ᠥᠪᠥᠷ ᠮᠣᠩᠭᠤᠯ ᠤᠷᠤᠢ ᠤᠷᠤᠭᠯᠠᠵᠤ ᠤᠷᠤᠢ ᠬᠡᠦᠬᠡᠳ ᠠᠪᠬᠤ ᠴᠢᠯᠦᠭᠡ ᠶᠢ ᠬᠦᠴᠦᠨ ᠦᠭᠡᠢ ᠪᠤᠯᠭᠠᠪᠠ
ᠨᠡᠶᠢᠲᠡᠯᠡᠭᠰᠡᠨ ᠴᠠᠭ᠄
2016/4/1
     ᠣᠶᠢᠷ᠎ᠠ ᠳᠤ᠂ ᠥᠪᠥᠷ ᠮᠣᠩᠭᠤᠯ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠨᠢᠭᠡᠳᠦᠭᠡᠷ ᠬᠤᠷᠠᠯ ᠠᠴᠠ ᠵᠠᠰᠠᠪᠤᠷᠢ ᠤᠷᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠪᠣᠯᠤᠨ ᠲᠥᠯᠥᠪᠯᠡᠭᠡᠲᠦ ᠦᠷᠡᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠢ ᠬᠢᠨᠠᠨ ᠪᠠᠲᠤᠯᠠᠪᠠ᠃ ᠰᠢᠨ᠎ᠡ ︽ᠳᠦᠷᠢᠮ︾᠎ ᠳᠤ ᠲᠤᠲᠤᠷᠬᠠᠶᠢᠯᠠᠭᠰᠠᠨ ᠨᠢ᠂ ᠡᠷ᠎ᠡ ᠡᠮ᠎ᠡ ᠬᠤᠶᠠᠭᠤᠯᠠ ᠬᠤᠶᠠᠷ ᠬᠡᠦᠬᠡᠳ ᠠᠪᠬᠤ ᠶᠢ ᠵᠤᠷᠢᠭᠵᠢᠭᠤᠯᠤᠨ᠎ᠠ︔ ᠪᠦᠬᠦ ᠤᠯᠤᠰ ᠲᠠᠬᠢ ᠬᠥᠮᠦᠨ ᠠᠮᠠ ᠨᠢ ᠮᠢᠩᠭᠠᠨ ᠲᠦᠮᠡ ᠬᠦᠷᠬᠦ ᠦᠭᠡᠢ ᠪᠤᠰᠤᠳ ᠴᠥᠭᠡᠨ ᠲᠣᠭᠠᠲᠤ ᠦᠨᠳᠦᠰᠦᠲᠡᠨ ᠤ ᠠᠷᠠᠳ ᠢᠷᠭᠡᠨ ᠤ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠠᠰ ᠢᠶᠠᠷ ᠨᠢ ᠲᠤᠭᠲᠠᠭᠠᠬᠤ ᠶᠢᠨ ᠬᠠᠮᠲᠤ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ᠂ ᠣᠷᠴᠣᠨ ᠦᠨᠳᠦᠰᠦᠲᠡᠨ ᠤ ᠠᠷᠠᠳ ᠢᠷᠭᠡᠨ ᠤ ᠬᠡᠦᠬᠡᠳ ᠠᠪᠬᠤ ᠬᠦᠰᠡᠯ ᠢ ᠬᠦᠨᠳᠦᠳᠭᠡᠨ᠎ᠡ ᠬᠡᠪᠡ  ᠃      ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾᠎ ᠨᠢ ᠣᠷᠣᠶ ᠤᠷᠤᠭᠯᠠᠭᠰᠠᠨ ᠴᠢᠯᠥᠭᠡ ᠪᠤᠯᠤᠨ ᠤᠷᠤᠢ ᠬᠡᠤᠭᠡᠳ ᠠᠪᠬᠤ ᠴᠢᠯᠥᠭᠡ ᠶᠢ ᠬᠦᠴᠦᠨ ᠦᠭᠡᠢ ᠪᠣᠯᠭᠠᠵᠤ᠂ ᠤᠷᠤᠭ ᠬᠤᠷᠢᠮ ᠤᠨ ᠴᠢᠯᠥᠭᠡ ᠶᠢ ᠠᠷᠪᠠᠨ ᠲᠠᠪᠤᠨ ᠡᠳᠦᠷ ᠤᠷᠲᠤᠳᠬᠠᠵᠤ᠂ ᠬᠡᠦᠬᠡᠳ ᠠᠪᠬᠤ ᠳᠦᠷᠢᠮ ᠲᠣᠭᠲᠠᠭᠠᠯ ᠳᠤ ᠨᠡᠶᠢᠴᠡᠬᠦ ᠡᠷ᠎ᠡ ᠡᠮ᠎ᠡ ᠬᠤᠶᠠᠭᠤᠯᠠ ᠶᠢᠨ ᠡᠮᠡᠭᠲᠠᠢ ᠲᠠᠯ᠎ᠠ ᠨᠢ ᠤᠯᠤᠰ ᠠᠴᠠ ᠲᠣᠭᠲᠠᠭᠠᠭᠰᠠᠨ ᠬᠥᠩᠭᠡᠵᠢᠬᠦ ᠴᠢᠯᠥᠭᠡ ᠠᠴᠠ ᠭᠠᠳᠠᠨ᠎ᠠ᠂ ᠪᠠᠰᠠ ᠵᠢᠷᠠᠨ ᠡᠳᠦᠷ ᠤᠨ ᠬᠥᠩᠭᠡᠵᠢᠬᠦ ᠴᠢᠯᠥᠭᠡ ᠨᠡᠮᠡᠵᠦ ᠦᠭᠭᠦ ᠶᠢᠨ ᠬᠠᠮᠲᠤ᠂ ᠡᠷᠡᠭᠲᠠᠢ ᠲᠠᠯ᠎ᠠ ᠳᠤ ᠬᠤᠷᠢᠨ ᠲᠠᠪᠤᠨ ᠡᠳᠦᠷ ᠤᠨ ᠰᠤᠪᠢᠯᠠᠯᠲᠠ ᠶᠢᠨ ᠴᠢᠯᠥᠭᠡ ᠦᠭᠭᠦᠨ᠎ᠡ︔ ᠠᠮᠠᠷᠠᠯᠲᠠ ᠶᠢᠨ ᠬᠤᠭᠤᠴᠠᠭᠠᠨ ᠳᠠᠬᠢ ᠴᠠᠯᠢᠩ᠂ ᠠᠰᠠᠷᠠᠮᠵᠢ ᠵᠡᠷᠭᠡ ᠬᠠᠷᠠᠭᠠᠯᠵᠠᠯ ᠢ ᠨᠢ ᠬᠤᠪᠢᠷᠠᠭᠤᠯᠬᠤ ᠦᠭᠡᠢ ᠬᠡᠵᠤ ᠲᠤᠲᠤᠷᠬᠠᠶᠢᠯᠠᠪᠠ᠃      ︽ᠠᠬᠠᠮᠳ ᠨᠥᠬᠦᠳ ᠲᠤ ᠤᠤᠯ ᠤᠨ ᠠᠷᠭ᠎ᠠ︾᠎ ᠶᠢ ᠠᠪᠬᠤ ᠵᠠᠷᠴᠢᠮ ᠶᠣᠰᠣᠭᠠᠷ᠂ ᠰᠢᠨ᠎ᠡ ︽ᠳᠦᠷᠢᠮ︾᠎ ᠨᠢ ᠤᠯᠤᠰ ᠠᠴᠠ ᠡᠷ᠎ᠡ ᠡᠮ᠎ᠡ ᠬᠤᠶᠠᠭᠤᠯᠠ ᠨᠢᠭᠡ ᠯᠡ ᠬᠡᠦᠬᠡᠳ ᠠᠪᠬᠤ ᠶᠢ ᠤᠬᠠᠭᠤᠯᠵᠤ ᠪᠠᠶᠢᠭᠰᠠᠨ ᠬᠤᠭᠤᠴᠠᠭᠠᠨ ᠳᠤ᠂ ᠰᠠᠶᠢᠨ ᠳᠤᠷ᠎ᠠ ᠠᠴᠠ ᠪᠠᠨ ᠨᠠᠰᠤᠨ ᠲᠤᠷᠰᠢᠳᠠ ᠭᠠᠭᠴᠠᠬᠠᠨ ᠬᠡᠦᠬᠡᠳ ᠠᠪᠤᠭᠰᠠᠨ ᠪᠥᠭᠡᠳ ︽ᠭᠠᠭᠴᠠ ᠬᠡᠦᠬᠡᠳ ᠠᠪᠤᠭᠰᠠᠨ ᠡᠴᠢᠭᠡ ᠡᠭᠡ ᠶᠢᠨ ᠢᠷᠠᠭᠤ ᠠᠯᠳᠠᠷ ᠤᠨ ᠦᠨᠡᠮᠯᠡᠯ︾᠎ ᠲᠠᠢ ᠡᠷ᠎ᠡ ᠡᠮ᠎ᠡ ᠬᠤᠶᠠᠭᠤᠯᠠ ᠳᠤ ᠦᠷ᠎ᠡ ᠬᠡᠤᠭᠡᠳ ᠨᠢ ᠪᠦᠬᠦᠯᠢ ᠠᠷᠪᠠᠨ ᠳᠦᠷᠪᠡᠨ ᠨᠠᠰᠤ ᠪᠤᠯᠲᠠᠯ᠎ᠠ ᠰᠠᠷ᠎ᠠ ᠪᠦᠷᠢ ᠳᠤ᠂ ᠭᠠᠭᠴᠠ ᠬᠡᠤᠭᠡᠳ ᠤᠨ ᠱᠠᠩᠨᠠᠯ ᠤᠨ ᠮᠥᠩᠭᠦ ᠤᠯᠭᠤᠨ᠎ᠠ᠃ ᠡᠭᠦᠨ ᠳᠤ᠂ ︽ᠲᠦᠷᠢᠮ︾᠎ ᠳᠤ ᠨᠡᠶᠢᠴᠡᠭᠰᠡᠨ ᠡᠴᠢᠭᠡ ᠡᠭᠡ ᠨᠢ ᠬᠤᠶᠠᠳᠠᠬᠢ ᠬᠡᠦᠬᠡᠳ ᠠᠪᠤᠭᠰᠠᠨ ᠪᠤᠯ᠂ ᠭᠠᠭᠴᠠ ᠬᠡᠦᠬᠡᠳ ᠠᠪᠤᠭᠰᠠᠨ ᠱᠠᠩᠨᠠᠯ ᠬᠥᠬᠢᠭᠦᠯᠦᠯ ᠢ ᠨᠢ ᠵᠤᠭᠰᠤᠭᠠᠵᠤ᠂ ᠨᠢᠭᠡᠨᠲᠡ ᠬᠥᠷᠳᠡᠭᠰᠡᠨ ᠱᠠᠩᠨᠠᠯ ᠢ ᠳᠠᠬᠢᠵᠤ ᠪᠤᠴᠠᠭᠠᠬᠤ ᠦᠭᠡᠢ︔ ᠤᠯᠤᠰ ᠠᠴᠠ ᠡᠷ᠎ᠡ ᠡᠮ᠎ᠡ ᠬᠤᠶᠠᠭᠤᠯᠠ ᠬᠤᠶᠠᠷ ᠬᠡᠦᠬᠡᠳ ᠠᠪᠴᠤ ᠪᠤᠯᠬᠤ ᠶᠢ ᠵᠤᠷᠢᠭᠵᠢᠭᠤᠯᠤᠭᠰᠠᠨ ᠤ ᠳᠠᠷᠠᠭ᠎ᠠ᠂ ᠰᠠᠶᠢᠨ ᠳᠤᠷ᠎ᠠ ᠠᠴᠠ ᠪᠠᠨ ᠭᠠᠭᠴᠠᠬᠠᠨ ᠬᠡᠤᠭᠡᠳ ᠠᠪᠤᠭᠰᠠᠨ ᠡᠷ᠎ᠡ ᠡᠮ᠎ᠡ ᠬᠤᠶᠠᠭᠤᠯᠠ ᠳᠤ ︽ᠭᠠᠭᠴᠠ ᠬᠡᠦᠬᠡᠳ ᠠᠪᠤᠭᠰᠠᠨ ᠡᠴᠢᠭᠡ ᠡᠭᠡ ᠶᠢᠨ ᠢᠷᠠᠭᠤ ᠠᠯᠳᠠᠷ ᠤᠨ ᠦᠨᠡᠮᠯᠡᠯ︾ ᠲᠡᠬᠢᠵᠦ ᠤᠯᠭᠤᠬᠤ ᠦᠭᠡᠢ ᠮᠦᠷᠲᠡᠭᠡᠨ ᠭᠠᠭᠴᠠ ᠬᠡᠦᠬᠡᠳ ᠤᠨ ᠱᠠᠩᠨᠠᠯ ᠬᠦᠬᠢᠭᠦᠯᠦᠯ ᠤᠨ ᠬᠠᠷᠠᠭᠠᠯᠵᠠᠯ ᠢ ᠴᠤ ᠦᠵᠡᠭᠦᠯᠬᠦ ᠦᠭᠡᠶ ᠪᠣᠯᠤᠨ᠎ᠠ᠃ ᠡᠭᠦᠨ ᠠᠴᠠ ᠭᠠᠳᠠᠨ᠎ᠠ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾᠎ ᠨᠢ ᠳᠠᠬᠢᠭᠠᠳ ᠬᠡᠦᠬᠡᠳ ᠠᠪᠬᠤ ᠪᠠᠶᠢᠳᠠᠯ ᠢ ᠵᠣᠬᠢᠴᠠᠩᠭᠤᠶ ᠪᠠᠷ ᠲᠤᠬᠢᠷᠠᠭᠤᠯᠵᠤ᠂ ᠬᠤᠶᠠᠳᠠᠬᠢ ᠬᠡᠦᠬᠡᠳ ᠠᠪᠴᠤ ᠪᠤᠯᠬᠤ ᠲᠠᠪᠤᠨ ᠵᠦᠢᠯ ᠤᠨ ᠪᠠᠶᠢᠳᠠᠯ ᠢ ᠲᠣᠭᠲᠠᠭᠠᠭᠰᠠᠨ ᠪᠠᠶᠢᠨ᠎ᠠ᠂ ᠲᠤᠰ ᠲᠤᠰ ᠳᠠᠷᠤᠢ ᠬᠤᠶᠠᠷ ᠬᠡᠦᠬᠡᠳ ᠤᠨ ᠳᠣᠲᠣᠷ᠎ᠠ ᠡᠪᠡᠳᠴᠢᠨ ᠲᠠᠢ ᠪᠤᠶᠤ ᠵᠡᠮᠳᠡᠭ᠂ ᠡᠷᠡᠭᠦᠯ ᠢᠶᠠᠷ ᠪᠤᠶᠢᠵᠢᠵᠤ ᠬᠡᠪ ᠤᠨ ᠬᠦᠳᠡᠯᠮᠦᠷᠢᠯᠡᠬᠦ ᠴᠢᠳᠠᠯ ᠦᠭᠡᠢ ᠪᠠᠶᠢᠳᠠᠯ᠂ ᠲᠠᠬᠢᠵᠤ ᠤᠷᠤᠭᠯᠠᠭᠰᠠᠨ ᠡᠷ᠎ᠡ ᠡᠮ᠎ᠡ ︵ᠤᠷᠤᠭ ᠰᠡᠷᠭᠦᠭᠡᠭᠰᠡᠨ ᠢ ᠪᠠᠭᠲᠠᠭᠠᠬᠤ ᠦᠬᠡᠢ︶ ᠬᠤᠶᠠᠭᠤᠯᠠ ᠤᠷᠤᠭᠯᠠᠬᠤ ᠠᠴᠠ ᠡᠮᠦᠨ᠎ᠡ ᠬᠤᠶᠠᠷ ᠪᠤᠶᠤ ᠬᠤᠶᠠᠷ ᠠᠴᠠ ᠳᠡᠭᠡᠭᠰᠢ ᠬᠡᠦᠬᠡᠳ ᠎ ᠲᠠᠢ ᠪᠦᠭᠡᠳ ᠳᠠᠬᠢᠨ ᠤᠷᠤᠭᠯᠠᠭᠰᠠᠨ ᠤ ᠰᠡᠭᠦᠯᠡᠷ ᠦᠷ᠎ᠡ ᠬᠡᠦᠬᠡᠳ ᠠᠪᠤᠭᠰᠠᠨ ᠦᠭᠡᠶ ᠪᠤᠶᠤ ᠳᠠᠬᠢᠨ ᠤᠷᠤᠭᠯᠠᠬᠤ ᠠᠴᠠ ᠡᠮᠦᠨ᠎ᠡ ᠭᠠᠭᠴᠠᠬᠠᠨ ᠬᠡᠦᠬᠡᠳ ᠠᠪᠴᠤ᠂ ᠳᠠᠬᠢᠨ ᠤᠷᠤᠭᠯᠠᠭᠰᠠᠨ ᠤ ᠳᠠᠷᠠᠭ᠎ᠠ ᠮᠦᠨ ᠭᠠᠭᠴᠠᠬᠠᠨ ᠬᠡᠦᠬᠡᠳ ᠠᠪᠤᠭᠰᠠᠨ ᠪᠠᠶᠢᠳᠠᠯ᠂ ᠮᠣᠩᠭᠤᠯ ᠦᠨᠳᠦᠰᠦᠲᠡᠨ ᠤ ᠠᠷᠠᠳ ᠢᠷᠭᠡᠨ᠂ ᠡᠷ᠎ᠡ ᠡᠮ᠎ᠡ ᠬᠤᠶᠠᠭᠤᠯᠠ ᠪᠠᠨ ᠴᠥᠮ ᠬᠤᠲᠠ ᠪᠠᠯᠭᠠᠰᠤ ᠶᠢᠨ ᠪᠤᠰᠤ ᠡᠷᠥᠭᠡ ᠠᠮᠠ ᠲᠠᠢ ᠪᠥᠭᠡᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠭᠰᠡᠨ ᠠᠶᠢᠯ ᠤᠨ ᠬᠤᠶᠠᠷ ᠬᠡᠦᠬᠡᠳ ᠨᠢ ᠴᠥᠮ ᠬᠡᠦᠬᠡᠨ ᠪᠤᠯᠬᠤ ᠪᠠᠶᠢᠳᠠᠯ ᠵᠢᠴᠢ ᠬᠤᠶᠠᠳᠠᠬᠢ ᠬᠡᠦᠬᠡᠳ ᠠᠪᠴᠤ ᠪᠤᠯᠬᠤ ᠪᠤᠰᠤᠳ ᠪᠠᠶᠢᠳᠠᠯ ᠪᠣᠯᠤᠨ᠎ᠠ᠃      ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾᠎ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号