ᠥᠪᠥᠷ ᠮᠣᠩᠭᠤᠯ ᠬᠤᠶᠠᠷ ᠵᠢᠯ ᠳᠤ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ 46 ᠵᠢᠭᠰᠠᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ  2018 ᠣᠨ ᠪᠣᠯᠬᠤ ᠳᠤ ᠬᠠᠭᠠᠰ ᠠᠴᠠ ᠳᠡᠭᠡᠭᠰᠢᠬᠢ ᠬᠤᠰᠢᠭᠤ ᠰᠢᠶᠠᠨ ᠢ ᠪᠦᠷᠬᠦᠭᠦᠯᠦᠨ᠎ᠡ
ᠨᠡᠶᠢᠲᠡᠯᠡᠭᠰᠡᠨ ᠴᠠᠭ᠄
2016/4/11
     2014 ᠣᠨ ᠠᠴᠠ ᠨᠠᠰᠢ᠂ ᠪᠦᠬᠦ ᠣᠷᠣᠨ ᠤ ᠠᠶᠢᠮᠠᠭ ᠬᠤᠳᠠ᠂ ᠬᠤᠰᠢᠭᠤ ᠰᠢᠶᠠᠨ ᠤ ᠱᠠᠲᠤᠨ ᠤ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ 46 ᠵᠢᠭᠰᠠᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ ᠤ ᠰᠣᠶᠣᠯ ᠤᠨ ᠠᠵᠢᠯᠯᠠᠭ᠎ᠠ ᠥᠷᠨᠢᠭᠦᠯᠬᠦ ᠳᠤ ᠰᠠᠶᠢᠨ ᠨᠥᠬᠦᠴᠡᠯ ᠪᠦᠷᠢᠯᠳᠦᠭᠦᠯᠵᠦ ᠥᠭᠴᠡᠶ᠃      ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠪᠣᠯ ᠠᠵᠢᠯᠲᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠬᠦ ᠴᠢᠬᠤᠯᠠ ᠲᠠᠯᠠᠪᠤᠷ ᠪᠤᠯᠤᠨ᠎ᠠ᠃ ᠠᠵᠢᠯᠳᠠᠨ ᠠᠵᠢᠯᠴᠢᠳ ᠤᠨ ᠰᠣᠶᠣᠯ ᠤᠨ ᠬᠥᠭᠵᠢᠯᠲᠡ ᠶᠢ ᠠᠬᠢᠭᠤᠯᠵᠤ᠂ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠯᠦᠭᠡ᠂ 2013 ᠣᠨ ᠤ ᠡᠴᠦᠰ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠪᠢᠴᠢᠭ ᠮᠠᠲ᠋ᠧᠷᠢᠶᠠᠯ ᠲᠠᠷᠬᠠᠭᠠᠨ ᠪᠦᠬᠦ ᠣᠷᠣᠨ ᠤ ᠣᠷᠣᠨ ᠨᠤᠲᠤᠭ ᠤᠨ ᠠᠵᠢᠯᠴᠢᠨ ᠤ ᠡᠪᠯᠡᠯ ᠤᠨ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ᠂ ᠪᠡᠯᠡ ᠮᠥᠩᠭᠦ ᠶᠢᠨ ᠣᠷᠣᠭᠤᠯᠤᠯᠲᠠ᠂ ᠴᠢᠳᠠᠮᠵᠢ ᠶᠢᠨ ᠣᠷᠣᠨ ᠪᠠᠶᠢᠷᠢ᠂ ᠦᠢᠯᠡᠳᠦᠯ ᠢ ᠪᠠᠳᠠᠷᠠᠭᠤᠯᠬᠤ ᠵᠡᠷᠭᠡ ᠳᠤ ᠪᠣᠳᠠᠲᠠᠶ ᠲᠣᠭᠲᠠᠭᠠᠯ ᠭᠠᠷᠭᠠᠭᠰᠠᠨ ᠪᠠᠶᠢᠨ᠎ᠠ᠃ ᠡᠭᠦᠨ ᠤ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ︽2014~ 2018 ᠤᠨ ᠤ ᠣᠷᠣᠨ ᠨᠤᠲᠤᠭ ᠤᠨ ᠠᠵᠢᠯᠴᠢᠨ ᠤ ᠡᠪᠯᠡᠯ ᠤᠨ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾᠎ ᠶᠢ ᠨᠡᠶᠢᠲᠡᠯᠡᠵᠦ᠂ 2018 ᠣᠨ ᠪᠣᠯᠬᠤ ᠳᠤ᠂ ᠪᠥᠬᠦ ᠣᠷᠣᠨ ᠤ 50%᠎ ᠠᠴᠠ ᠳᠡᠭᠡᠭᠰᠢᠬᠢ ᠬᠤᠰᠢᠭᠤ ᠰᠢᠶᠠᠨ ︵ᠬᠤᠲᠠ ᠲᠣᠭᠤᠷᠢᠭ︶᠎ ᠳᠤ ᠴᠥᠮ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠪᠠᠶᠢᠭᠤᠯᠬᠤ ᠪᠥᠭᠡᠳ ᠬᠤᠰᠢᠭᠤ ᠰᠢᠶᠠᠨ ︵ᠬᠤᠲᠠ ᠲᠣᠭᠤᠷᠢᠭ︶᠎ ᠤ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠦᠳᠦᠬᠡᠨ ᠪᠠᠶᠢᠭᠤᠯᠤᠯᠲᠠ ᠪᠥᠬᠦᠨ ᠢ ᠬᠠᠮᠤᠷᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ ᠭᠡᠵᠦ ᠲᠤᠷᠠᠳᠪᠠ᠃      ᠪᠦᠷᠢᠳᠬᠡᠯ ᠢ ᠦᠨᠳᠦᠰᠦᠯᠡᠪᠡᠯ᠂ ᠬᠤᠶᠠᠷ ᠵᠢᠯ ᠤᠨ ᠲᠤᠷᠰᠢ᠂ ᠡᠯ᠎ᠡ ᠭᠠᠵᠠᠷ ᠤᠨ ᠵᠠᠰᠠᠭ ᠤᠨ ᠣᠷᠳᠣᠨ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠦᠳᠦᠬᠡᠨ ᠪᠠᠶᠢᠭᠤᠯᠤᠯᠲᠠ ᠎ ᠳᠤ ᠨᠡᠶᠢᠲᠡ 2 ᠳ᠋ᠦᠩᠰᠢᠭᠤᠷ ᠭᠠᠷᠤᠶ ᠲᠥᠭᠦᠷᠢᠭ ᠤᠨ ᠪᠡᠯᠡ ᠤᠷᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ 8050 ᠲᠦᠮᠡᠨ ᠲᠥᠭᠦᠷᠢᠭ ᠤᠨ ᠱᠠᠩᠨᠠᠨ ᠨᠦᠬᠦᠪᠦᠷᠢᠯᠡᠬᠦ ᠪᠡᠯᠡ ᠮᠥᠩᠭᠦ  ᠰᠠᠯᠭᠠᠨ ᠦᠭᠴᠦ᠂ ᠣᠷᠣᠨ ᠨᠤᠲᠤᠭ ᠤᠨ ᠠᠵᠢᠯᠴᠢᠨ ᠤ ᠡᠪᠯᠡᠯ ᠤᠨ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠳᠡᠮᠵᠢᠪᠡ᠃ ᠡᠯ᠎ᠡ ᠭᠠᠵᠠᠷ ᠤᠨ ᠠᠵᠢᠯᠴᠢᠨ ᠤ ᠡᠪᠯᠡᠯ ᠨᠢ ᠠᠵᠢᠯᠳᠠᠨ ᠠᠵᠢᠯᠴᠢᠳ ᠤᠨ ᠰᠣᠶᠣᠯ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ᠶᠠᠪᠤᠴᠠ ᠳᠤᠮᠳᠠ᠂ ᠬᠠᠮᠤᠭ ᠤᠨ ᠶᠡᠭᠡ ᠪᠣᠯᠤᠯᠴᠠᠭ᠎ᠠ ᠪᠦᠬᠦᠢ ᠠᠵᠢᠯᠳᠠᠨ ᠠᠵᠢᠯᠴᠢᠳ ᠤᠨ ᠰᠣᠶᠣᠯ ᠤᠨ ᠤᠬᠠᠭᠤᠯᠭ᠎ᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠪᠠ ᠲᠤᠰᠠᠯᠠᠮᠵᠢ ᠤᠯᠭᠤᠬᠤ᠂ ᠬᠦᠴᠢᠷᠳᠡᠯᠲᠡᠶ ᠠᠵᠢᠯᠳᠠᠨ ᠠᠵᠢᠯᠴᠢᠳ ᠢ ᠬᠠᠪᠰᠤᠷᠤᠨ ᠲᠡᠳᠬᠦᠬᠦ᠂ ᠠᠵᠢᠯᠲᠠᠨ ᠠᠵᠢᠯᠴᠢᠨ ᠤ ᠨᠣᠮ ᠤᠨ ᠦᠷᠦᠬᠡ᠂ ᠠᠵᠢᠯᠲᠠᠨ ᠠᠵᠢᠯᠴᠢᠨ ᠤ ᠰᠡᠳᠬᠢᠴᠡ ᠶᠢᠨ ᠬᠠᠪᠰᠤᠷᠤᠨ ᠵᠢᠯᠣᠭᠤᠳᠬᠤ ᠵᠡᠷᠭᠡ ᠡᠭᠦᠷᠭᠡ ᠲᠤᠰᠢᠶᠠᠯ ᠢ ᠬᠠᠮᠲᠤᠷᠠᠭᠤᠯᠤᠨ ᠨᠡᠶᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠳᠠᠨ ᠠᠵᠢᠯᠴᠢᠳ ᠤᠨ ᠰᠣᠶᠣᠯ ᠤᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号