ᠥᠪᠥᠷ ᠮᠣᠩᠭᠤᠯ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠨᠥᠬᠦᠪᠥᠷᠢ ᠶᠢ ᠲᠠᠬᠢᠵᠤ ᠲᠣᠬᠢᠷᠠᠭᠤᠯᠬᠤ ᠪᠠᠷ ᠪᠤᠢ᠄ ᠡᠮᠨᠡᠯᠭᠡ ᠳᠤ ᠰᠠᠭᠤᠭᠰᠠᠨ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠢ 75 %᠎ ᠠᠴᠠ ᠳᠣᠣᠷ᠎ᠠ ᠪᠠᠶᠢᠯᠭᠠᠬᠤ ᠦᠭᠡᠢ  ᠡᠮᠨᠡᠯᠭᠡ ᠳᠤ ᠰᠠᠭᠤᠭᠰᠠᠨ ᠨᠥᠬᠦᠪᠥᠷᠢ ᠶᠢ ᠬᠠᠮᠤᠭ ᠦᠨᠳᠦᠷ ᠲᠡᠭᠡᠨ 15 ᠲᠦᠮᠡᠨ ᠲᠥᠭᠦᠷᠢᠭ ᠲᠤ ᠬᠦᠷᠦᠭᠦᠯᠦᠨ᠎ᠡ
ᠨᠡᠶᠢᠲᠡᠯᠡᠭᠰᠡᠨ ᠴᠠᠭ᠄
2016/4/1
      ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠤᠯᠠᠮ ᠴᠢᠨᠠᠭᠰᠢᠲᠠ ᠴᠢᠩᠭᠠᠳᠬᠠᠵᠤ᠂ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠪᠣᠯᠣᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠥᠰ ᠤᠨ ᠠᠰᠢᠭ ᠭᠥᠷᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ  ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠳᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ  ᠲᠥᠯᠥᠭᠡ᠂ ᠣᠶᠢᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ︽2016 ᠣᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ  ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠨᠥᠬᠦᠪᠥᠷᠢ ᠥᠭᠬᠦ ᠲᠥᠰᠦᠯ ᠤᠨ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠲᠣᠭᠲᠠᠭᠠᠨ ᠨᠡᠶᠢᠲᠡᠯᠡᠵᠦ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠭᠰᠠᠨ ᠨᠥᠬᠦᠪᠦᠷᠢ ᠶᠢᠨ ᠬᠠᠮᠤᠭ ᠤᠨ ᠦᠨᠳᠦᠷ ᠬᠢᠵᠠᠭᠠᠷ ᠱᠤᠭᠤᠮ ᠢ ᠲᠣᠲᠣᠷᠬᠠᠶᠢᠯᠠᠵᠤ᠂ ᠲᠤᠬᠠᠶ ᠶᠢᠨ ᠵᠢᠯ ᠳᠤ ᠨᠢᠭᠡ ᠡᠪᠡᠳᠴᠢᠲᠡᠨ ᠤ ᠪᠣᠳᠠᠲᠠᠶ ᠣᠯᠬᠤ ᠬᠦᠨᠳᠦ ᠡᠪᠡᠳᠴᠢᠨ ᠤ ᠨᠢᠭᠡᠳᠦᠯᠲᠡᠶ  ᠲᠥᠯᠥᠪᠯᠡᠬᠦ ᠨᠥᠬᠦᠪᠦᠷᠢ ᠮᠥᠩᠭᠦ ᠶᠢ ᠨᠡᠶᠢᠲᠡ 15 ᠲᠦᠮᠡᠨ ᠲᠥᠭᠦᠷᠢᠭ ᠠᠴᠠ  ᠬᠡᠲᠦᠷᠡᠭᠦᠯᠬᠦ ᠦᠭᠡᠢ ᠪᠠᠷ ᠲᠣᠭᠲᠠᠭᠠᠪᠠ᠂ ᠨᠢᠳᠤᠨᠤᠨ ᠤ ᠡᠨᠡ ᠲᠤᠭ᠎ᠠ ᠨᠢ 12 ᠲᠦᠮᠡᠨ ᠲᠥᠭᠦᠷᠢᠭ  ᠪᠠᠶᠢᠪᠠ᠃      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠬᠥᠮᠦᠨ ᠳᠤᠮᠳᠠᠴᠢ ᠶᠢᠨ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢ 2010 ᠣᠨ ᠤ 150 ᠲᠥᠭᠦᠷᠢᠭ ᠪᠠᠶᠢᠭᠰᠠᠨ ᠠᠴᠠ ᠎ ᠨᠢ 2015 ᠣᠨ ᠪᠣᠯᠬᠤ ᠳᠤ 470 ᠲᠥᠭᠦᠷᠢᠭ ᠪᠣᠯᠭᠠᠨ ᠨᠡᠮᠡᠭᠳᠡᠭᠦᠯᠵᠦ᠂ ᠲᠥᠷᠥ ᠶᠢᠨ ᠪᠤᠳᠤᠯᠭ᠎ᠠ ᠶᠢᠨ ᠬᠡᠪᠴᠢᠶᠡᠨ ᠲᠣᠲᠣᠷ᠎ᠠ ᠡᠮᠨᠡᠯᠭᠡ ᠳᠤ ᠰᠠᠭᠤᠭᠰᠠᠨ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠢ 60% ᠪᠠᠶᠢᠭᠰᠠᠨ ᠠᠴᠠ ᠨᠢ 75% ᠪᠣᠯᠭᠠᠵᠤ ᠳᠡᠭᠡᠭᠰᠢᠯᠡᠭᠦᠯᠪᠡ᠃ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠮᠠᠯᠴᠢᠨ ᠲᠠᠷᠢᠶᠠᠴᠢᠨ ᠪᠥᠬᠦᠨ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠬᠤ ᠶᠢ ᠪᠡᠶᠡᠯᠡᠭᠦᠯᠵᠦ᠂ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠦᠷᠢᠮ ᠢ ᠡᠬᠢᠯᠡᠨ ᠬᠡᠷᠡᠭᠵᠢᠭᠦᠯᠪᠡ᠃ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠣᠯᠭᠤᠬᠤ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 380 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠨᠣᠷᠮ᠎ᠠ ᠨᠢ 98%᠎ ᠳᠤ ᠬᠦᠷᠪᠡ᠃      2016 ᠣᠨ ᠤ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠬᠤᠷᠠᠯ ᠳᠡᠭᠡᠷ᠎ᠡ᠄ 2016 ᠣᠨ ᠳᠤ᠂ ᠥᠪᠡᠷᠲᠡᠭᠡᠨ ᠵᠠᠰᠠᠬᠤ ᠣᠷᠣᠨ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠪᠡᠯᠡ ᠮᠥᠩᠭᠦ ᠥᠷᠭᠦᠯᠵᠢᠳᠡ ᠴᠤᠭᠯᠠᠭᠤᠯᠬᠤ ᠪᠠ ᠳᠠᠩᠰᠠ ᠲᠠᠶᠢᠯᠬᠤ ᠬᠠᠷᠢᠴᠠᠯ ᠢ ᠲᠣᠬᠢᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ  ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠦᠨ ᠳᠤᠮᠳᠠᠴᠢ ᠳᠤ 70 ᠲᠦᠬᠦᠷᠢᠭ ᠤᠨ ᠪᠡᠯᠡ ᠮᠥᠩᠭᠦ ᠨᠡᠮᠡᠨ ᠴᠤᠭᠯᠠᠭᠤᠯᠵᠤ᠂ 540 ᠲᠥᠭᠦᠷᠢᠭ / ᠬᠥᠮᠦᠨ ᠲᠤ ᠬᠦᠷᠦᠭᠦᠯᠵᠦ᠂  ᠡᠭᠦᠨ ᠳᠤ ᠵᠠᠰᠠᠭ ᠤᠨ ᠣᠷᠳᠣᠨ ᠤ ᠨᠥᠬᠦᠪᠥᠷᠢ ᠶᠢ 40 ᠲᠥᠭᠦᠷᠢᠭ / ᠬᠥᠮᠦᠨ ᠨᠡᠮᠡᠭᠳᠡᠭᠦᠯᠵᠦ᠂ ᠬᠤᠪᠢ ᠬᠥᠮᠦᠨ ᠤ ᠲᠣᠰᠢᠶᠠᠬᠤ ᠰᠦᠢᠳᠬᠡᠯ ᠶᠢ 30 ᠲᠥᠭᠦᠷᠢᠭ / ᠬᠥᠮᠦᠨ ᠨᠡᠮᠡᠭᠳᠡᠭᠦᠯᠵᠦ᠂ ᠬᠥᠮᠦᠨ ᠳᠤᠮᠳᠠᠴᠢ ᠶᠢᠨ ᠨᠥᠬᠦᠪᠥᠷᠢ ᠣᠯᠭᠤᠬᠤ ᠪᠠᠷᠢᠮᠵᠢᠶ᠎ᠠ ᠶᠢ 420 ᠲᠥᠭᠦᠷᠢᠭ ᠪᠣᠯᠭᠠᠨ ᠳᠡᠭᠡᠭᠰᠢᠯᠡᠭᠦᠯᠦᠨ᠂ 2016 ᠣᠨ ᠳᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠭᠰᠠᠨ ᠵᠠᠷᠤᠳᠠᠯ ᠤᠨ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠳᠠᠩᠰᠠ ᠲᠠᠶᠢᠯᠬᠤ ᠬᠠᠷᠢᠴᠠᠯ ᠢ 75%᠎ ᠠᠴᠠ ᠳᠣᠣᠷ᠎ᠠ ᠪᠠᠶᠢᠯᠭᠠᠬᠤ ᠦᠭᠡᠢ ᠶᠢ ᠦᠨᠡᠨ ᠬᠦ ᠪᠠᠲᠤᠯᠠᠬᠤ ᠬᠡᠷᠡᠭᠲᠡᠢ︔ ᠡᠭᠦᠨ ᠤ ᠬᠠᠮᠲᠤ ᠣᠨᠣᠰᠢᠯᠠᠨ ᠡᠮᠨᠡᠬᠦ ᠲᠥᠷᠥᠯ ᠵᠦᠢᠯ ᠪᠣᠯᠣᠨ ᠡᠮ ᠤᠨ ᠵᠦᠢᠯ ᠤᠨ ᠭᠠᠷᠴᠠᠭ ᠤᠨ ᠲᠠᠩᠰᠠ ᠲᠠᠶᠢᠯᠬᠤ ᠬᠡᠪᠴᠢᠶ᠎ᠡ ᠶᠢ ᠥᠷᠭᠡᠳᠬᠡᠵᠦ᠂ ᠰᠦᠢᠳᠬᠡᠯ ᠳᠦᠯᠦᠭᠦ ᠬᠡᠯᠪᠡᠷᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠤᠶᠤᠨᠲᠤ ᠬᠢᠨᠠᠨ ᠬᠠᠷᠭᠤᠭᠤᠯᠬᠤ ᠰᠢᠰᠲ᠋ᠧᠮᠵᠢ ᠶᠢ ᠰᠦᠯᠵᠢᠶᠡᠨ ᠳᠡᠭᠡᠷ᠎ᠡ ᠠᠵᠢᠯᠯᠠᠭᠤᠯᠬᠤ ᠬᠡᠷᠡᠭᠲᠡᠢ︔ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠮᠤᠵᠢ ᠠᠯᠤᠰᠯᠠᠨ ᠡᠮᠴᠢᠯᠡᠬᠦ ᠵᠠᠷᠤᠳᠠᠯ ᠢ ᠬᠠᠷᠭᠤᠭᠤᠯᠤᠨ ᠪᠠᠶᠢᠴᠠᠭᠠᠬᠤ ᠪᠠ ᠲᠣᠭᠠᠴᠠᠭ᠎ᠠ ᠬᠢᠵᠦ ᠳᠠᠩᠰᠠ ᠲᠠᠶᠢᠯᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠣᠲᠤᠷᠬᠠᠶᠢᠯᠠᠪᠠ᠃      ᠡᠮᠨᠡᠯᠭᠡ ᠳᠤ ᠰᠠᠭᠤᠭᠰᠠᠨ ᠨᠥᠬᠦᠪᠥᠷᠢ ᠥᠭᠬᠦ ᠪᠠᠷᠢᠮᠵᠢᠶ᠎ᠠ ᠶᠢᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠬᠠᠮᠤᠭ ᠤᠨ ᠦᠨᠳᠦᠷ ᠲᠡᠭᠡᠨ 2000 ᠲᠥᠭᠦᠷᠢᠭ ᠪᠣᠯᠣᠨ᠎ᠠ      ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠰᠠᠭᠤᠷᠢ ᠮᠥᠩᠭᠦ ᠶᠢ ᠡᠮᠨᠡᠯᠭᠡ ᠳᠤ ᠰᠠᠭᠤᠭᠰᠠᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ︵ᠡᠩ ᠤᠨ ᠣᠨᠣᠰᠢᠯᠠᠨ ᠡᠮᠨᠡᠬᠦ ᠰᠦᠢᠳᠬᠡᠯ ᠥᠭᠬᠦ ᠪᠡᠯᠡ ᠮᠥᠩᠭᠦ ᠪᠠᠭᠲᠠᠨ᠎ᠠ︶᠂ ᠬᠦᠨᠳᠦ ᠡᠪᠡᠳᠴᠢᠨ  ᠤ ᠳᠠᠭᠠᠳᠬᠠᠯ ᠤᠨ ᠰᠠᠭᠤᠷᠢ ᠮᠥᠩᠭᠦ ᠪᠠ ᠲᠦᠭᠰᠢᠭᠦᠷᠢ ᠶᠢᠨ ᠰᠠᠭᠤᠷᠢ ᠮᠥᠩᠭᠦ ᠭᠡᠵᠦ ᠬᠤᠪᠢᠶᠠᠨ᠎ᠠ᠃ ᠥᠩᠭᠡᠷᠡᠭᠰᠡᠨ ᠵᠢᠯ ᠤᠳ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠶᠢ ᠶᠡᠷᠦᠩᠭᠡᠢ ᠳᠡᠭᠡᠨ ᠲᠤᠬᠠᠶ ᠶᠢᠨ ᠵᠢᠯ ᠤᠨ ᠰᠠᠭᠤᠷᠢ ᠮᠥᠩᠭᠦ ᠶᠢᠨ ᠪᠦᠭᠦ ᠲᠣᠭᠠᠨ ᠤ 25%᠎ ᠠᠴᠠ ᠬᠡᠲᠦᠷᠡᠭᠦᠯᠬᠦ ᠦᠭᠡᠢ ︵ᠲᠦᠭᠰᠢᠭᠦᠷᠢ ᠶᠢᠨ ᠰᠠᠭᠤᠷᠢ ᠮᠥᠩᠭᠦ ᠪᠠᠭᠲᠠᠨ᠎ᠠ︶ ᠪᠠᠶᠢᠯᠭᠠᠵᠤ᠂ ᠲᠤᠰ ᠵᠢᠯ ᠤᠨ ᠦᠯᠡᠳᠡᠪᠦᠷᠢ ᠶᠢ ᠶᠡᠷᠦᠩᠭᠡᠢ ᠳᠡᠭᠡᠨ ᠲᠤᠬᠠᠶ ᠶᠢᠨ ᠵᠢᠯ ᠤᠨ ᠰᠠᠭᠤᠷᠢ ᠮᠥᠩᠭᠦ ᠶᠢᠨ ᠪᠦᠬᠦ ᠲᠣᠭᠠᠨ ᠤ 15%᠎ ᠠᠴᠠ ᠬᠡᠲᠦᠷᠡᠭᠦᠯᠬᠦ ᠦᠭᠡᠢ ︵ᠲᠦᠭᠰᠢᠭᠦᠷᠢ ᠶᠢᠨ ᠰᠠᠭᠤᠷᠢ ᠮᠥᠩᠭᠦ ᠪᠠᠭᠲᠠᠨ᠎ᠠ︶ ᠪᠠᠶᠢᠯᠭᠠᠨ᠎ᠠ᠃ ︽ᠰᠠᠨᠠᠯ︾᠎ ᠳᠤ ᠲᠣᠭᠲᠠᠭᠠᠭᠰᠠᠨ ᠢᠶᠠᠷ ᠪᠣᠯ᠂ ᠡᠮᠨᠡᠯᠭᠡ ᠳᠤ ᠰᠠᠭᠤᠭᠰᠠᠨ ᠨᠥᠬᠦᠪᠥᠷᠢ ᠥᠭᠬᠦ ᠪᠠᠷᠢᠮᠵᠢᠶ᠎ᠠ ᠨᠢ᠄ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠬᠢᠯᠡᠵᠦ ᠲᠤᠰᠢᠶᠠᠬᠤ ᠪᠠᠷᠢᠮᠵᠢᠶ᠎ᠠ ᠨᠢ 150 ᠲᠥᠭᠦᠷᠢᠭ᠂ ᠨᠥᠬᠦᠪᠥᠷᠢ ᠥᠭᠬᠦ ᠬᠠᠷᠢᠴᠠᠯ ᠨᠢ 100% ᠪᠣᠯᠤᠨ᠎ᠠ︔ ᠬᠤᠰᠢᠭᠤ ᠰᠢᠶᠠᠨ ᠤ ᠬᠤᠶᠠᠳᠤᠭᠠᠷ ᠳᠡᠰ ᠎ ᠠᠴᠠ ᠳᠣᠣᠷᠠᠬᠢ ᠡᠮᠨᠡᠯᠭᠡ ᠶᠢᠨ ᠬᠤᠷᠢᠶ᠎ᠠ ︵ᠬᠤᠶᠠᠳᠤᠭᠠᠷ ᠳᠡᠰ ᠪᠠᠭᠲᠠᠨ᠎ᠠ︶᠎ ᠶᠢᠨ ᠡᠬᠢᠯᠡᠵᠦ ᠲᠤᠰᠢᠶᠠᠬᠤ ᠪᠠᠷᠢᠮᠵᠢᠶ᠎ᠠ ᠨᠢ 400  ᠲᠥᠭᠦᠷᠢᠭ᠂ ᠨᠥᠬᠦᠪᠥᠷᠢ ᠥᠭᠬᠦ ᠬᠠᠷᠢᠴᠠᠯ ᠨᠢ 85% ᠪᠣᠯᠣᠨ᠎ᠠ︔ ᠬᠤᠰᠢᠭᠤ ᠰᠢᠶᠠᠨ ᠤ ᠭᠤᠷᠪᠠᠳᠤᠭᠠᠷ  ᠳᠡᠰ ᠤᠨ ᠡᠮᠨᠡᠯᠭᠡ ᠶᠢᠨ ᠬᠤᠷᠢᠶ᠎ᠠ ᠶᠢᠨ ᠡᠬᠢᠯᠡᠵᠦ ᠲᠤᠰᠢᠶᠠᠬᠤ ᠪᠠᠷᠢᠮᠵᠢᠶ᠎ᠠ ᠨᠢ 600 ᠲᠥᠭᠦᠷᠢᠭ᠂ ᠨᠥᠬᠦᠪᠥᠷᠢ ᠥᠭᠬᠦ ᠬᠠᠷᠢᠴᠠᠯ ᠨᠢ 80% ᠪᠣᠯᠣᠨ᠎ᠠ︔ ᠠᠶᠢᠮᠠᠭ ᠬᠤᠳᠠ ︵Ⅰ ᠲᠥᠷᠥᠯ︶᠎ ᠎ ᠶᠢᠨ ᠬᠤᠶᠠᠳᠤᠭᠠᠷ ᠳᠡᠰ ᠠᠴᠠ ᠳᠣᠣᠷᠠᠬᠢ ᠡᠮᠨᠡᠯᠭᠡ ᠶᠢᠨ ᠬᠤᠷᠢᠶ᠎ᠠ ︵ᠬᠤᠶᠠᠳᠤᠭᠠᠷ ᠳᠡᠰ ᠪᠠᠭᠲᠠᠨ᠎ᠠ︶᠎ ᠶᠢᠨ ᠡᠬᠢᠯᠡᠵᠦ ᠥᠭᠬᠦ ᠱᠤᠭᠤᠮ  ᠎ ᠨᠢ 600 ᠲᠥᠭᠦᠷᠢᠭ᠂ ᠨᠥᠬᠦᠪᠥᠷᠢ ᠥᠭᠬᠦ ᠬᠠᠷᠢᠴᠠᠯ ᠨᠢ 75% ᠪᠣᠯᠣᠨ᠎ᠠ︔ ᠠᠶᠢᠮᠠᠭ ᠬᠤᠳᠠ ︵Ⅱ ᠲᠥᠷᠥᠯ︶᠎ ᠶᠢᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠬᠢᠯᠡᠵᠦ  ᠲᠤᠰᠢᠶᠠᠬᠤ ᠪᠠᠷᠢᠮᠵᠢᠶ᠎ᠠ ᠎ ᠨᠢ 1000 ᠲᠥᠭᠦᠷᠢᠭ᠂ ᠨᠥᠬᠦᠪᠥᠷᠢ ᠥᠭᠬᠦ ᠬᠠᠷᠢᠴᠠᠯ ᠨᠢ 65% ᠪᠣᠯᠣᠨ᠎ᠠ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠬᠢᠯᠡᠵᠦ ᠲᠤᠰᠢᠶᠠᠬᠤ ᠪᠠᠷᠢᠮᠵᠢᠶ᠎ᠠ ᠨᠢ 1500 ᠲᠥᠭᠦᠷᠢᠭ᠂ ᠨᠥᠬᠦᠪᠥᠷᠢ ᠥᠭᠬᠦ ᠬᠠᠷᠢᠴᠠᠯ ᠨᠢ 65% ᠪᠣᠯᠣᠨ᠎ᠠ︔ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠡᠮᠨᠡᠯᠭᠡ ᠶᠢᠨ ᠬᠤᠷᠢᠶ᠎ᠠ ᠶᠢᠨ ᠡᠬᠢᠯᠡᠵᠦ ᠥᠭᠬᠦ ᠱᠤᠭᠤᠮ ᠨᠢ 2000 ᠲᠥᠭᠦᠷᠢᠭ᠂ ᠨᠥᠬᠦᠪᠥᠷᠢ ᠥᠭᠬᠦ ᠬᠠᠷᠢᠴᠠᠯ ᠨᠢ 55% ᠪᠣᠯᠣᠨ᠎ᠠ᠃ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠥᠰ ᠨᠢᠭᠡ ᠵᠢᠯ ᠤᠨ ᠲᠤᠲᠤᠷ᠎ᠠ ᠠᠳᠠᠯᠢ ᠲᠡᠰ ᠤᠨ ᠡᠮᠴᠢᠯᠡᠭᠡᠨ ᠤ ᠪᠠᠶᠢᠭᠤᠯᠤᠮᠵᠢ ᠳᠤ ᠬᠤᠶᠠᠷᠳᠡᠬᠢ ᠤᠳᠠᠭ᠎ᠠ ᠵᠢᠴᠢ ᠲᠡᠭᠦᠨ ᠠᠴᠠ ᠢᠯᠡᠭᠦᠦ ᠡᠮᠨᠡᠯᠭᠡ ᠳᠤ ᠰᠠᠭᠤᠪᠠᠯ᠂ ᠡᠬᠢᠯᠡᠵᠦ  ᠲᠤᠰᠢᠶᠠᠬᠤ ᠪᠠᠷᠢᠮᠵᠢᠶ᠎ᠠ ᠶᠢ 50%᠎ ᠪᠠᠷ ᠪᠠᠭᠤᠷᠠᠭᠤᠯᠤᠨ᠎ᠠ︔  ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠳᠤ ᠡᠮᠨᠡᠯᠭᠡ ᠳᠤ ᠰᠠᠭᠤᠵᠤ ᠡᠮᠨᠡᠭᠦᠯᠬᠦ ᠳᠤ᠂ ᠡᠬᠢᠯᠡᠵᠦ ᠲᠤᠰᠢᠶᠠᠬᠤ ᠪᠠᠷᠢᠮᠵᠢᠶ᠎ᠠ ᠶᠢ 50%᠎ ᠪᠠᠷ ᠪᠠᠭᠤᠷᠠᠭᠤᠯᠤᠨ᠎ᠠ᠃ᠬᠤᠶᠠᠷ ᠵᠦᠢᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢᠨ ᠲᠦᠷᠦ ᠶᠢᠨ ᠪᠤᠳᠤᠯᠭ᠎ᠠ ᠶᠢᠨ ᠨᠥᠭᠦᠴᠡᠯ ᠢ ᠵᠡᠷᠭᠡᠪᠡᠷ ᠪᠦᠷᠢᠯᠳᠦᠭᠦᠯᠦᠭᠰᠡᠨ ᠪᠣᠯ᠂ ᠵᠥᠪᠬᠡᠨ ᠬᠠᠮᠤᠭ ᠤᠨ ᠳᠡᠭᠡᠳᠦ ᠳᠡᠰ ᠤᠨ ᠨᠢᠭᠡ ᠵᠦᠢᠯ ᠤᠨ ᠬᠠᠷᠠᠭᠠᠯᠵᠠᠯ ᠦᠵᠡᠭᠦᠯᠬᠦ ᠤᠨ ᠲᠦᠷᠦ ᠶᠢᠨ ᠪᠤᠳᠤᠯᠭ᠎ᠠ ᠶᠢ ᠡᠳ᠋ᠯᠡᠵᠦ ᠪᠣᠯᠣᠨ᠎ᠠ᠃ ᠲᠠᠩᠰᠠ ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠡᠯ᠎ᠡ ᠱᠠᠲᠤᠨ ᠤ ᠴᠢᠭ᠋ ᠴᠢᠭ᠋ ᠢᠶᠠᠷ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠬᠤ ᠳᠤ᠂ ᠡᠬᠢᠯᠡᠵᠦ ᠲᠤᠰᠢᠶᠠᠬᠤ ᠪᠠᠷᠢᠮᠵᠢᠶ᠎ᠠ ᠶᠢ ᠨᠢ 50%᠎ ᠪᠠᠷ ᠪᠠᠭᠤᠷᠠᠭᠤᠯᠵᠤ᠂ ᠳᠠᠩᠰᠠ ᠲᠠᠶᠢᠯᠬᠤ ᠬᠠᠷᠢᠴᠠᠯ ᠢ 5 ᠵᠠᠭᠤᠨ ᠤ ᠴᠢᠭ ᠢᠶᠠᠷ ᠳᠡᠭᠡᠭᠰᠢᠯᠡᠭᠦᠯᠦᠨ᠎ᠡ᠃ ᠲᠠᠩᠰᠠ ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠣᠨ ᠤ ᠲᠣᠲᠣᠷ᠎ᠠ ᠠᠳᠠᠯᠢ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠬᠤᠶᠠᠳᠠᠬᠢ ᠤᠳᠠᠭ᠎ᠠ ᠵᠢᠴᠢ ᠡᠭᠦᠨ ᠠᠴᠠ ᠳᠡᠭᠡᠭᠰᠢ ᠤᠳᠠᠭ᠎ᠠ ᠡᠮᠨᠡᠯᠭᠡ ᠳᠤ ᠰᠠᠭᠤᠬᠤ ᠳᠤ᠂ ᠡᠬᠢᠯᠡᠵᠦ ᠲᠤᠰᠢᠶᠠᠬᠤ ᠪᠠᠷᠢᠮᠵᠢᠶ᠎ᠠ ᠶᠢ ᠦᠭᠡᠶᠢᠰᠬᠡᠨ᠎ᠡ᠃ ᠡᠯ᠎ᠡ ᠠᠶᠢᠮᠠᠭ ᠬᠤᠳᠠ ᠨᠤᠭᠤᠳ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠪᠠ ᠡᠮᠴᠢᠯᠡᠭᠡᠨ ᠤ ᠬᠡᠷᠡᠭᠯᠡᠭᠡᠨ ᠤ ᠬᠢᠷᠢ ᠬᠡᠮᠵᠢᠶ᠎ᠡ ᠪᠠᠨ ᠦᠨᠳᠦᠰᠦᠯᠡᠨ ᠲᠤᠬᠠᠶ ᠶᠢᠨ ᠭᠠᠵᠠᠷ ᠤᠨ ᠨᠥᠬᠦᠪᠥᠷᠢ ᠥᠭᠬᠦ ᠬᠠᠷᠢᠴᠠᠯ ᠪᠣᠯᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ ᠵᠣᠬᠢᠰᠲᠠᠶ ᠪᠠᠷ ᠲᠣᠬᠢᠷᠠᠭᠤᠯᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠴᠢᠬ ᠢᠶᠠᠷ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠥᠬᠦ ᠣᠷᠣᠨ ᠤ ᠡᠮᠨᠡᠯᠭᠡ ᠳᠤ ᠰᠠᠭᠤᠬᠤ ᠨᠢᠭᠡᠳᠦᠯᠲᠡᠶ ᠡᠬᠢᠯᠡᠵᠦ ᠲᠤᠰᠢᠶᠠᠬᠤ ᠪᠠᠷᠢᠮᠵᠢᠶ᠎ᠠ ᠪᠣᠯᠤᠨ ᠨᠥᠬᠦᠪᠥᠷᠢ ᠥᠭᠬᠦ ᠬᠠᠷᠢᠴᠠᠯ ᠢ ᠬᠡᠷᠡᠭᠵᠢᠭᠦᠯᠬᠦ ᠬᠡᠷᠡᠭᠲᠡᠢ᠃      ᠡᠮᠨᠡᠯᠭᠡ ᠳᠤ ᠰᠠᠭᠤᠭᠰᠠᠨ ᠨᠥᠬᠦᠪᠦᠷᠢ ᠶᠢᠨ ᠳᠡᠭᠳᠡᠷ ᠬᠢᠵᠠᠭᠠᠷ ᠤᠨ ᠨᠥᠬᠦᠪᠦᠷᠢ ᠮᠥᠩᠭᠦ ᠶᠢᠨ ᠲᠤᠭ᠎ᠠ ᠶᠢ ᠨᠡᠶᠢᠲᠡ 15 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ      ︽ᠰᠠᠨᠠᠯ︾᠎ ᠳᠤ ᠪᠠᠰᠠ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠦᠰ ᠤᠨ ᠡᠮᠨᠡᠯᠭᠡ ᠳᠤ ᠰᠠᠭᠤᠬᠤ ᠨᠥᠬᠦᠪᠦᠷᠢ ᠶᠢᠨ ᠳᠡᠭᠳᠡᠷ ᠬᠢᠵᠠᠭᠠᠷ ᠢ ᠲᠣᠳᠣᠷᠬᠠᠶᠢᠯᠠᠪᠠ᠂ ᠲᠤᠬᠠᠶᠢᠯᠠᠪᠠᠯ ᠲᠤᠰ ᠵᠢᠯ ᠳᠡᠭᠡᠨ ᠨᠢᠭᠡ ᠯᠡ ᠡᠪᠡᠳᠴᠢᠲᠡᠨ ᠤ ᠪᠣᠳᠠᠲᠠᠶ ᠣᠯᠬᠤ ᠬᠦᠨᠳᠦ ᠡᠪᠡᠳᠴᠢᠨ ᠤ ᠨᠢᠭᠡᠳᠦᠯᠲᠡᠶ ᠲᠥᠯᠥᠪᠯᠡᠭᠰᠡᠨ ᠨᠥᠬᠦᠪᠦᠷᠢ ᠮᠥᠩᠭᠦ ᠶᠢ ᠨᠡᠶᠢᠲᠡ 15 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠬᠦᠨᠳᠦ ᠡᠪᠡᠳᠴᠢᠨ ᠤ ᠳᠠᠭᠠᠳᠬᠠᠯ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠦᠨᠳᠦ ᠶᠡᠭᠡ ᠡᠪᠡᠳᠴᠢᠨ ᠤ ᠬᠡᠪᠴᠢᠶᠡᠨ ᠳᠤ ᠬᠠᠷᠢᠶᠠᠯᠠᠭᠳᠠᠪᠠᠯ᠂ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠪᠣᠯᠤᠨ ᠳᠡᠭᠳᠡᠷ ᠬᠢᠵᠠᠭᠠᠷ ᠢ ᠠᠰ ᠲᠤᠨᠢ ᠲᠣᠭᠲᠠᠭᠠᠨ᠎ᠠ᠃      ᠥᠪᠡᠷᠲᠡᠭᠡᠨ ᠵᠠᠰᠠᠬᠤ ᠣᠷᠣᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠦᠰ ᠤᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠠᠰᠢᠭᠯᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ︽ᠰᠠᠨᠠᠯ︾᠎ ᠳᠤ ᠵᠢᠭᠠᠵᠤ ᠭᠠᠷᠭᠠᠭᠰᠠᠨ ᠨᠢ᠂ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠥᠰ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠬᠡᠷᠡᠭᠯᠡᠭᠰᠡᠨ ᠳᠤ ᠨᠢ ᠬᠦᠯᠢᠶᠡᠪᠡᠯ᠂ ᠨᠥᠬᠦᠪᠥᠷᠢ ᠥᠭᠬᠦ ᠬᠠᠷᠢᠴᠠᠯ ᠢ ᠨᠢ 10%-15%᠎ ᠪᠠᠷ ᠳᠡᠭᠡᠭᠰᠢᠯᠡᠭᠦᠯᠦᠨ᠎ᠡ᠂ ᠭᠡᠪᠡᠴᠦ ᠶᠡᠷᠦᠩᠬᠡᠶ ᠨᠥᠬᠦᠪᠥᠷᠢᠯᠡᠬᠦ ᠬᠠᠷᠢᠴᠠᠯ ᠢ 95%᠎ ᠠᠴᠠ ᠳᠡᠭᠡᠭᠦᠷ ᠪᠠᠶᠢᠯᠭᠠᠵᠤ ᠪᠣᠯᠬᠤ ᠦᠭᠡᠢ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠭᠡᠳᠡᠭ ᠨᠢ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠨᠥᠬᠦᠪᠥᠷᠢ ᠣᠯᠭᠤᠬᠤ ᠬᠡᠪᠴᠢᠶ᠎ᠡ ᠳᠤ ᠣᠷᠣᠭᠤᠯᠤᠭᠰᠠᠨ ᠡᠮᠴᠢᠯᠡᠭᠡᠨ ᠤ ᠡᠪᠡᠳᠴᠢᠨ ᠡᠮᠨᠡᠨ ᠵᠠᠰᠠᠬᠤ ᠳᠤ ᠬᠡᠷᠡᠭᠯᠡᠬᠦ ᠮᠣᠩᠭᠤᠯ᠂ ᠬᠢᠲᠠᠳ ᠡᠮ ᠤᠨ ᠲᠡᠩ᠂ ᠨᠠᠶᠢᠷᠠᠭᠤᠯᠤᠭᠰᠠᠨ ᠬᠢᠲᠠᠳ ᠡᠮ᠂ ᠬᠢᠲᠠᠳ ᠡᠮ ᠤᠨ ᠨᠠᠶᠢᠷᠠᠯᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠣᠨᠣᠰᠢᠯᠠᠨ ᠡᠮᠨᠡᠬᠦ ᠲᠥᠷᠥᠯ ᠵᠦᠢᠯ ︵ᠵᠠᠰᠠᠪᠤᠷᠢ ᠣᠷᠣᠭᠤᠯᠤᠭᠰᠠᠨ︶︾᠎ ᠳᠤ ᠲᠣᠳᠣᠷᠬᠠᠶᠢᠯᠠᠭᠰᠠᠨ ᠮᠣᠩᠭᠤᠯ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠲᠥᠷᠥᠯ ᠵᠦᠢᠯ ᠢ ᠵᠢᠭᠠᠵᠤ ᠪᠤᠢ᠃ ᠡᠭᠦᠨ ᠠᠴᠠ ᠭᠠᠳᠠᠨ᠎ᠠ᠂ ︽ᠰᠠᠨᠠᠯ︾᠎ ᠳᠤ ᠵᠢᠯ ᠰᠤᠨᠳᠠᠯᠠᠨ ᠡᠮᠨᠡᠯᠭᠡ ᠳᠤ ᠰᠠᠭᠤᠭᠰᠠᠨ ᠨᠥᠬᠦᠪᠥᠷᠢ ᠳᠤ ᠴᠦ ᠲᠣᠳᠣᠷᠬᠠᠶ ᠲᠣᠭᠲᠠᠭᠠᠯ ᠭᠠᠷᠭᠠᠵᠠᠢ᠂ ᠵᠢᠯ ᠰᠤᠨᠳᠠᠯᠠᠨ ᠡᠮᠨᠡᠯᠭᠡ ᠳᠤ ᠰᠠᠭᠤᠭᠰᠠᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠥᠰ ᠤᠨ ᠡᠮᠨᠡᠯᠭᠡ ᠳᠤ ᠰᠠᠭᠤᠭᠰᠠᠨ ᠡᠮᠨᠡᠯᠭᠡ ᠠᠴᠠ ᠭᠠᠷᠤᠭᠰᠠᠨ ᠨᠢ ᠣᠨ ᠳᠠᠷᠠᠭᠠᠯᠠᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠪᠠᠶᠢᠪᠠᠯ᠂ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠪᠦᠬᠦᠨ ᠢ ᠨᠢ ᠪᠣᠳᠣᠨ ᠣᠷᠣᠭᠤᠯᠵᠤ᠂ ᠡᠮᠨᠡᠯᠭᠡ ᠠᠴᠠ ᠭᠠᠷᠬᠤ ᠦᠶ᠎ᠡ ᠶᠢᠨ ᠵᠢᠯ ᠤᠨ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠨᠥᠬᠦᠪᠦᠷᠢ ᠶᠢᠨ ᠵᠠᠷᠤᠳᠠᠯ ᠢ ᠪᠣᠳᠣᠨ᠎ᠠ︔ ᠵᠢᠯ ᠰᠤᠨᠳᠠᠯᠠᠨ ᠡᠮᠨᠡᠯᠭᠡ ᠳᠤ ᠰᠠᠭᠤᠭᠰᠠᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠥᠰ ᠡᠮᠨᠡᠯᠭᠡ ᠠᠴᠠ ᠭᠠᠷᠬᠤ ᠣᠨ ᠳᠠᠭᠠᠨ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠰᠢᠨ᠎ᠡ ᠪᠠᠷ ᠣᠷᠣᠯᠴᠠᠭᠰᠠᠨ ᠪᠣᠯ᠂ ᠵᠥᠪᠬᠡᠨ ᠰᠢᠨ᠎ᠡ ᠪᠠᠷ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠵᠢᠯ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠨᠢ ᠪᠣᠳᠣᠵᠤ᠂ ᠡᠮᠨᠡᠯᠭᠡ ᠠᠴᠠ ᠭᠠᠷᠬᠤ ᠵᠢᠯ ᠤᠨ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠨᠥᠬᠦᠪᠦᠷᠢ ᠶᠢᠨ ᠵᠠᠷᠤᠳᠠᠯ ᠢ ᠨᠢ ᠪᠣᠳᠣᠨ᠎ᠠ︔ ᠵᠢᠯ ᠰᠤᠨᠳᠠᠯᠠᠨ ᠡᠮᠨᠡᠯᠭᠡ ᠳᠤ ᠰᠠᠭᠤᠭᠰᠠᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ  ᠬᠥᠮᠥᠰ ᠡᠮᠨᠡᠯᠭᠡ ᠠᠴᠠ ᠭᠠᠷᠬᠤ ᠣᠨ ᠳᠤ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠦᠭᠡᠢ ᠪᠣᠯ᠂ ᠵᠥᠪᠬᠡᠨ ᠳᠡᠭᠡᠷ᠎ᠡ ᠵᠢᠯ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠨᠢ ᠪᠣᠳᠣᠵᠤ᠂ ᠳᠡᠭᠡᠷ᠎ᠡ ᠵᠢᠯ ᠤᠨ ᠨᠥᠬᠦᠪᠦᠷᠢ ᠶᠢᠨ ᠪᠠᠷᠢᠮᠵᠢᠶ᠎ᠠ ᠶᠣᠰᠣᠭᠠᠷ ᠨᠥᠬᠦᠪᠦᠷᠢ ᠶᠢᠨ ᠵᠠᠷᠤᠳᠠᠯ ᠢ ᠨᠢ ᠪᠣᠳᠣᠨ᠎ᠠ᠃ ︽ᠰᠠᠨᠠᠯ︾᠎ ᠳᠤ ᠡᠮᠨᠡᠯᠭᠡ ᠳᠤ ᠰᠠᠭᠤᠭᠰᠠᠨ ᠰᠠᠭᠤᠷᠢ ᠶᠢ ᠪᠠᠲᠤᠯᠠᠬᠤ ᠨᠥᠬᠦᠪᠥᠷᠢ ᠶᠢᠨ ᠲᠤᠬᠠᠶ ᠲᠣᠭᠲᠠᠭᠠᠭᠰᠠᠨ ᠨᠢ᠂ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠦᠰ ᠡᠮᠨᠡᠯᠭᠡ ᠰᠢᠯᠵᠢᠵᠦ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ ᠡᠮᠨᠡᠭᠦᠯᠦᠨ᠂ ᠪᠣᠳᠠᠲᠠᠶ ᠨᠥᠬᠦᠪᠥᠷᠢᠯᠡᠬᠦ ᠬᠠᠷᠢᠴᠠᠯ ᠨᠢ ᠳᠡᠩᠳᠡᠭᠦᠦ ᠳᠣᠣᠷ᠎ᠠ ᠪᠠᠶᠢᠪᠠᠯ᠂ ᠡᠮᠨᠡᠯᠭᠡ ᠳᠤ ᠰᠠᠭᠤᠭᠰᠠᠨ ᠡᠮᠴᠢᠯᠡᠭᠡᠨ ᠤ ᠶᠡᠷᠦᠩᠬᠡᠶ ᠵᠠᠷᠤᠳᠠᠯ ᠠᠴᠠ ᠡᠬᠢᠯᠡᠵᠦ ᠲᠤᠰᠢᠶᠠᠬᠤ ᠪᠠᠷᠢᠮᠵᠢᠶ᠎ᠠ ᠶᠢ ᠬᠠᠰᠤᠭᠰᠠᠨ ᠤ ᠳᠠᠷᠠᠭ᠎ᠠ 40%᠎ ᠪᠠᠷ ᠰᠠᠭᠤᠷᠢ ᠪᠠᠲᠤᠯᠠᠬᠤ ᠨᠥᠬᠦᠪᠥᠷᠢ ᠥᠭᠭᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号