠭᠰᠠᠨ ᠦᠭᠡᠢ ᠡᠰᠡᠬᠦᠯ᠎ᠡ ᠬᠢᠨᠠᠯᠲᠠ ᠲᠠᠯᠪᠢᠵᠤ | ᠪᠠᠶᠢᠴᠠᠭᠠᠬᠤ ᠳᠠᠭᠠᠨ ᠬᠠᠰᠢ ᠶᠠᠰᠢ ᠪᠠᠷ ᠠᠯᠪᠠ ᠬᠠᠰᠢᠭᠰᠠᠨ ᠪᠣᠯ᠂ ᠠᠵᠢᠯ ᠤᠨ ᠰᠠᠯᠠᠭ᠎ᠠ ᠮᠥᠴᠢᠷ ᠤᠨ | ᠤᠳᠤᠷᠢᠳᠤᠯᠭ᠎ᠠ ᠶᠢᠨ ᠪᠦᠷᠢᠯᠳᠦᠬᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠤᠯᠢ ᠶᠢ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠨᠢᠭᠡᠴᠡ ᠶᠢ ᠲᠣᠭᠲᠠᠭᠠᠯ | ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠦᠭᠡᠢ ᠡᠰᠡᠬᠦᠯ᠎ᠡ ᠨᠢᠭᠡᠨᠲᠡ ᠬᠠᠤᠯᠢ ᠶᠣᠰᠣᠭᠠᠷ ᠦᠢᠯᠡᠳᠪᠦᠷᠢᠯᠡᠯ ᠢ ᠨᠢ | ᠵᠣᠭᠰᠣᠭᠠᠨ ᠴᠡᠭᠴᠡᠯᠡᠭᠦᠯᠦᠭᠰᠡᠨ᠂ ᠡᠭᠦᠳᠡ ᠶᠢ ᠨᠢ ᠬᠠᠭᠠᠯᠭᠠᠭᠰᠠᠨ ᠣᠷᠴᠢᠨ ᠲᠣᠭᠤᠷᠢᠨ ᠢ ᠬᠦᠨᠳᠦ ᠨᠣᠴᠢᠲᠠᠶ | ᠪᠣᠬᠢᠷᠲᠤᠭᠤᠯᠤᠭᠰᠠᠨ ᠨᠢᠭᠡᠴᠡ ᠶᠢᠨ ᠦᠢᠯᠡᠳᠪᠦᠷᠢᠯᠡᠯ᠂ ᠡᠵᠡᠩᠨᠡᠯᠲᠡ ᠪᠠᠨ ᠰᠡᠷᠭᠦᠭᠡᠬᠦ ᠶᠢ ᠨᠢ ᠳᠡᠮᠵᠢᠭᠰᠡᠨ᠂ ᠳᠤᠷ᠎ᠠ | ᠪᠠᠷ ᠨᠢ ᠲᠠᠯᠪᠢᠭᠰᠠᠨ︔ | ︵ᠬᠤᠶᠠᠷ︶ ᠪᠣᠬᠢᠷᠲᠤᠯ ᠪᠣᠳᠠᠰ ᠭᠠᠳᠠᠭᠰᠢᠯᠠᠭᠤᠯᠬᠤ ᠰᠦᠢᠳᠬᠡᠯ ᠤᠨ ᠬᠠᠮᠢᠶ᠎ᠠ ᠪᠦᠬᠦᠢ ᠰᠦᠢᠳᠭᠡᠯ ᠢᠶᠠᠨ | ᠬᠤᠶᠢᠰᠢᠯᠠᠭᠤᠯᠵᠤ ᠲᠤᠰᠢᠶᠠᠬᠤ᠂ ᠳᠤᠲᠠᠭᠤ ᠲᠤᠰᠢᠶᠠᠬᠤ᠂ ᠦᠯᠦ ᠲᠤᠰᠢᠶᠠᠬᠤ ᠶᠢ ᠬᠠᠤᠯᠢ ᠪᠣᠰᠤ ᠪᠠᠷ | ᠵᠦᠪᠰᠢᠶᠡᠷᠡᠭᠰᠡᠨ︔ | ︵ᠭᠤᠷᠪᠠ︶ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠠᠵᠢᠯᠯᠠᠭᠠᠨ ᠤ | ᠳᠤᠮᠳᠠ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ ᠮᠠᠲ᠋ᠧᠷᠢᠶᠠᠯ ᠳᠤ ᠨᠡᠶᠢᠴᠡᠬᠦ ᠦᠭᠡᠢ ᠪᠦᠭᠡᠳ ᠠᠰᠢᠭ | ᠦᠭᠡᠢ ᠨᠥᠯᠥᠭᠡ ᠦᠵᠡᠭᠦᠯᠵᠦ ᠮᠡᠳᠡᠬᠦ ᠪᠠᠶᠢᠳᠠᠯ ᠳᠤ᠂ ᠲᠡᠷᠡ ᠳᠠᠷᠤᠢ ᠳᠤᠨᠢ ᠪᠦᠳᠦᠭᠡᠠ ᠪᠠᠶᠢᠭᠤᠯᠤᠯᠲᠠ ᠶᠢᠨ ᠨᠢᠭᠡᠴᠡ | ᠳᠤ ᠱᠠᠭᠠᠷᠳᠠᠵᠤ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠯᠲᠡ ᠶᠢ ᠨᠢ ᠬᠤᠪᠢᠷᠠᠭᠤᠯᠤᠭᠰᠠᠨ ᠦᠭᠡᠢ ᠪᠦᠭᠡᠳ | ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠦᠯᠦ ᠠᠪᠤᠭᠤᠯᠤᠭᠰᠠᠨ︔ | ︵ᠲᠦᠷᠪᠡ︶ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠳᠤ ᠴᠠᠭ ᠲᠤᠬᠠᠢ ᠳᠤᠨᠢ ᠠᠯᠪᠠᠨ ᠶᠣᠰᠤᠭᠠᠷ | ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠳᠤᠷᠠᠳᠤᠭᠰᠠᠨ ᠦᠭᠡᠢ ᠡᠰᠡᠬᠦᠯ᠎ᠡ ᠠᠯᠪᠠᠨ ᠶᠣᠰᠣᠭᠠᠷ ᠴᠡᠭᠴᠡᠯᠡᠨ | ᠦᠭᠡᠷᠡᠴᠢᠯᠡᠬᠦ ᠱᠠᠭᠠᠷᠳᠠᠯᠭ᠎ᠠ ᠳᠤᠷᠠᠳᠤᠭᠰᠠᠨ ᠤ ᠰᠡᠭᠦᠯᠡᠷ ᠴᠡᠭᠴᠡᠯᠡᠨ ᠦᠭᠡᠷᠡᠴᠢᠯᠡᠭᠰᠡᠨ ᠦᠷ᠎ᠡ ᠳ᠋ᠦᠩ ᠢ ᠲᠤᠬᠠᠶ ᠶᠢᠨ | ᠭᠠᠵᠠᠷ ᠲᠤᠨᠢ ᠳᠠᠬᠢᠨ ᠦᠯᠦ ᠬᠢᠨᠠᠭᠰᠠᠨ᠃ | ᠬᠤᠷᠢᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠰᠠᠯᠠᠭ᠎ᠠ | ᠮᠥᠴᠢᠷ ᠤᠳ ᠢᠯᠡᠷᠡᠭᠦᠯᠦᠭᠰᠡᠨ ᠪᠤᠶᠤ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠰᠢᠮᠳᠠᠭᠤᠯᠤᠨ | ᠰᠢᠢᠳᠪᠦᠷᠢᠯᠡᠭᠦᠯᠦᠭᠰᠡᠨ᠂ ᠤᠯᠡᠠ ᠲᠦᠮᠡᠨ ᠤ ᠢᠯᠡᠴᠢᠯᠡᠨ ᠮᠡᠳᠡᠭᠦᠯᠦᠭᠰᠡᠨ ᠠᠮᠢ ᠠᠬᠤᠶ ᠶᠢᠨ ᠣᠷᠴᠢᠨ ᠲᠣᠭᠤᠷᠢᠨ ᠪᠠ | ᠡᠬᠢ ᠪᠠᠶᠠᠯᠢᠭ ᠢ ᠬᠦᠨᠳᠦ ᠨᠣᠴᠢᠲᠠᠶ ᠡᠪᠳᠡᠭᠰᠡᠨ ᠠᠰᠠᠭᠤᠳᠠᠯ ᠢ᠂ ᠲᠣᠭᠲᠠᠭᠠᠯ ᠶᠣᠰᠣᠭᠠᠷ ᠪᠠᠶᠢᠴᠠᠭᠠᠨ | ᠰᠢᠢᠳᠪᠦᠷᠢᠯᠡᠭᠰᠡᠨ ᠦᠭᠡᠢ ᠪᠣᠯ᠂ ᠠᠵᠢᠯ ᠤᠨ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠪᠦᠷᠢᠯᠳᠦᠬᠦᠨ ᠠᠴᠠ | ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠰᠠᠯᠠᠭ᠎ᠠ | ᠮᠥᠴᠢᠷ ᠤᠳ ᠣᠷᠴᠢᠨ ᠲᠣᠭᠤᠷᠢᠨ ᠤ ᠪᠣᠬᠢᠷᠲᠤᠯ ᠪᠠ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ︵ | ᠭᠠᠮᠰᠢᠭ︶ ᠬᠡᠷᠡᠭ ᠤᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ᠂ ᠮᠡᠳᠡᠭᠳᠡᠭᠰᠡᠨ ᠦᠭᠡᠢ | ᠪᠤᠶᠤ ᠢᠯᠡ ᠨᠡᠶᠢᠲᠡᠯᠡᠭᠰᠡᠨ ᠦᠭᠡᠢ ᠪᠣᠯ᠂ ᠠᠵᠢᠯ ᠤᠨ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ | ᠪᠦᠷᠢᠯᠳᠦᠬᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠰᠠᠯᠠᠭ᠎ᠠ | ᠮᠥᠴᠢᠷ ᠨᠢ ᠬᠤᠯᠪᠣᠭᠳᠠᠯ ᠪᠦᠬᠦᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦᠯᠬᠦ ᠶᠣᠰᠤᠲᠠᠢ ᠠᠮᠢ | ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠲᠠᠯ᠎ᠠ ᠪᠠᠷ ᠬᠢ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠬᠡᠷᠡᠭ ᠤᠨ ᠰᠦᠪᠡᠭᠴᠢ ᠶᠢ ᠲᠣᠭᠲᠠᠭᠠᠯ ᠶᠣᠰᠣᠭᠠᠷ ᠰᠢᠯᠵᠢᠭᠦᠯᠦᠨ ᠬᠦᠷᠭᠡᠭᠰᠡᠨ ᠦᠭᠡᠢ ᠴᠢᠨᠠᠭᠰᠢᠯᠠᠪᠠᠯ | ᠬᠠᠷᠢᠭᠤᠴᠠᠯᠭ᠎ᠠ ᠨᠡᠬᠡᠮᠵᠢᠯᠡᠬᠦ ᠶᠣᠰᠤᠲᠠᠢ ᠠᠵᠢᠯᠲᠠᠨ ᠳᠤ ᠰᠢᠳᠬᠡᠯ ᠣᠯᠭᠤᠭᠰᠠᠨ ᠦᠭᠡᠢ ᠪᠣᠶᠣ ᠲᠡᠭᠦᠨ ᠠᠴᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠦᠭᠡᠢ ᠪᠣᠯ᠂ ᠠᠵᠢᠯ ᠤᠨ ᠰᠠᠯᠠᠭ᠎ᠠ ᠮᠥᠴᠢᠷ ᠤᠨ ᠤᠳᠤᠷᠢᠳᠤᠯᠭ᠎ᠠ | ᠶᠢᠨ ᠪᠦᠷᠢᠯᠳᠦᠬᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠳᠥᠷᠪᠡᠳᠦᠭᠡᠷ ᠵᠦᠢᠯ ᠨᠠᠮ ᠵᠠᠰᠠᠭ ᠤᠨ ᠤᠳᠤᠷᠢᠳᠬᠤ ᠺᠠᠳ᠋ᠷᠴᠤᠳ ᠠᠮᠢ ᠠᠬᠤᠶ ᠶᠢᠨ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠠᠵᠢᠯ ᠢ ᠬᠠᠷᠰᠢᠯᠠᠭᠰᠠᠨ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ᠂ | ᠡᠰᠡᠭᠦᠯ᠎ᠡ ᠠᠮᠢ ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠢ ᠬᠢᠨᠠᠨ ᠬᠠᠮᠢᠶᠠᠷᠬᠤ ᠬᠠᠤᠯᠢ | ᠬᠡᠷᠡᠭᠵᠢᠭᠦᠯᠦᠯᠲᠡ ᠶᠢᠨ ᠠᠵᠢᠯ ᠢ ᠬᠢᠵᠠᠭᠠᠷᠯᠠᠭᠰᠠᠨ᠂ ᠬᠠᠷᠰᠢᠯᠠᠭᠰᠠᠨ᠂ ᠰᠠᠭᠠᠲᠤᠭᠤᠯᠤᠭᠰᠠᠨ ᠪᠣᠯ᠂ ᠲᠡᠭᠦᠨ ᠠᠴᠠ | ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠲᠠᠪᠤᠳᠤᠭᠠᠷ ᠵᠦᠢᠯ ᠨᠠᠮ ᠵᠠᠰᠠᠭ ᠤᠨ ᠤᠳᠤᠷᠢᠳᠬᠤ ᠺᠠᠳ᠋ᠷᠴᠤᠳ ᠬᠠᠤᠯᠢ ᠴᠠᠭᠠᠵᠠ ᠶᠢᠨ | ᠠᠵᠢᠯᠯᠠᠭ᠎ᠠ ᠶᠢ ᠬᠠᠷᠰᠢᠯᠠᠭᠰᠠᠨ᠂ ᠠᠮᠢ ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠲᠠᠯ᠎ᠠ ᠪᠠᠷ ᠬᠢ | ᠪᠣᠳᠠᠲᠠᠶ ᠬᠠᠤᠯᠢ ᠴᠠᠭᠠᠵᠠ ᠶᠢᠨ ᠬᠡᠷᠡᠭ ᠢ ᠰᠢᠢᠳᠪᠦᠷᠢᠯᠡᠬᠦ ᠳᠤ ᠭᠠᠷ ᠳᠦᠷᠦᠭᠰᠡᠨ ᠪᠣᠯ᠂ ︽ᠤᠳᠤᠷᠢᠳᠬᠤ | ᠺᠠᠳ᠋ᠷᠴᠤᠳ ᠬᠠᠤᠯᠢ ᠴᠠᠭᠠᠵᠠ ᠶᠢᠨ ᠠᠵᠢᠯᠯᠠᠭ᠎ᠠ ᠶᠢ ᠬᠠᠷᠰᠢᠯᠠᠭᠰᠠᠨ᠂ ᠪᠣᠳᠠᠲᠠᠶ ᠬᠡᠷᠡᠭ ᠢ ᠰᠢᠢᠳᠪᠦᠷᠢᠯᠡᠬᠦ ᠳᠤ ᠭᠠᠷ | ᠳᠦᠷᠦᠭᠰᠡᠨ ᠶᠠᠪᠤᠳᠠᠯ ᠢ ᠲᠡᠮᠳᠡᠭᠯᠡᠬᠦ᠂ ᠨᠡᠶᠢᠲᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ︾ ᠪᠣᠯᠤᠨ ︽ | ᠤᠳᠤᠷᠢᠳᠬᠤ ᠺᠠᠳ᠋ᠷᠴᠤᠳ ᠬᠠᠤᠯᠢ ᠴᠠᠭᠠᠵᠠ ᠶᠢᠨ ᠠᠵᠢᠯᠯᠠᠭ᠎ᠠ ᠶᠢ ᠬᠠᠷᠰᠢᠯᠠᠭᠰᠠᠨ᠂ ᠪᠣᠳᠠᠲᠠᠶ ᠬᠡᠷᠡᠭ ᠢ | ᠰᠢᠢᠳᠪᠦᠷᠢᠯᠡᠬᠦ ᠳᠤ ᠭᠠᠷ ᠳᠦᠷᠦᠭᠰᠡᠨ ᠶᠠᠪᠤᠳᠠᠯ ᠢ ᠲᠡᠮᠳᠡᠭᠯᠡᠬᠦ᠂ ᠨᠡᠶᠢᠲᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ | ᠬᠡᠷᠡᠭᠵᠢᠭᠦᠯᠬᠦ ᠠᠷᠭ᠎ᠠ︾ ᠶᠢᠨ ᠶᠣᠰᠤᠭᠠᠷ ᠲᠡᠭᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠵᠢᠷᠭᠤᠳᠤᠭᠠᠷ ᠵᠦᠢᠯ ᠨᠠᠮ ᠵᠠᠰᠠᠭ ᠤᠨ ᠤᠳᠤᠷᠢᠳᠬᠤ ᠺᠠᠳ᠋ᠷᠴᠤᠳ ᠪᠥᠳᠥᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠭᠠᠷ ᠳᠦᠷᠦᠨ ᠬᠠᠷᠰᠢᠯᠠᠭᠰᠠᠨ ᠪᠠ ᠴᠢᠨᠠᠭᠰᠢᠯᠠᠪᠠᠯ ᠠᠮᠢ ᠠᠬᠤᠶ ᠶᠢᠨ ᠣᠷᠴᠢᠨ ᠲᠣᠭᠤᠷᠢᠨ ᠪᠠ | ᠡᠬᠢ ᠪᠠᠶᠠᠯᠢᠭ ᠤᠨ ᠲᠠᠯ᠎ᠠ ᠪᠠᠷ ᠬᠢ ᠲᠦᠷᠤ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ | ᠦᠭᠡᠢ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠭᠰᠡᠨ ︵ᠬᠠᠷᠭᠤᠭᠤᠯᠤᠨ | ᠵᠦᠪᠰᠢᠶᠡᠷᠡᠭᠰᠡᠨ︶᠂ ᠪᠦᠳᠦᠭᠡᠠ ᠪᠠᠶᠢᠭᠤᠯᠤᠭᠰᠠᠨ ᠪᠤᠶᠤ ᠠᠰᠢᠭᠯᠠᠯᠲᠠ ᠳᠤ ᠣᠷᠤᠭᠤᠯᠤᠭᠰᠠᠨ ︵ᠬᠡᠷᠡᠭᠯᠡᠭᠰᠡᠨ︶ | ᠪᠣᠯ᠂ ᠲᠡᠭᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠳᠠᠭᠤᠰᠤᠭᠰᠠᠨ ᠳᠠᠷᠠᠭ᠎ᠠ ᠰᠢᠯᠭᠠᠨ ᠠᠪᠬᠤ ᠳᠤ ᠭᠠᠷ ᠲᠦᠷᠦᠨ ᠬᠠᠷᠰᠢᠯᠠᠭᠰᠠᠨ ᠪᠠ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠤᠨ ᠱᠠᠭᠠᠷᠳᠠᠯᠭ᠎ᠠ ᠳᠤ ᠬᠦᠷᠦᠭᠰᠡᠠ ᠤᠢᠭᠡᠢ | ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ ᠢ ᠪᠠᠲᠤᠯᠠᠭᠰᠠᠨ︔ | ︵ᠬᠤᠶᠠᠷ︶ ᠨᠡᠭᠡᠭᠡᠨ ᠠᠰᠢᠭᠯᠠᠬᠤ ᠲᠥᠯᠥᠪᠵᠢᠭᠦᠯᠭᠡ ᠪᠤᠶᠤ ᠪᠦᠳᠤᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠬᠢᠨᠠᠨ ᠵᠥᠪᠰᠢᠶᠡᠷᠡᠬᠦ ︵ᠬᠢᠨᠠᠨ ᠪᠠᠶᠢᠴᠠᠭᠠᠬᠤ︶ | ᠪᠢᠴᠢᠭ ᠮᠠᠲ᠋ᠧᠷᠢᠶᠠᠯ ᠢ ᠵᠢᠭᠠᠨ ᠳᠣᠬᠢᠵᠤ ᠪᠠᠶᠢᠭᠠᠳ ᠦᠭᠡᠷᠡᠲᠦᠭᠦᠯᠦᠭᠰᠡᠨ᠂ ᠬᠠᠭᠤᠷᠮᠠᠭᠯᠠᠨ ᠵᠣᠬᠢᠶᠠᠭᠰᠠᠨ | ᠪᠠᠭᠲᠠᠨ᠎ᠠ᠃ | ᠬᠤᠷᠢᠨ ᠳᠣᠯᠣᠳᠤᠭᠠᠷ ᠵᠦᠢᠯ᠂ ᠨᠠᠮ ᠵᠠᠰᠠᠭ ᠤᠨ ᠤᠳᠤᠷᠢᠳᠬᠤ ᠺᠠᠳ᠋ᠷᠴᠤᠳ ᠠᠮᠢ ᠠᠬᠤᠶ ᠶᠢᠨ ᠣᠷᠴᠢᠨ | ᠲᠤᠭᠤᠷᠢᠨᠪᠤᠯᠤᠨ ᠡᠬᠢ ᠪᠠᠶᠠᠯᠢᠭ ᠤᠨ ᠲᠠᠯ᠎ᠠ ᠶᠢᠨ ᠪᠠᠶᠢᠴᠠᠭᠠᠯᠲᠠ ᠪᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠵᠢᠭᠠᠨ | ᠲᠤᠬᠢᠵᠤ ᠪᠠᠶᠢᠭᠠᠳ ᠦᠭᠡᠷᠡᠲᠦᠭᠦᠯᠦᠭᠰᠡᠨ ᠪᠠ ᠬᠠᠭᠤᠷᠮᠠᠭᠯᠠᠨ ᠵᠤᠬᠢᠶᠠᠭᠰᠠᠨ ᠪᠤᠯ ᠲᠡᠭᠦᠨ ᠠᠴᠠ ᠬᠠᠷᠢᠭᠤᠴᠠᠯᠭ᠎ᠠ | ᠨᠡᠬᠡᠮᠵᠢᠯᠡᠨ᠎ᠡ᠃ | ᠬᠤᠷᠢᠨ ᠨᠠᠢᠮᠠᠳᠤᠭᠠᠷ ᠵᠦᠢᠯ᠂ ᠨᠠᠮ ᠤᠨ ᠬᠤᠷᠢᠶ᠎ᠠ ᠵᠢᠴᠢ ᠲᠡᠭᠦᠨ ᠤ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠤᠳ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠢ ᠰᠢᠯᠢᠨ ᠰᠣᠩᠭᠤᠵᠤ ᠲᠤᠰᠢᠶᠠᠯ ᠳᠤ | ᠲᠣᠮᠢᠯᠠᠬᠤ ᠠᠵᠢᠯ ᠤᠨ ᠳᠤᠮᠳᠠ᠂ ᠲᠣᠭᠲᠠᠭᠠᠯ ᠶᠣᠰᠣᠭᠠᠷ ᠡᠬᠢ ᠪᠠᠶᠠᠯᠢᠭ ᠤᠨ ᠬᠤᠷᠣᠭᠳᠠᠭᠤᠯᠤᠯ᠂ ᠠᠮᠢ ᠠᠬᠤᠶ ᠶᠢᠨ | ᠣᠷᠴᠢᠨ ᠲᠤᠭᠤᠷᠢᠨ ᠤ ᠬᠠᠮᠠᠭᠠᠯᠠᠯᠲᠠ᠂ ᠠᠮᠢ ᠠᠬᠤᠶ ᠶᠢᠨ ᠦᠷ᠎ᠡ ᠠᠰᠢᠭ ᠵᠡᠷᠭᠡ ᠪᠠᠶᠢᠳᠠᠯ ᠢ ᠰᠢᠯᠭᠠᠨ ᠬᠢᠨᠠᠵᠤ | ᠦᠨᠡᠯᠡᠬᠦ ᠶᠢᠨ ᠴᠢᠬᠤᠯᠠ ᠠᠭᠤᠯᠭ᠎ᠠ ᠪᠤᠯᠭᠠᠵᠤ᠂ ᠠᠮᠢ ᠠᠬᠤᠶ ᠶᠢᠨ ᠣᠷᠴᠢᠨ ᠲᠤᠭᠤᠷᠢᠨ ᠪᠠ ᠡᠬᠢ ᠪᠠᠶᠠᠯᠢᠭ ᠤᠨ | ᠲᠠᠯ᠎ᠠ ᠪᠠᠷ ᠬᠦᠨᠳᠦ ᠨᠣᠴᠢᠲᠠᠶ ᠡᠪᠳᠡᠯᠦᠭᠡ ᠤᠴᠠᠷᠠᠭᠤᠯᠤᠭᠰᠠᠨ ᠶᠠᠪᠤᠳᠠᠯ ᠳᠤ ᠬᠠᠷᠢᠭᠤᠴᠠᠯᠭ᠎ᠠ ᠲᠠᠢ ᠺᠠᠳ᠋ᠷ ᠢ ᠴᠢᠬᠤᠯᠠ | ᠲᠤᠰᠢᠶᠠᠯ ᠳᠤ ᠳᠡᠪᠰᠢᠭᠦᠯᠦᠨ ᠬᠡᠷᠡᠭᠯᠡᠬᠦ ᠪᠤᠶᠤ ᠰᠢᠯᠵᠢᠭᠦᠯᠦᠨ ᠲᠤᠮᠢᠯᠠᠵᠤ ᠪᠣᠯᠬᠤ ᠦᠭᠡᠢ᠃ | ᠬᠤᠷᠢ ᠶᠢᠰᠦᠳᠦᠭᠡᠷ ᠵᠦᠢᠯ᠂ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠠᠮᠢ ᠠᠬᠤᠶ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠬᠡᠯᠪᠡᠷᠢ ᠪᠤᠯ᠄ ᠰᠡᠷᠡᠮᠵᠢᠯᠡᠭᠦᠯᠦᠨ ᠴᠡᠭᠡᠷᠯᠡᠭᠦᠯᠬᠦ᠂ | ᠵᠠᠷᠯᠢᠭᠳᠠᠵᠤ ᠪᠠᠶᠢᠭᠠᠳ ᠢᠯᠡ ᠪᠠᠷ ᠪᠤᠷᠤᠭᠤ ᠮᠡᠳᠡᠭᠦᠯᠦᠨ᠎ᠡ︔ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ | ᠰᠢᠢᠳᠪᠦᠷᠢᠯᠡᠨ᠎ᠡ᠂ ᠡᠭᠦᠨ ᠳᠤ ᠠᠵᠢᠯ ᠤᠨ ᠪᠠᠶᠢᠷᠢ ᠠᠴᠠ ᠨᠢ ᠰᠢᠯᠵᠢᠭᠦᠯᠬᠦ᠂ ᠠᠯᠳᠠᠭ᠎ᠠ ᠪᠤᠷᠤᠭᠤ ᠪᠠᠨ ᠬᠦᠯᠢᠶᠡᠵᠦ | ᠲᠤᠰᠢᠶᠠᠯ ᠠᠴᠠ ᠪᠠᠨ ᠪᠠᠭᠤᠬᠤ᠂ ᠵᠠᠷᠯᠢᠭᠳᠠᠵᠤ ᠪᠠᠶᠢᠭᠠᠳ ᠲᠤᠰᠢᠶᠠᠯ ᠠᠴᠠ ᠨᠢ ᠪᠠᠭᠤᠯᠭᠠᠬᠤ᠂ ᠲᠤᠰᠢᠶᠠᠯ ᠶᠢ | ᠬᠠᠰᠤᠬᠤ᠂ ᠲᠤᠰᠢᠶᠠᠯ ᠢ ᠨᠢ ᠪᠠᠭᠤᠷᠠᠭᠤᠯᠬᠤ ᠵᠡᠷᠭᠡ ᠪᠠᠭᠲᠠᠨ᠎ᠠ︔ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ | ᠪᠠᠲᠤ ᠶᠢᠨ ᠰᠢᠳᠬᠡᠯ ᠦᠭᠭᠦᠨ᠎ᠡ᠃ | ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠠ ᠨᠠᠮ ᠤᠨ ᠰᠠᠬᠢᠯᠭ᠎ᠠ ᠪᠠᠲᠤ ᠵᠠᠰᠠᠭ ᠤᠨ | ᠰᠠᠬᠢᠯᠭ᠎ᠠ ᠪᠠᠲᠤ ᠶᠢᠨ ᠰᠢᠳᠬᠡᠯ ᠢ ᠲᠤᠰᠠᠭᠠᠷ ᠨᠢ ᠬᠡᠷᠡᠭᠯᠡᠵᠦ ᠪᠣᠯᠤᠨ᠎ᠠ᠂ ᠪᠠᠰᠠ ᠬᠠᠮᠲᠤ ᠳᠤᠨᠢ ᠬᠡᠷᠡᠭᠯᠡᠵᠦ | ᠪᠣᠯᠤᠨ᠎ᠠ᠃ | ᠬᠠᠷᠢᠭᠤᠴᠠᠯᠭ᠎ᠠ ᠨᠡᠬᠡᠮᠵᠢᠯᠡᠭᠳᠡᠭᠴᠢ ᠨᠢ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃ | ᠭᠤᠴᠢᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠠᠮᠢ ᠠᠬᠤᠶ ᠶᠢᠨ ᠣᠷᠴᠢᠨ ᠲᠣᠭᠤᠷᠢᠨ ᠪᠠ | ᠡᠬᠢ ᠪᠠᠶᠠᠯᠢᠭ ᠤᠨ ᠬᠠᠮᠠᠭᠠᠯᠠᠯᠲᠠ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ | ᠠᠵᠢᠯ ᠤᠨ ᠰᠠᠯᠠᠭ᠎ᠠ ᠮᠥᠴᠢᠷ ᠲᠤᠰ ᠨᠠᠷᠢᠨ ᠳᠦᠷᠢᠮ ᠤᠨ ᠲᠣᠭᠲᠠᠭᠠᠯ ᠳᠤ ᠲᠣᠭᠲᠠᠭᠠᠭᠰᠠᠨ ᠬᠠᠷᠢᠭᠤᠴᠠᠯᠭ᠎ᠠ | ᠨᠡᠬᠡᠮᠵᠢᠯᠡᠬᠦ ᠦᠢᠯᠡ ᠪᠠᠶᠢᠳᠠᠯ ᠲᠠᠢ ᠪᠠᠶᠢᠬᠤ ᠶᠢ ᠣᠯᠵᠤ ᠮᠡᠳᠡᠪᠡᠯ᠂ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠮᠢ | ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠢ ᠬᠤᠬᠢᠷᠠᠭᠤᠯᠤᠭᠰᠠᠨ ᠠᠰᠠᠭᠤᠳᠠᠯ ᠢ ᠬᠠᠤᠯᠢ ᠶᠣᠰᠣᠭᠠᠷ | ᠪᠠᠶᠢᠴᠠᠭᠠᠵᠤ᠂ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠦᠨᠳᠦᠰᠦᠯᠡᠵᠦ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠳᠬᠡᠯ ᠦᠭᠬᠦ ᠲᠤᠭᠲᠠᠭᠠᠯ ᠪᠤᠶᠤ ᠪᠤᠰᠤᠳ ᠰᠢᠢᠳᠪᠦᠷᠢᠯᠡᠬᠦ ᠲᠣᠭᠲᠠᠭᠠᠯ ᠭᠠᠷᠭᠠᠬᠤ ᠶᠢᠨ ᠬᠠᠮᠲᠤ ᠬᠤᠯᠪᠣᠭᠳᠠᠯ | ᠪᠦᠬᠦᠢ ᠨᠠᠮ ᠵᠠᠰᠠᠭ ᠤᠨ ᠤᠳᠤᠷᠢᠳᠬᠤ ᠺᠠᠳ᠋ᠷ ᠤᠨ ᠡᠭᠦᠷᠭᠡᠯᠡᠬᠦ ᠶᠣᠰᠣᠲᠠᠶ ᠬᠠᠷᠢᠭᠤᠴᠠᠯᠭ᠎ᠠ ᠰᠢᠢᠳᠪᠦᠷᠢᠯᠡᠬᠦ ᠳᠤ | ᠰᠠᠨᠠᠭᠤᠯᠭ᠎ᠠ ᠳᠤᠷᠠᠳᠴᠤ᠂ ᠺᠠᠳ᠋ᠷ ᠢ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠪᠠᠷ ᠢᠶᠠᠨ ᠬᠤᠯᠪᠣᠭᠳᠠᠯ ᠪᠦᠬᠦᠢ | ᠮᠠᠲ᠋ᠧᠷᠢᠶᠠᠯ ᠢ ᠴᠠᠭ ᠳᠠᠷᠤᠶ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠣᠬᠢᠶᠠᠨ | ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠨ᠎ᠡ᠃ ᠨᠠᠮ ᠤᠨ ᠰᠠᠬᠢᠯᠭ᠎ᠠ | ᠪᠠᠲᠤ ᠵᠠᠰᠠᠭ ᠤᠨ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠶ ᠪᠤᠯ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ︔ | ᠰᠡᠷᠡᠮᠵᠢᠯᠡᠭᠦᠯᠦᠨ ᠴᠡᠭᠡᠷᠯᠡᠭᠦᠯᠬᠦ᠂ ᠵᠠᠷᠯᠢᠭᠳᠠᠵᠤ ᠪᠠᠶᠢᠭᠠᠳ ᠢᠯᠡ ᠪᠠᠷ ᠪᠤᠷᠤᠭᠤ ᠮᠡᠳᠡᠭᠦᠯᠬᠦ ᠪᠠ ᠵᠣᠬᠢᠶᠠᠨ | ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠴᠢᠬᠤᠯᠠᠲᠠᠢ ᠪᠤᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ | ᠰᠠᠯᠠᠭ᠎ᠠ ᠮᠥᠴᠢᠷ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ᠬᠠᠤᠯᠢ ᠴᠠᠭᠠᠵᠠ ᠶᠢᠨ ᠪᠠᠶᠢᠭᠤᠯᠭ᠎ᠠ ᠠᠮᠢ ᠠᠬᠤᠶ ᠶᠢᠨ ᠣᠷᠴᠢᠨ ᠠᠬᠤᠶ ᠪᠠ ᠡᠬᠢ ᠪᠠᠶᠠᠯᠢᠭ ᠤᠨ | ᠬᠤᠬᠢᠷᠠᠭᠤᠯᠤᠭᠰᠠᠨ ᠵᠡᠷᠭᠡ ᠬᠡᠷᠡᠭ ᠢ ᠰᠢᠢᠳᠪᠦᠷᠢᠯᠡᠬᠦ ᠶᠠᠪᠤᠴᠠ ᠳᠠᠭᠠᠨ ᠲᠤᠰ ᠨᠠᠷᠢᠨ ᠳᠦᠷᠢᠮ ᠳᠤ ᠲᠣᠭᠲᠠᠭᠠᠭᠰᠠᠨ | ᠬᠠᠷᠢᠭᠤᠴᠠᠯᠭ᠎ᠠ ᠨᠡᠬᠡᠮᠵᠢᠯᠡᠬᠦ ᠦᠢᠯᠡ ᠪᠠᠶᠢᠳᠠᠯ ᠲᠠᠢ ᠪᠠᠶᠢᠬᠤ ᠶᠢ ᠤᠯᠵᠤ ᠮᠡᠳᠡᠪᠡᠯ᠂ ᠬᠤᠯᠪᠣᠭᠳᠠᠯ ᠪᠦᠬᠦᠢ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ | ᠰᠠᠯᠠᠭ᠎ᠠ ᠮᠥᠴᠢᠷ ᠲᠤ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ | ᠭᠤᠴᠢᠨ ᠨᠢᠭᠡᠳᠦᠭᠡᠷ ᠵᠦᠢᠯ᠂ ᠠᠮᠢ ᠠᠬᠤᠶ ᠶᠢᠨ ᠣᠷᠴᠢᠨ ᠲᠤᠭᠤᠷᠢᠨ ᠤ ᠬᠤᠬᠢᠷᠠᠯ ᠤᠨ ᠬᠠᠷᠢᠭᠤᠴᠠᠯᠭ᠎ᠠ ᠶᠢ | ᠨᠠᠰᠤᠨ ᠲᠤᠷᠰᠢᠳᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠱᠠᠭᠠᠷᠳᠠᠯᠭ᠎ᠠ ᠠᠴᠠ ᠲᠡᠷᠰᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠢ ᠬᠦᠨᠳᠦ ᠨᠣᠴᠢᠲᠠᠶ | ᠡᠪᠳᠡᠭᠰᠡᠨ ᠪᠤᠯ ᠬᠠᠷᠢᠭᠤᠴᠠᠯᠭ᠎ᠠ ᠲᠠᠢ ᠬᠥᠮᠦᠨ ᠨᠢ ᠨᠢᠭᠡᠨᠲᠡ ᠰᠢᠯᠵᠢᠵᠦ ᠶᠠᠪᠤᠭᠰᠠᠨ ᠴᠤ ᠲᠡᠷᠡ᠂ ᠳᠡᠪᠰᠢᠭᠦᠯᠦᠭᠰᠡᠨ | ᠴᠤ ᠲᠡᠷᠡ ᠡᠰᠡᠭᠦᠯ᠎ᠡ ᠠᠵᠢᠯ ᠠᠴᠠ ᠪᠠᠨ ᠠᠮᠠᠷᠠᠭᠰᠠᠨ ᠴᠤ ᠲᠡᠷᠡ ᠴᠥᠮ ᠡᠷᠬᠡᠪᠰᠢ ᠴᠢᠩᠭ᠎ᠠ ᠬᠠᠷᠢᠭᠤᠴᠠᠯᠭ᠎ᠠ | ᠨᠡᠬᠡᠮᠵᠢᠯᠡᠨ᠎ᠡ᠃ | ᠭᠤᠴᠢᠨ ᠬᠤᠶᠠᠳᠤᠭᠠᠷ ᠵᠦᠢᠯ᠂ ᠵᠠᠰᠠᠭ ᠤᠨ ᠣᠷᠳᠣᠨ ᠤ ᠠᠮᠢ ᠠᠬᠤᠶ ᠶᠢᠨ ᠣᠷᠴᠢᠨ ᠲᠣᠭᠤᠷᠢᠨ ᠪᠠ ᠡᠬᠢ | ᠪᠠᠶᠠᠯᠢᠭ ᠤᠨ ᠬᠠᠮᠠᠭᠠᠯᠠᠯᠲᠠ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠠᠵᠢᠯ ᠤᠨ | ᠰᠠᠯᠠᠭ᠎ᠠ ᠮᠥᠴᠢᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ︵ | ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠲᠤᠰ ᠨᠠᠷᠢᠨ ᠳᠦᠷᠢᠮ ᠳᠤ ᠲᠣᠭᠲᠠᠭᠠᠭᠰᠠᠨ ᠬᠠᠷᠢᠭᠤᠴᠠᠯᠭ᠎ᠠ | ᠨᠡᠬᠡᠮᠵᠢᠯᠡᠬᠦ ᠦᠢᠯᠡ ᠪᠠᠶᠢᠳᠠᠯ ᠲᠠᠢ ᠪᠠᠶᠢᠬᠤ ᠶᠢ ᠤᠯᠵᠤ ᠮᠡᠳᠡᠭᠡᠳ ᠪᠠᠶᠢᠪᠠᠯ ᠪᠠᠶᠢᠴᠠᠭᠠᠬᠤ ᠶᠣᠰᠣᠲᠠᠶ ᠪᠠᠶᠢᠲᠠᠯ᠎ᠠ | ᠪᠠᠶᠢᠴᠠᠭᠠᠭᠰᠠᠨ ᠦᠭᠡᠢ᠂ ᠰᠢᠯᠵᠢᠭᠦᠯᠦᠨ ᠬᠦᠷᠭᠡᠬᠦ ᠶᠣᠰᠣᠲᠠᠶ ᠪᠠᠶᠢᠲᠠᠯ᠎ᠠ ᠰᠢᠯᠵᠢᠭᠦᠯᠦᠨ ᠬᠦᠷᠭᠡᠭᠰᠡᠨ ᠦᠭᠡᠢ᠂ | ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠪᠠᠶᠢᠲᠠᠯ᠎ᠠ ᠬᠠᠷᠢᠭᠤᠴᠠᠯᠭ᠎ᠠ ᠨᠡᠬᠡᠮᠵᠢᠯᠡᠭᠰᠡᠨ ᠦᠭᠡᠢ ᠪᠤᠯ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠭᠤᠷᠪᠠᠳᠤᠭᠠᠷ ᠵᠦᠢᠯ᠂ ᠬᠠᠷᠢᠭᠤᠴᠠᠯᠭ᠎ᠠ ᠨᠡᠬᠡᠮᠵᠢᠯᠡᠭᠳᠡᠭᠰᠡᠨ ᠬᠥᠮᠦᠨ ᠬᠠᠷᠢᠭᠤᠴᠠᠯᠭ᠎ᠠ ᠨᠡᠬᠡᠮᠵᠢᠯᠡᠬᠦ | ᠲᠣᠭᠲᠠᠭᠠᠯ ᠢ ᠵᠥᠪᠰᠢᠶᠡᠷᠡᠬᠦ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠭᠠᠷᠭᠠᠭᠰᠠᠨ ᠪᠠᠶᠢᠭᠤᠯᠤᠯᠭ᠎ᠠ ᠪᠠ | ᠰᠠᠯᠠᠭ᠎ᠠ ᠮᠥᠴᠢᠷ ᠲᠤ ᠪᠢᠴᠢᠭ ᠢᠶᠠᠷ ᠭᠤᠮᠣᠳᠠᠯ ᠲᠣᠭᠠᠴᠢᠵᠤ ᠪᠣᠯᠤᠨ᠎ᠠ᠃ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ | ᠭᠠᠷᠭᠠᠭᠰᠠᠨ ᠪᠠᠶᠢᠭᠤᠯᠭ᠎ᠠ ᠪᠠ ᠰᠠᠯᠠᠭ᠎ᠠ ᠮᠥᠴᠢᠷ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠦᠯᠢᠶᠡᠨ | ᠠᠪᠬᠤ ᠶᠢᠨ ᠳᠠᠭᠠᠤ ᠰᠢᠢᠳᠪᠦᠷᠢᠯᠡᠬᠦ ᠬᠡᠷᠡᠭᠲᠡᠶ᠃ | ᠭᠤᠮᠣᠳᠠᠯ ᠲᠣᠭᠠᠴᠢᠬᠤ ᠬᠤᠭᠤᠴᠠᠭᠠᠨ ᠳᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠢ ᠭᠦᠢᠴᠡᠳᠬᠡᠬᠦ ᠶᠢ | ᠵᠣᠭᠰᠣᠭᠠᠬᠤ ᠦᠭᠡᠢ᠃ | ᠭᠤᠴᠢᠨ ᠳᠥᠷᠪᠡᠳᠦᠭᠡᠷ ᠵᠦᠢᠯ᠂ ᠬᠠᠷᠢᠭᠤᠴᠠᠯᠭ᠎ᠠ ᠨᠡᠬᠡᠮᠵᠢᠯᠡᠭᠳᠡᠵᠦ ᠪᠠᠶᠢᠭ᠎ᠠ ᠨᠠᠮ ᠵᠠᠰᠠᠭ ᠤᠨ ᠤᠳᠤᠷᠢᠳᠬᠤ | ᠺᠠᠳ᠋ᠷᠴᠤᠳ ᠤᠨ ᠲᠤᠰ ᠵᠢᠯ ᠤᠨ ᠣᠨ ᠤ ᠰᠢᠯᠭᠠᠨ ᠬᠢᠨᠠᠬᠤ ᠳᠤ ᠰᠢᠯᠢᠳᠡᠭ ᠢᠶᠠᠷ ᠦᠨᠡᠯᠡᠭᠳᠡᠬᠦ ᠪᠠ ᠡᠯ᠎ᠡ ᠲᠦᠷᠤᠯ ᠤᠨ | ᠲᠡᠷᠢᠭᠦᠨ ᠢᠶᠠᠷ ᠰᠤᠩᠭᠤᠭᠳᠠᠬᠤ ᠬᠢᠷᠢ ᠬᠡᠮ ᠢ ᠨᠢ ᠬᠠᠰᠤᠨ᠎ᠠ᠃ | ᠠᠵᠢᠯ ᠤᠨ ᠪᠠᠶᠢᠷᠢ ᠠᠴᠠ ᠨᠢ ᠰᠢᠯᠵᠢᠭᠦᠯᠵᠦ ᠰᠢᠳᠪᠦᠷᠢᠯᠡᠭᠳᠡᠭᠰᠡᠳ ᠢ᠂ ᠨᠠᠭᠠᠳᠤ ᠵᠠᠬ᠎ᠠ ᠳᠠᠭᠠᠨ ᠨᠢᠭᠡ ᠵᠢᠯ ᠤᠨ | ᠳᠣᠲᠣᠷ᠎ᠠ ᠳᠡᠪᠰᠢᠭᠦᠯᠦᠨ ᠬᠡᠷᠡᠭᠯᠡᠵᠦ ᠪᠣᠯᠬᠤ ᠦᠭᠡᠶ︔ ᠲᠤᠰᠠᠭᠠᠷ ᠠᠯᠳᠠᠭ᠎ᠠ ᠪᠤᠷᠤᠭᠤ ᠪᠠᠨ ᠬᠦᠯᠢᠶᠡᠵᠦ | ᠲᠤᠰᠢᠶᠠᠯ ᠠᠴᠠ ᠪᠠᠨ ᠪᠠᠭᠤᠭᠰᠠᠳ᠂ ᠵᠠᠷᠯᠢᠭᠳᠠᠵᠤ ᠪᠠᠶᠢᠭᠠᠳ ᠲᠤᠰᠢᠶᠠᠯ ᠠᠴᠠ ᠨᠢ ᠪᠠᠭᠤᠯᠭᠠᠭᠰᠠᠳ ᠪᠤᠯᠤᠨ | ᠲᠤᠰᠢᠶᠠᠯ ᠢ ᠨᠢ ᠬᠠᠰᠤᠭᠳᠠᠭᠰᠠᠳ ᠢ ᠨᠠᠭᠠᠳᠤ ᠵᠠᠬ᠎ᠠ ᠳᠠᠭᠠᠨ ᠨᠢᠭᠡ ᠵᠢᠯ ᠤᠨ ᠳᠣᠲᠣᠷ᠎ᠠ ᠲᠤᠰᠢᠶᠠᠯ ᠲᠣᠬᠢᠷᠠᠭᠤᠯᠵᠤ | ᠪᠣᠯᠬᠤ ᠦᠭᠡᠶ᠂ ᠨᠠᠭᠠᠳᠤ ᠵᠠᠬ᠎ᠠ ᠳᠠᠭᠠᠨ ᠬᠤᠶᠠᠷ ᠵᠢᠯ ᠤᠨ ᠳᠣᠲᠣᠷ᠎ᠠ ᠤᠤᠯ ᠤᠨ ᠡᠭᠦᠷᠭᠡᠯᠡᠵᠦ ᠪᠠᠶᠢᠭᠰᠠᠨ ᠡᠷᠬᠡ | ᠲᠤᠰᠢᠶᠠᠯ ᠤᠨ ᠲᠡᠰ ᠳᠠᠪᠬᠤᠷᠭ᠎ᠠ ᠠᠴᠠ ᠥᠨᠳᠥᠷ ᠲᠤᠰᠢᠶᠠᠯ ᠡᠭᠦᠷᠭᠡᠯᠡᠭᠦᠯᠵᠦ ᠪᠣᠯᠬᠤ ᠦᠭᠡᠢ︔ ᠵᠡᠷᠭᠡ | ᠲᠤᠰᠢᠶᠠᠯ ᠠᠴᠠ ᠨᠢ ᠪᠠᠭᠤᠷᠠᠭᠤᠯᠵᠤ ᠰᠢᠢᠳᠪᠦᠷᠢᠯᠡᠭᠰᠡᠨ ᠪᠤᠯ ᠨᠠᠭᠠᠳᠤ ᠵᠠᠬ᠎ᠠ ᠳᠠᠭᠠᠨ ᠬᠤᠶᠠᠷ ᠵᠢᠯ ᠤᠨ ᠳᠣᠲᠣᠷ᠎ᠠ | ᠲᠤᠰᠢᠶᠠᠯ ᠢ ᠨᠢ ᠳᠡᠪᠰᠢᠭᠦᠯᠵᠦ ᠪᠣᠯᠬᠤ ᠦᠭᠡᠢ᠃ ᠡᠭᠦᠨ ᠤ ᠬᠠᠮᠲᠤ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ | ᠪᠠᠲᠤ ᠶᠢᠨ ᠰᠢᠳᠬᠡᠯ ᠪᠠ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠭᠰᠡᠨ ᠪᠤᠯ ᠤᠷᠲᠤ | ᠬᠤᠭᠤᠴᠠᠭ᠎ᠠ ᠪᠠᠷ ᠨᠦᠯᠦᠭᠡᠯᠡᠬᠦ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠤᠴᠢᠨ ᠲᠠᠪᠤᠳᠤᠭᠠᠷ ᠵᠦᠢᠯ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ | ᠤᠳᠤᠷᠢᠳᠬᠤ ᠪᠦᠷᠢᠯᠳᠦᠬᠦᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠶᠠᠪᠤᠳᠠᠯ ᠳᠤ ᠬᠠᠷᠢᠭᠤᠴᠠᠯᠭ᠎ᠠ | ᠨᠡᠬᠡᠮᠵᠢᠯᠡᠬᠦ ᠳᠤ ᠲᠤᠰ ᠨᠠᠷᠢᠨ ᠳᠦᠷᠢᠮ ᠤᠨ ᠬᠤᠯᠪᠣᠭᠳᠠᠯ ᠪᠦᠬᠦᠢ ᠲᠤᠭᠲᠠᠭᠠᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠭᠤᠴᠢᠨ ᠵᠢᠷᠭᠤᠳᠤᠭᠠᠷ ᠵᠦᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠬᠢᠨᠠᠨ ᠪᠠᠶᠢᠴᠠᠭᠠᠬᠤ ᠲᠢᠩᠬᠢᠮ ᠲᠤᠰ ᠨᠠᠷᠢᠨ ᠳᠦᠷᠢᠮ ᠢ ᠲᠠᠶᠢᠯᠪᠤᠷᠢᠯᠠᠬᠤ ᠠᠵᠢᠯ ᠢ | ᠬᠠᠷᠢᠭᠤᠴᠠᠨ᠎ᠠ᠃ | ᠭᠤᠴᠢᠨ ᠳᠣᠯᠣᠳᠤᠭᠠᠷ ᠵᠦᠢᠯ᠂ ᠲᠤᠰ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | |