ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠣᠯᠳᠠᠯᠭ᠎ᠠ ᠲᠠᠢ 2 ᠲᠤᠷᠰᠢᠯᠲᠠ ᠶᠢᠨ ᠳᠠᠰᠤᠭ ᠪᠦᠳᠣᠭᠡᠨ ᠪᠠᠶᠢᠭᠤᠯᠤᠯᠲᠠ ᠶᠢᠨ ᠬᠤᠭᠤᠴᠠᠭᠠᠨ ᠳᠠᠭᠠᠨ ᠣᠷᠤᠪᠠ
ᠨᠡᠶᠢᠲᠡᠯᠡᠭᠰᠡᠨ ᠴᠠᠭ᠄
2016/4/11
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠲᠦᠭᠡᠨ ᠪᠠᠶᠢᠭᠤᠯᠬᠤ ᠵᠦᠪᠰᠢᠶᠡᠷᠡᠯ ᠣᠯᠣᠭᠰᠠᠨ ᠬᠤᠶᠠᠷ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠨᠢ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢ ᠣᠯᠤᠭᠠᠳ᠂ ᠡᠨᠡ ᠨᠢ ᠪᠦᠳᠣᠭᠡᠨ ᠪᠠᠶᠢᠭᠤᠯᠤᠯᠲᠠ ᠶᠢᠨ ᠬᠤᠭᠤᠴᠠᠭᠠᠨ ᠳᠠᠭᠠᠨ ᠵᠢᠩᠬᠢᠨᠢ ᠪᠠᠷ ᠤᠷᠤᠭᠰᠠᠨ ᠢ ᠬᠠᠷᠠᠭᠤᠯᠵᠤ ᠪᠠᠶᠢᠨ᠎ᠠ᠃      ᠡᠨᠡ ᠬᠤᠶᠠᠷ ᠲᠤᠷᠰᠢᠯᠲᠠ ᠶᠢᠨ ᠲᠡᠰᠤᠬ ᠨᠢ ᠲᠤᠰ ᠪᠦᠷᠢ ︽ᠣᠨᠴᠠ ᠲᠥᠷᠥᠯ ᠤᠨ ᠲᠡᠷᠭᠡ ᠵᠢᠴᠢ ᠲᠡᠭᠦᠨ ᠤ ᠳᠠᠮᠵᠢᠭᠤᠯᠬᠤ ᠰᠢᠰᠲ᠋ᠧᠮ ᠢ ᠤᠶᠤᠨᠲᠤ ᠦᠢᠯᠡᠳᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠡᠰᠤᠬ︾ ᠪᠠ ︽ᠪᠠᠶ᠋ᠬᠠᠤᠪᠤᠭ᠎ᠠ ᠶᠢᠨ ᠬᠤᠪᠣᠷ ᠰᠢᠷᠣᠶ ᠶᠢᠨ ᠡᠬᠢ ᠪᠠᠶᠠᠯᠢᠭ ᠤᠨ ᠰᠣᠳᠤᠯᠭᠠᠨ ᠬᠢᠭᠡᠳ ᠶᠡᠷᠦᠩᠬᠡᠶᠢᠯᠡᠨ ᠠᠰᠢᠭᠯᠠᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠣᠷᠣᠨ ᠤ ᠳᠣᠲᠤᠨ᠎ᠠ ᠭᠠᠳᠠᠨᠠᠬᠢ ᠬᠠᠮᠢᠶ᠎ᠠ ᠪᠦᠬᠦᠢ ᠬᠦᠷᠢᠶᠡᠨ ᠤ ᠨᠡᠷᠡᠲᠦ ᠲᠤᠰᠬᠠᠶ ᠮᠡᠷᠭᠡᠵᠢᠯᠲᠡᠨ ᠢ ᠤᠷᠢᠨ ᠵᠠᠯᠠᠵᠤ ᠲᠤᠷᠰᠢᠯᠲᠠ ᠶᠢᠨ ᠲᠠᠰᠤᠭ ᠤᠨ ᠪᠦᠳᠦᠭᠡᠠ ᠪᠠᠶᠢᠭᠤᠯᠤᠯᠲᠠ ᠪᠠ ᠠᠵᠢᠯᠯᠠᠭᠠᠨ ᠤ ᠬᠡᠷᠡᠭᠵᠢᠭᠦᠯᠬᠦ ᠲᠥᠰᠦᠯ ᠳᠤ ᠨᠤᠲᠠᠯᠠᠯᠲᠠ ᠬᠢᠯᠭᠡᠪᠡ᠃      ᠲᠤᠰᠬᠠᠶ ᠮᠡᠷᠭᠡᠵᠢᠯᠲᠡᠨ ᠤ ᠺᠣᠮᠢᠰ ᠶᠠᠷᠢᠯᠴᠠᠬᠤ ᠪᠠᠷ ᠳᠠᠮᠵᠢᠨ ᠰᠠᠨᠠᠯ ᠨᠢᠭᠡᠲᠡᠶ ᠦᠵᠡᠭᠰᠡᠨ ᠨᠢ᠄ ᠡᠨᠡ ᠬᠤᠶᠠᠷ ᠲᠤᠷᠰᠢᠯᠲᠠ ᠶᠢᠨ ᠲᠠᠰᠤᠭ ᠨᠢ ᠥᠪᠥᠷ ᠮᠣᠩᠭᠤᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠴᠢᠭᠯᠡᠯ ᠲᠠᠢ ᠨᠢᠭᠲᠠ ᠤᠶᠠᠯᠳᠤᠭᠤᠯᠤᠨ᠂ ᠳᠡᠭᠡᠳᠦ ᠲᠡᠰ ᠤᠨ ᠲᠣᠨᠣᠭᠯᠠᠯ ᠲᠥᠬᠦᠭᠡᠷᠦᠮᠵᠢ ᠦᠢᠯᠡᠳᠬᠦ ᠪᠠ ᠬᠤᠪᠣᠷ ᠰᠢᠷᠣᠶ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠲᠥᠷᠥᠯ ᠤᠨ ᠦᠪᠡᠷᠮᠢᠴᠡ ᠣᠨᠴᠠᠯᠢᠭ ᠪᠠ ᠳᠠᠪᠠᠭᠤᠯᠢᠭ ᠲᠠᠯ᠎ᠠ ᠶᠢ ᠳᠣᠪᠤᠶᠢᠯᠭᠠᠵᠤ᠂ ᠬᠦᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠨᠢ ᠲᠣᠳᠣᠷᠬᠠᠶ᠂ ᠲᠤᠷᠰᠢᠯᠲᠠ ᠶᠢᠨ ᠲᠠᠰᠤᠭ ᠤᠨ ᠰᠤᠳᠤᠯᠭᠠᠨ ᠤ ᠴᠢᠭᠯᠡᠯ ᠬᠢᠭᠡᠳ ᠠᠭᠤᠯᠭ᠎ᠠ᠂ ᠨᠥᠬᠦᠴᠡᠯ ᠬᠢᠭᠡᠳ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠲᠥᠯᠥᠪᠵᠢᠭᠦᠯᠭᠡ ᠬᠢᠵᠦ᠂ ᠠᠭᠤᠯᠭ᠎ᠠ ᠨᠢ ᠪᠣᠳᠠᠲᠠᠶ᠂ ᠠᠷᠭ᠎ᠠ ᠬᠡᠮᠵᠢᠶ᠎ᠡ ᠨᠢ ᠬᠡᠷᠡᠭᠯᠡᠭᠦᠰᠢᠲᠡᠢ᠂ ᠲᠥᠰᠦᠪ ᠨᠢ ᠵᠦᠢ ᠵᠣᠬᠢᠰᠲᠠᠶ᠂ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠨᠡᠯᠢᠶᠡᠳ ᠴᠢᠩᠭ᠎ᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠨ᠎ᠠ ᠭᠡᠪᠡ᠃ ᠲᠤᠰᠬᠠᠶ ᠮᠡᠷᠭᠡᠵᠢᠯᠲᠡᠨ ᠤ ᠺᠣᠮᠢᠰ ᠠᠴᠠ ᠤᠯᠤᠰ ᠤᠨ ᠬᠤᠶᠠᠷ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠡᠷᠡᠭᠵᠢᠭᠦᠯᠬᠦ ᠲᠥᠰᠦᠯ ᠤᠨ ᠨᠤᠲᠠᠯᠠᠭᠳᠠᠭᠰᠠᠨ ᠢ ᠵᠦᠪᠰᠢᠶᠡᠷᠡᠪᠡ᠃      ᠲᠠᠨᠢᠯᠴᠠᠭᠤᠯᠤᠭᠰᠠᠨ ᠢᠶᠠᠷ᠂ ︽ᠣᠨᠴᠠ ᠲᠥᠷᠥᠯ ᠤᠨ ᠲᠡᠷᠭᠡ ᠵᠢᠴᠢ ᠲᠡᠭᠦᠨ ᠤ ᠳᠠᠮᠵᠢᠭᠤᠯᠬᠤ ᠰᠢᠰᠲ᠋ᠧᠮ ᠢ ᠤᠶᠤᠨᠲᠤ ᠦᠢᠯᠡᠳᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠡᠰᠤᠬ︾ ᠪᠠ ︽ᠪᠠᠶ᠋ᠬᠠᠤᠪᠤᠭ᠎ᠠ ᠶᠢᠨ ᠬᠤᠪᠣᠷ ᠰᠢᠷᠣᠶ ᠶᠢᠨ ᠡᠬᠢ ᠪᠠᠶᠠᠯᠢᠭ ᠤᠨ ᠰᠣᠳᠤᠯᠭᠠᠨ ᠬᠢᠭᠡᠳ ᠶᠡᠷᠦᠩᠬᠡᠶᠢᠯᠡᠨ ᠠᠰᠢᠭᠯᠠᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾᠎ ᠨᠢ 2015 ᠣᠨ ᠤ 9 ᠳ᠋ᠦ᠋ᠭᠡᠷ ᠰᠠᠷ᠎ᠠ ᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠪᠦᠲᠦᠭᠡᠨ ᠪᠠᠶᠢᠭᠤᠯᠬᠤ ᠵᠥᠪᠰᠢᠶᠡᠷᠡᠯ ᠢ ᠣᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠠᠩᠬᠠᠳᠠᠭᠴᠢ ᠪᠦᠳᠦᠭᠡᠨ ᠪᠠᠶᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠡᠰᠤᠬ ᠪᠣᠯᠤᠨ᠎ᠠ᠃ ᠬᠤᠶᠢᠰᠢᠳᠠ ᠶᠢᠨ 5 ᠵᠢᠯ ᠳᠤ᠂ ᠲᠤᠷᠰᠢᠯᠲᠠ ᠶᠢᠨ ᠲᠠᠰᠤᠭ ᠨᠢ ᠰᠤᠳᠤᠯᠭᠠᠨ ᠤ ᠴᠢᠭᠯᠡᠯ ᠤᠨ ᠲᠣᠭᠤᠷᠢᠨ ᠳᠤ᠂ ᠬᠡᠷᠡᠭᠯᠡᠭᠡᠨ ᠤ ᠰᠠᠭᠤᠷᠢ ᠰᠤᠳᠤᠯᠭᠠᠨ ᠪᠠ ᠥᠷᠢᠰᠥᠯᠳᠦᠭᠡᠨ ᠤ ᠡᠮᠦᠨᠡᠬᠢ ᠨᠡᠶᠢᠲᠡᠴᠢ ᠴᠢᠨᠠᠷᠲᠠᠶ ᠮᠡᠷᠭᠡᠵᠢᠯ ᠤᠨ ᠰᠤᠳᠤᠯᠭᠠᠨ ᠢ ᠦᠷᠨᠢᠭᠦᠯᠦᠨ᠂ ᠬᠠᠮᠢᠶ᠎ᠠ ᠪᠦᠬᠦᠢ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠰᠢᠯᠢᠳᠡᠭ ᠴᠢᠳᠠᠪᠤᠷᠢᠲᠠᠨ ᠢ ᠲᠥᠪᠯᠡᠷᠡᠭᠦᠯᠦᠨ ᠬᠥᠮᠦᠵᠢᠭᠦᠯᠵᠦ᠂ ᠠᠵᠢᠯ ᠲᠦᠷᠤᠯ ᠤᠨ ᠮᠡᠷᠭᠡᠵᠢᠯ ᠤᠨ ᠲᠡᠪᠰᠢᠯᠳᠡ ᠶᠢ ᠬᠥᠲᠥᠯᠥᠨ ᠳᠠᠭᠠᠭᠤᠯᠬᠤ ᠪᠠ ᠲᠡᠶᠢᠴᠢᠯᠡᠵᠦ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号