ᠥᠪᠥᠷ ᠮᠣᠩᠭᠤᠯ ᠦᠨᠳᠦᠰᠦᠨ ᠱᠠᠲᠤᠨ ᠳᠤ ᠱᠠᠯᠢᠭ ᠵᠦᠢᠯ ᠬᠠᠤᠯᠢ ᠪᠤᠰᠤ ᠬᠡᠪᠯᠡᠭᠳᠡᠬᠦᠨ ᠢ ᠴᠡᠪᠡᠷ ᠲᠤᠶᠢᠯᠪᠤᠷᠢᠲᠠᠢ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2016/4/11
     ᠡᠨᠡ ᠵᠢᠯ᠂ ᠪᠦᠬᠦ ᠣᠷᠣᠨ ᠤ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠨᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠬᠤ ᠬᠦᠴᠦᠨ ᠢ ᠴᠢᠩᠭᠠᠳᠬᠠᠬᠤ ᠰᠠᠭᠤᠷᠢᠨ ᠳᠡᠭᠡᠷ᠎ᠡ᠂  ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠵᠤ᠂ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ ᠪᠠᠶᠢᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠨᠢ ︽ᠪᠦᠬᠦ ᠤᠯᠤᠰ ᠤᠨ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠢᠯᠭᠠᠨ ᠦᠨᠡᠯᠡᠬᠦ ᠠᠷᠭ᠎ᠠ︾᠎ ᠳᠤ ᠨᠡᠮᠡᠭᠰᠡᠨ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠦᠨᠳᠦᠰᠦᠨ ᠱᠠᠲᠤᠨ ᠭᠦᠨᠵᠡᠭᠡᠶᠢᠷᠡᠭᠦᠯᠬᠦ ᠶᠢ ᠬᠢᠨᠠᠨ ᠰᠢᠯᠭᠠᠬᠤ ᠠᠭᠤᠯᠭ᠎ᠠ ᠪᠣᠯᠭᠠᠬᠤ ᠶᠣᠰᠣᠭᠠᠷ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠣᠷᠣᠨ ᠪᠠᠶᠢᠷᠢ ᠵᠢᠭᠰᠠᠭᠠᠵᠤ ᠰᠢᠯᠭᠠᠨ ᠦᠨᠡᠯᠡᠬᠦ ᠨᠠᠷᠢᠨ ᠳᠦᠷᠢᠮ︾᠎ ᠳᠤ ᠵᠣᠬᠢᠴᠠᠩᠭᠤᠶ ᠲᠤᠬᠢᠷᠠᠭᠤᠯᠤᠯᠳᠡ ᠬᠢᠵᠦ᠂ ᠲᠥᠰᠦᠯ ᠲᠣᠭᠲᠠᠭᠠᠬᠤ᠂ ᠵᠣᠬᠢᠶᠠᠨ ᠪᠠᠶᠢᠭᠤᠯᠬᠤ᠂ ᠡᠭᠦᠷᠭᠡ ᠬᠠᠷᠢᠭᠤᠴᠠᠯᠭ᠎ᠠ ᠶᠢ ᠲᠣᠲᠤᠷᠬᠠᠶᠢᠯᠠᠬᠤ᠂ ᠮᠡᠳᠡᠭᠡ ᠵᠠᠩᠭᠢ ᠶᠢᠨ ᠡᠩᠨᠡᠭᠡᠨ ᠤ ᠦᠢᠯᠡᠳᠦᠯ ᠵᠡᠷᠭᠡ ᠭᠤᠣᠯᠳᠠᠯᠭ᠎ᠠ ᠲᠠᠢ ᠬᠢᠨᠠᠨ ᠰᠢᠯᠭᠠᠬᠤ ᠠᠭᠤᠯᠭ᠎ᠠ ᠡᠨᠡ ᠵᠢᠯ ᠤᠨ ᠰᠢᠯᠭᠠᠨ ᠦᠨᠡᠯᠡᠬᠦ ᠠᠭᠤᠯᠭ᠎ᠠ ᠳᠤ  ᠣᠷᠣᠭᠤᠯᠪᠠ᠃ ᠡᠨᠡ ᠵᠢᠯ ᠪᠥᠬᠦ ᠣᠷᠣᠨ ᠤ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠨᠢ ᠣᠨ ᠤ ᠠᠵᠢᠯ᠂ ᠲᠤᠰᠬᠠᠶ ᠠᠵᠢᠯᠯᠠᠭ᠎ᠠ ᠪᠣᠯᠣᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠶᠢᠨ 3 ᠲᠥᠰᠦᠯ ᠢ ᠬᠦᠴᠦᠯᠡᠨ ᠰᠠᠶᠢᠲᠤᠷ ᠲᠤᠭᠲᠠᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ᠂ ᠬᠡᠷᠡᠭ ᠢ ᠪᠠᠶᠢᠴᠠᠭᠠᠨ  ᠰᠢᠢᠳᠪᠦᠷᠢᠯᠡᠬᠦ ᠪᠠ ᠰᠠᠭᠤᠷᠢ ᠲᠦᠷᠢᠮ ᠵᠡᠷᠭᠡ 3 ᠭᠤᠣᠯᠳᠠᠯᠭ᠎ᠠ ᠶᠢ ᠰᠠᠶᠢᠲᠤᠷ ᠠᠳᠬᠤᠵᠤ᠂ ᠤᠬᠠᠭᠤᠯᠵᠤ ᠬᠥᠲᠥᠯᠥᠨ ᠵᠢᠯᠣᠭᠤᠳᠬᠤ᠂ ᠱᠠᠩᠨᠠᠬᠤ ᠲᠣᠷᠭᠠᠬᠤ ᠤᠷᠮᠠᠰᠢᠭᠤᠯᠬᠤ ᠪᠠ ᠵᠣᠬᠢᠶᠠᠨ ᠪᠠᠶᠢᠭᠤᠯᠤᠨ ᠳᠠᠶᠢᠴᠢᠯᠠᠬᠤ 3 ᠵᠦᠢᠯ ᠤᠨ ᠠᠵᠢᠯ ᠢ ᠰᠠᠶᠢᠲᠤᠷ ᠬᠢᠵᠦ᠂ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠠᠭᠤᠷᠢ ᠠᠵᠢᠯ ᠢ ᠯᠠᠪᠳᠠᠭᠤᠨ ᠪᠦᠲᠦᠮᠵᠢᠲᠡᠶ᠂ ᠡᠭᠦᠷᠭᠡ ᠨᠢ ᠲᠣᠳᠣᠷᠬᠠᠶ᠂ ᠬᠠᠷᠢᠭᠤᠴᠠᠯᠭ᠎ᠠ ᠨᠢ ᠲᠣᠳᠣᠷᠬᠠᠶ ᠪᠣᠯᠣᠨ ᠠᠵᠢᠯ ᠤᠨ ᠬᠤᠪᠢᠶᠠᠷᠢᠯᠠᠯ ᠨᠢ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠨ᠎ᠠ᠃      ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ᠂ ᠵᠠᠰᠠᠬᠤ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠠᠯᠪᠠᠨ ᠭᠡᠷ ᠠᠴᠠ ᠳᠡᠰ ᠳᠠᠪᠬᠤᠷᠭ᠎ᠠ ᠪᠠᠷ ᠵᠠᠰᠠᠬᠤ ᠪᠠ ᠡᠬᠢ ᠡᠭᠦᠰᠦᠯ ᠢ ᠨᠢ ᠨᠡᠬᠡᠮᠵᠢᠯᠡᠨ ᠪᠠᠶᠢᠴᠠᠭᠠᠬᠤ ᠶᠢ ᠤᠶᠠᠯᠳᠤᠭᠤᠯᠤᠯ ᠢ ᠰᠠᠶᠢᠲᠤᠷ ᠠᠳᠬᠤᠵᠤ᠂ ᠴᠡᠪᠡᠷ ᠲᠤᠶᠢᠯᠪᠤᠷᠢᠲᠠᠢ ᠵᠠᠰᠠᠬᠤ ᠬᠡᠷᠡᠭᠲᠡᠢ᠃ ᠠᠷᠭ᠎ᠠ ᠵᠠᠮ ᠢ ᠴᠢᠩᠭ᠎ᠠ ᠬᠢᠵᠠᠭᠠᠷᠯᠠᠬᠤ ᠪᠠ ᠬᠤᠯᠪᠤᠭᠠᠯᠠᠨ ᠬᠢᠨᠠᠨ  ᠬᠠᠮᠢᠶᠠᠷᠬᠤ ᠤᠶᠠᠯᠳᠤᠭᠤᠯᠤᠯ ᠢ ᠴᠢᠩᠭ᠎ᠠ ᠡᠵᠡᠮᠳᠡᠵᠦ᠂ ᠲᠣᠣᠷ ᠰᠦᠯᠵᠢᠶ᠎ᠡ᠂ ᠭᠠᠷᠠᠮ᠂ ᠲᠦᠷᠭᠡᠨ ᠬᠦᠷᠭᠡᠬᠦ᠂ ᠳᠠᠷᠤᠮᠠᠯᠯᠠᠬᠤ ᠪᠠ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠵᠦ ᠬᠠᠳᠠᠭᠠᠯᠠᠬᠤ ᠵᠡᠷᠭᠡ ᠠᠷᠭ᠎ᠠ ᠵᠠᠮ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ᠬᠥᠲᠥᠯᠥᠨ ᠵᠢᠯᠣᠭᠤᠳᠬᠤ ᠪᠠ ᠬᠠᠤᠯᠢ ᠶᠣᠰᠣᠭᠠᠷ ᠴᠣᠬᠢᠯᠲᠠ ᠥᠭᠬᠦ ᠤᠶᠠᠯᠳᠤᠭᠤᠯᠤᠯ ᠢ ᠵᠢᠷᠤᠮᠵᠢᠭᠤᠯᠵᠤ᠂ ᠬᠠᠤᠯᠢ ᠶᠢ ᠰᠠᠬᠢᠨ ᠡᠵᠡᠩᠨᠡᠬᠦ ᠨᠡᠶᠢᠭᠡᠮ ᠤᠨ ᠬᠡᠪ ᠰᠤᠷᠲᠠᠯ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠦᠯᠬᠦᠮ᠂ ᠰᠠᠶᠢᠨ ᠳᠤᠷ᠎ᠠ ᠶᠢᠨ ᠬᠢᠨᠠᠨ ᠬᠠᠮᠢᠶᠠᠷᠤᠭᠴᠢᠳ ︽ᠱᠠᠯᠢᠭ ᠵᠦᠢᠯ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠣᠷᠣᠯᠴᠠᠬᠤ ᠲᠣᠮᠣ ᠬᠠᠮᠢᠶᠠᠷᠤᠯᠲᠠ ᠶᠢᠨ ᠪᠠᠶᠢᠳᠠᠯ ᠢ ᠢᠳᠡᠪᠬᠢᠲᠡᠢ ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号