ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠷᠥᠰᠥ ᠰᠢᠷᠣᠶ ᠶᠢ ᠬᠠᠮᠠᠭᠠᠯᠠᠬᠤ ᠨᠦᠬᠦᠪᠦᠷᠢ ᠶᠢᠨ ᠰᠦᠢᠳᠬᠡᠯ ᠲᠠᠲᠠᠪᠤᠷᠢᠯᠠᠨ ᠬᠡᠷᠡᠭᠯᠡᠬᠦ ᠬᠡᠷᠡᠭᠵᠢᠭᠦᠯᠬᠦ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/4/1
     ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠤᠰᠦᠠ ᠠᠰᠢᠭᠯᠠᠯᠲᠠ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ︽ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠶᠢᠨ ᠰᠦᠢᠳᠬᠡᠯ ᠲᠠᠲᠠᠪᠤᠷᠢᠯᠠᠵᠤ ᠬᠡᠷᠡᠭᠯᠡᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠡᠳ᠋ ᠶᠡᠷᠦᠩᠬᠡᠶ ﹇2014﹈ 8 ᠳ᠋ᠤᠭᠠᠷ ᠲᠣᠭᠠᠲᠤ︶ ᠪᠣᠯᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠤ ︽ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶᠎ ᠶᠢᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ﹇2014﹈ 886 ᠳ᠋ᠤᠭᠠᠷ ᠲᠣᠭᠠᠲᠤ︶᠎ ᠤᠨ ᠲᠤᠭᠲᠠᠭᠠᠯ ᠢ ᠦᠨᠳᠦᠰᠦᠯᠡᠨ᠂ ᠤᠯᠠᠨ ᠲᠠᠯ᠎ᠠ ᠶᠢᠨ ᠨᠤᠲᠠᠯᠠᠯᠲᠠ ᠪᠠ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠨᠦᠬᠦᠪᠦᠷᠢ ᠶᠢᠨ ᠰᠦᠢᠳᠬᠡᠯ ᠲᠠᠲᠠᠪᠤᠷᠢᠯᠠᠨ ᠬᠡᠷᠡᠭᠯᠡᠬᠦ ᠬᠡᠷᠡᠭᠵᠢᠭᠦᠯᠬᠦ ᠠᠷᠭ᠎ᠠ︾᠎ ᠶᠢ ᠳᠠᠷᠤᠮᠠᠯᠯᠠᠨ ᠲᠠᠷᠬᠠᠭᠠᠵᠠᠢ᠃ ᠠᠷᠭ᠎ᠠ ᠨᠢ ᠲᠠᠲᠠᠪᠤᠷᠢᠯᠠᠨ ᠬᠤᠷᠢᠶᠠᠬᠤ᠂ ᠬᠥᠮᠥᠷᠭᠡ ᠳᠤ ᠣᠷᠣᠭᠤᠯᠬᠤ᠂ ᠬᠡᠷᠡᠭᠯᠡᠬᠦ ᠬᠠᠮᠢᠶᠠᠷᠤᠯᠲᠠ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠎ ᠳᠤ ᠴᠢᠭᠯᠡᠭᠦᠯᠦᠨ ᠲᠣᠳᠣᠷᠬᠠᠶ ᠲᠤᠭᠲᠠᠭᠠᠯ ᠭᠠᠷᠭᠠᠪᠠ᠃ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠶᠢᠨ ᠰᠦᠢᠳᠬᠡᠯ ᠢ ᠪᠦᠬᠦ ᠲᠤᠭ᠎ᠠ ᠪᠠᠷ ᠤᠯᠤᠰ ᠤᠨ ᠰᠠᠩ ᠳᠤ ᠲᠤᠰᠢᠶᠠᠵᠤ᠂ ᠡ᠊ᠩ ᠤᠨ ᠤᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠤᠷᠤᠭᠤᠯᠵᠤ᠂ ᠵᠢᠯ ᠤᠨ ᠡᠴᠦᠰ ᠤᠨ ᠦᠯᠡᠳᠡᠪᠦᠷᠢ ᠶᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠠᠲᠠᠪᠤᠷᠢᠯᠠᠨ ᠬᠤᠷᠢᠶᠠᠭᠰᠠᠨ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠶᠢᠨ ᠰᠦᠢᠳᠬᠡᠯ ᠢ 1:2:7᠎ ᠶᠢᠨ ᠬᠠᠷᠢᠴᠠᠯ ᠶᠣᠰᠣᠭᠠᠷ ᠲᠤᠰ ᠲᠤᠰ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ︵ᠬᠤᠲᠠ︶᠎ ᠤᠨ ᠤᠯᠤᠰ ᠤᠨ ᠬᠦᠮᠦᠷᠭᠡ ᠳᠤ ᠲᠤᠰᠢᠶᠠᠨ᠎ᠠ᠂ ᠡᠭᠦᠨ ᠳᠤ᠂ ᠠᠶᠢᠮᠠᠭ ︵ᠬᠤᠲᠠ︶ ᠪᠠ ᠬᠤᠰᠢᠭᠤ ᠰᠢᠶᠠᠨ ᠤ ᠬᠤᠪᠢᠶᠠᠷᠢᠯᠠᠯᠲᠠ ᠶᠢᠨ ᠬᠠᠷᠢᠴᠠᠯ ᠢ ᠠᠶᠢᠮᠠᠭ ︵ᠬᠤᠲᠠ︶᠎ ᠠᠴᠠ ᠲᠣᠭᠲᠠᠭᠠᠨ᠎ᠠ᠃ ᠬᠦᠷᠦᠰᠦ ᠰᠢᠷᠤᠢ ᠶᠢ ᠬᠠᠮᠠᠭᠠᠯᠠᠬᠤ ᠨᠦᠬᠦᠪᠦᠷᠢ ᠶᠢᠨ ᠰᠦᠢᠳᠬᠡᠯ ᠢ ᠬᠥᠷᠥᠰᠥ ᠰᠢᠷᠣᠶ ᠶᠢᠨ ᠢᠳᠡᠭᠳᠡᠯ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠳᠤ ᠲᠤᠰᠬᠠᠢ ᠬᠡᠷᠡᠭᠯᠡᠵᠦ᠂ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠪᠣᠯᠤᠨ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠨ ᠵᠠᠰᠠᠬᠤ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠵᠡᠷᠭᠡ ᠳᠤ ᠭᠤᠣᠯᠳᠠᠯᠭ᠎ᠠ ᠲᠠᠢ ᠬᠡᠷᠡᠭᠯᠡᠨ᠎ᠡ᠃      ᠲᠤᠰ ᠠᠷᠭ᠎ᠠ ᠶᠢ ᠨᠡᠶᠢᠲᠡᠯᠡᠭᠰᠡᠨ ᠨᠢ ᠥᠪᠡᠷᠲᠡᠭᠡᠨ ᠵᠠᠰᠠᠬᠤ ᠣᠷᠣᠨ ᠤ ᠳᠤᠲᠤᠷᠠᠬᠢ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠶᠢᠨ ᠰᠦᠢᠳᠬᠡᠯ ᠲᠠᠲᠠᠪᠤᠷᠢᠯᠠᠵᠤ ᠬᠡᠷᠡᠭᠯᠡᠬᠦ ᠶᠢ ᠵᠢᠷᠤᠮᠵᠢᠭᠤᠯᠵᠤ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠢᠯᠡᠨ ᠵᠠᠰᠠᠬᠤ ᠠᠵᠢᠯ ᠢ ᠠᠬᠢᠭᠤᠯᠬᠤ᠂ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠤᠨ ᠠᠬᠢᠭᠤᠯᠬᠤ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号