ᠥᠪᠥᠷ ᠮᠣᠩᠭᠤᠯ 3 ᠵᠢᠯ ᠤᠨ ᠳᠣᠲᠣᠷ᠎ᠠ ︽ᠠᠶᠤᠯ ᠦᠭᠡᠢ ᠠᠮᠤ ᠲᠤᠰᠤ︾ ᠬᠠᠩᠭᠠᠬᠤ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠵᠢᠱᠢᠵᠦ ᠪᠤᠢ
ᠨᠡᠶᠢᠲᠡᠯᠡᠭᠰᠡᠨ ᠴᠠᠭ᠄
2016/4/1
      ᠥᠪᠥᠷ ᠮᠣᠩᠭᠤᠯ ︽ᠠᠶᠤᠯ ᠦᠭᠡᠢ ᠠᠮᠤ ᠲᠤᠰᠤ︾᠎ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ 2018 ᠣᠨ ᠤ ᠡᠴᠦᠰ ᠠᠴᠠ ᠡᠮᠦᠨ᠎ᠡ ︽ᠠᠶᠤᠯ ᠦᠭᠡᠢ ᠠᠮᠤ ᠲᠤᠰᠤ︾ ᠬᠠᠩᠭᠠᠬᠤ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠲᠥᠯᠥᠪᠯᠡᠵᠦ ᠪᠤᠢ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠭᠠᠳᠠᠭᠠᠳᠤ ᠠᠴᠠ ᠣᠷᠣᠭᠤᠯᠬᠤ ᠠᠮᠤ ᠪᠤᠳᠠᠭ᠎ᠠ ᠶᠢᠨ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠵᠤ᠂ ᠭᠠᠳᠠᠭᠠᠳᠤ ᠠᠴᠠ ᠣᠷᠣᠭᠤᠯᠬᠤ ᠠᠮᠤ ᠪᠤᠳᠠᠭ᠎ᠠ ᠶᠢ ᠡᠳ᠋ᠰᠢᠭᠦᠯᠬᠦ ᠶᠠᠰᠤ ᠴᠢᠨᠠᠷ ᠤᠨ ᠠᠶᠤᠯ ᠦᠭᠡᠢ ᠶᠢ ᠪᠠᠲᠤᠯᠠᠬᠤ ᠰᠢᠰᠲ᠋ᠧᠮᠵᠢ ᠶᠢ ᠪᠠᠶᠢᠭᠤᠯᠬᠤ ᠪᠣᠯᠣᠨ᠎ᠠ᠃ ᠠᠮᠤ ᠪᠤᠳᠠᠭᠠᠨ ᠤ ᠶᠠᠰᠤ ᠴᠢᠨᠠᠷ ᠢ ᠰᠢᠯᠭᠠᠨ ᠬᠡᠮᠵᠢᠬᠦ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠵᠠᠷᠤᠳᠠᠯ ᠪᠠ ᠰᠢᠯᠭᠠᠨ ᠪᠠᠶᠢᠴᠠᠭᠠᠬᠤ ᠠᠷᠭ᠎ᠠ ᠪᠠᠷᠢᠯ ᠢ ᠦᠨᠡᠨ ᠬᠦ ᠴᠢᠩᠭᠠᠳᠬᠠᠨ ᠲᠡᠭᠦᠯᠳᠡᠷᠵᠢᠭᠦᠯᠵᠦ᠂ ᠠᠮᠤ ᠲᠤᠰᠤ ᠶᠢᠨ ᠶᠠᠰᠤ ᠴᠢᠨᠠᠷ ᠤᠨ ᠠᠶᠤᠯ ᠥᠭᠡᠢ ᠶᠢ ᠰᠢᠯᠭᠠᠨ ᠬᠡᠮᠵᠢᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤ ᠪᠤᠳᠠᠭᠠᠨ ᠤ ᠭᠠᠷᠤᠯᠲᠠ ᠶᠢᠨ ᠭᠠᠵᠠᠷ ᠤᠨ ᠵᠥᠪᠰᠢᠶᠡᠷᠡᠨ ᠭᠠᠷᠭᠠᠬᠤ ᠲᠦᠷᠢᠮ ᠪᠠ ᠶᠠᠰᠤ ᠴᠢᠨᠠᠷ ᠢ ᠢᠯᠡᠳᠬᠡᠬᠦ ᠳᠦᠷᠢᠮ ᠢ ᠲᠡᠭᠦᠯᠳᠡᠷᠵᠢᠭᠦᠯᠦᠨ᠎ᠡ᠃ ᠠᠮᠤ ᠲᠤᠰᠤᠨ ᠤ ᠦᠢᠯᠡᠳᠬᠦᠨ ᠵᠠᠬ᠎ᠠ ᠳᠡᠯᠭᠡᠭᠦᠷ ᠲᠤ ᠪᠥᠭᠡᠮ ᠢᠶᠠᠷ ᠣᠷᠣᠬᠤ ᠵᠠᠩᠭᠢᠯᠠᠭ᠎ᠠ ᠶᠢᠨ ᠶᠠᠰᠤ ᠴᠢᠨᠠᠷ ᠢ ᠰᠢᠯᠭᠠᠨ ᠬᠡᠮᠵᠢᠬᠦ ᠡᠷᠴᠢᠮ ᠢ ᠨᠡᠮᠡᠭᠳᠡᠭᠦᠯᠵᠦ᠂ ᠢᠳᠡᠭᠡᠨ ᠤ ᠠᠶᠤᠯ ᠦᠭᠡᠢ ᠶᠢᠨ ᠪᠠᠷᠢᠮᠵᠢᠶ᠎ᠠ ᠳᠤ ᠦᠯᠦ ᠨᠡᠶᠢᠴᠡᠬᠦ ᠠᠮᠤ ᠪᠤᠳᠠᠭ᠎ᠠ ᠶᠢ ᠬᠦᠨᠡᠰᠦᠨ ᠠᠮᠤ ᠶᠢᠨ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠨ᠎ᠠ᠃ ᠥᠪᠥᠷ ᠮᠣᠩᠭᠤᠯ ᠠᠮᠤ ᠪᠤᠳᠠᠭᠠᠨ ᠤ ᠶᠠᠰᠤ ᠴᠢᠨᠠᠷ ᠤᠨ ᠠᠶᠤᠯ ᠦᠭᠡᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠥᠷᠬᠦ ᠪᠦᠬᠦ ᠶᠠᠪᠤᠴᠠ ᠶᠢ ᠬᠢᠨᠠᠨ ᠬᠠᠮᠢᠶᠠᠷᠬᠤ ᠲᠦᠷᠢᠮ ᠢ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷ ᠲᠠᠢ᠂ ᠰᠢᠰᠲ᠋ᠧᠮᠲᠦ ᠴᠢᠨᠠᠷ ᠲᠠᠢ ᠠᠮᠤ ᠪᠤᠳᠠᠭᠠᠨ ᠤ ᠶᠠᠰᠤ ᠴᠢᠨᠠᠷ ᠤᠨ ᠠᠶᠤᠯ ᠲᠦᠭᠰᠢᠭᠦᠷᠢ ᠡᠭᠦᠰᠬᠦ ᠶᠢ ᠰᠡᠷᠭᠡᠶᠢᠯᠡᠨ᠎ᠡ᠃ ᠭᠤᠣᠯ ᠢᠳᠡᠭᠡᠨ ᠢ ᠡᠳ᠋ᠰᠢᠭᠦᠯᠬᠦ ᠲᠠᠭᠠᠭᠤᠯᠤᠭᠴᠢ ᠠᠵᠤ ᠠᠬᠤᠶᠢᠯᠠᠯ ᠤᠨ ᠨᠡᠶᠢᠯᠡᠯ᠂ ᠬᠤᠳᠠᠯᠳᠤᠨ ᠠᠪᠬᠤ᠂ ᠬᠤᠪᠢ ᠣᠷᠣᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠵᠡᠭᠡᠯᠢ ᠭᠤᠳᠤᠮᠵᠢᠨ ᠤ ᠮᠠᠨᠲᠠᠤ ᠭᠤᠯᠢᠷ ᠤᠨ ᠢᠳᠡᠭᠡᠨ ᠤ ᠦᠢᠯᠡᠳᠬᠡᠯ ᠢ ᠲᠣᠣᠷ ᠰᠦᠯᠵᠢᠶ᠎ᠡ ᠳᠤ ᠣᠷᠣᠭᠤᠯᠬᠤ ᠶᠢ ᠵᠣᠷᠢᠭᠵᠢᠭᠤᠯᠵᠤ᠂ ᠢᠳᠡᠭᠡᠨ ᠤ ᠠᠶᠤᠯ ᠦᠭᠡᠢ ᠶᠢ ᠦᠨᠡᠨ ᠬᠦ ᠪᠠᠲᠤᠯᠠᠬᠤ ᠪᠣᠯᠣᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠠᠮᠤ ᠪᠤᠳᠠᠭᠠᠨ ᠤ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠪᠣᠯᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠡᠷᠢᠬᠤ᠂ ᠬᠤᠳᠠᠯᠳᠤᠨ ᠠᠪᠬᠤ᠂ ᠬᠥᠮᠥᠷᠭᠡᠯᠡᠨ ᠬᠠᠳᠠᠭᠠᠯᠠᠬᠤ᠂ ᠡᠳ᠋ᠰᠢᠭᠦᠯᠬᠦ᠂ ᠵᠠᠬ᠎ᠠ ᠳᠡᠯᠭᠡᠭᠦᠷ ᠲᠤ ᠪᠣᠷᠣᠯᠠᠭᠤᠯᠬᠤ ᠵᠡᠷᠭᠡ ᠵᠠᠩᠭᠢᠯᠠᠭ᠎ᠠ ᠶᠢᠨ ᠶᠠᠰᠤ ᠴᠢᠨᠠᠷ ᠤᠨ ᠠᠶᠤᠯ ᠦᠭᠡᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠬᠢᠷᠢ ᠲᠡᠩᠴᠡᠬᠦ ᠦᠭᠡᠢ ᠠᠮᠤ ᠪᠤᠳᠠᠭ᠎ᠠ ᠶᠢ ᠰᠢᠢᠳᠪᠦᠷᠢᠯᠡᠬᠦ ᠪᠠ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠢ ᠰᠢᠳᠬᠡᠨ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号