ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠦᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠵᠢᠯ ᠤᠨ ᠡᠬᠢᠨ ᠠᠴᠠ | ᠣᠷᠣᠯᠭ᠎ᠠ ᠶᠢ ᠵᠣᠬᠢᠶᠠᠨ ᠪᠠᠶᠢᠭᠤᠯᠬᠤ ᠪᠠᠷ ᠠᠵᠤ ᠠᠬᠤᠶ ᠶᠢᠨ ᠴᠢᠬᠤᠯᠠ ᠡᠭᠦᠷᠭᠡ ᠪᠠ ᠤᠯᠤᠰ ᠲᠦᠷᠦ ᠶᠢᠨ ᠴᠢᠬᠤᠯᠠ | ᠶᠡᠭᠡ ᠡᠭᠦᠷᠭᠡ ᠪᠣᠯᠭᠠᠨ ︽13᠂ 5︾ ᠶᠢᠨ ᠡᠬᠢᠯᠡᠯᠲᠡ ᠶᠢᠨ ᠲᠦᠷᠦᠭᠦᠦ ᠤᠯᠠᠷᠢᠯ ᠤᠨ ᠭᠠᠶᠢᠯᠢ ᠲᠠᠲᠠᠪᠤᠷᠢ ᠶᠢᠨ | ᠣᠷᠣᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ | ᠢᠳᠡᠪᠬᠢᠲᠡᠶ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠬᠠᠮᠠᠭᠠᠯᠠᠵᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠶᠢᠨ ᠰᠠᠶᠢᠲᠤᠷ ᠬᠥᠭᠵᠢᠭᠦ ᠶᠢ ᠪᠠᠬᠢᠵᠢᠭᠦᠯᠪᠡ᠃ | ᠨᠢᠭᠡ ᠳᠤ᠂ ᠪᠦᠬᠦ ᠲᠠᠯ᠎ᠠ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠪᠦᠬᠦ ᠰᠢᠰᠲ᠋ᠧᠮ ᠤᠨ | ᠶᠡᠭᠡ ᠲᠠᠯᠠᠳᠤ ᠦᠢᠯᠡᠴᠢᠯᠡᠬᠦ ᠤᠬᠠᠮᠰᠠᠷ ᠢᠶᠠᠨ ᠦᠨᠡᠨ ᠬᠦ ᠴᠢᠩᠭᠠᠷᠠᠭᠤᠯᠵᠤ᠂ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ | ︽13᠂ 5︾ ᠶᠢᠨ ᠡᠬᠢᠯᠡᠯᠲᠡ ᠶᠢᠨ ᠵᠢᠯ ᠤᠨ ᠡᠯ᠎ᠡ ᠵᠦᠢᠯ ᠤᠨ ᠠᠵᠢᠯ ᠢ ᠦᠨᠡᠨ ᠬᠦ ᠵᠢᠭᠠᠨ ᠵᠢᠯᠣᠭᠤᠳᠬᠤ ᠶᠢᠨ | ᠲᠤᠰᠠᠳᠠ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠳᠠᠲᠠᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠵᠢᠷᠭᠤᠭᠠᠨ ᠠᠷᠭ᠎ᠠ ᠬᠡᠮᠵᠢᠶ᠎ᠡ ᠳᠤᠷᠠᠳᠤᠭᠰᠠᠨ ᠪᠥᠭᠡᠳ 1 ᠳ᠋ᠦ᠋ᠭᠡᠷ ᠰᠠᠷ᠎ᠠ ᠶᠢᠨ 22 ᠤᠨ ᠡᠳᠦᠷ | ᠪᠥᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯ ᠬᠢᠪᠡ᠂ ᠪᠦᠬᠦ ᠣᠷᠣᠨ ᠤ ᠤᠯᠤᠰ | ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠰᠢᠨ᠎ᠡ ᠦᠵᠡᠯᠲᠡ᠂ ᠰᠢᠨ᠎ᠡ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢ ᠴᠢᠷᠮᠠᠶᠢᠨ ᠪᠡᠶᠡᠯᠡᠭᠦᠯᠬᠦ ᠳᠤ | ᠰᠢᠨ᠎ᠡ ᠦᠢᠯᠡᠳᠦᠯ ᠦᠵᠡᠭᠦᠯᠬᠦ ᠶᠢ ᠱᠠᠭᠠᠷᠳᠠᠵᠠᠢ᠃ | ᠬᠤᠶᠠᠷ ᠲᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠯᠠᠪᠳᠠᠭᠤᠨ ᠤ ᠳᠤᠮᠳᠠ ᠤᠷᠤᠭᠰᠢᠯᠠᠪᠠ᠃ | ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠵᠤ ᠠᠬᠤᠶ ᠶᠢᠨ ᠰᠢᠨ᠎ᠡ ᠬᠡᠪ ᠪᠠᠶᠢᠳᠠᠯ ᠳᠤ | ᠢᠳᠡᠪᠬᠢᠲᠡᠶ ᠵᠣᠬᠢᠴᠠᠨ ᠲᠡᠭᠦᠨ ᠢ ᠬᠥᠲᠥᠯᠥᠨ ᠳᠠᠭᠠᠭᠤᠯᠵᠤ᠂ ᠠᠵᠤ ᠠᠬᠤᠶ ᠶᠢᠨ ᠨᠡᠮᠡᠭᠳᠡᠯ ᠢ ᠲᠣᠭᠲᠠᠭᠤᠨ | ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠭᠠᠶᠢᠯᠢ ᠲᠠᠲᠠᠪᠤᠷᠢ ᠶᠢᠨ ᠡᠭᠦᠷᠭᠡ ᠲᠤᠰᠢᠶᠠᠯ ᠤᠨ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠡᠯ᠎ᠡ ᠨᠢᠭᠡᠴᠡ ᠶᠢᠨ ᠠᠵᠢᠯ ᠤᠨ ᠰᠡᠳᠬᠢᠴᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ | ᠤᠨ ᠲᠣᠪᠴᠢᠶ᠎ᠠ ᠰᠠᠷ᠎ᠠ ᠪᠦᠷᠢ ᠣᠷᠣᠯᠭ᠎ᠠ ᠵᠣᠬᠢᠶᠠᠨ ᠪᠠᠶᠢᠭᠤᠯᠬᠤ ᠠᠵᠢᠯ ᠢ ᠲᠣᠬᠢᠷᠠᠭᠤᠯᠬᠤ ᠬᠤᠷᠠᠯ ᠬᠢᠵᠦ᠂ | ᠣᠷᠣᠯᠭ᠎ᠠ ᠵᠣᠬᠢᠶᠠᠨ ᠪᠠᠶᠢᠭᠤᠯᠬᠤ ᠶᠢ ᠲᠤᠰᠬᠠᠶᠢᠯᠠᠨ ᠰᠤᠳᠤᠯᠵᠤ᠂ ᠲᠦᠷᠦᠭᠦᠦ ᠤᠯᠠᠷᠢᠯ ᠤᠨ ᠨᠡᠮᠡᠭᠳᠡᠯ ᠤᠨ | ᠲᠣᠭᠲᠠᠪᠤᠷᠢᠵᠢᠭᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ | ᠭᠤᠷᠪᠠ ᠳᠤ᠂ ᠣᠷᠣᠯᠭ᠎ᠠ ᠵᠣᠬᠢᠶᠠᠨ ᠪᠠᠶᠢᠭᠤᠯᠵᠤ ᠨᠢᠭᠡᠳᠦᠯᠲᠡᠶ ᠴᠤᠭᠯᠠᠭᠤᠯᠬᠤ ᠶᠢ ᠴᠢᠩᠭᠠᠳᠬᠠᠪᠠ᠃ ᠥᠪᠥᠷ | ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ ᠦᠨᠳᠦᠰᠦᠨ ᠱᠠᠲᠤᠨ ᠳᠤ | ᠭᠦᠨᠵᠡᠭᠡᠶᠢᠷᠡᠨ᠂ ᠣᠷᠣᠯᠭ᠎ᠠ ᠵᠣᠬᠢᠶᠠᠨ ᠪᠠᠶᠢᠭᠤᠯᠬᠤ ᠠᠵᠢᠯ ᠢ ᠰᠢᠪᠠᠳᠠᠨ ᠵᠢᠯᠣᠭᠤᠳᠬᠤ ᠪᠠ ᠨᠢᠭᠡᠳᠦᠯᠲᠡᠶ | ᠲᠥᠯᠥᠪᠯᠡᠬᠦ ᠶᠢ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢᠨ ᠴᠢᠭᠯᠡᠯᠲᠦ ᠴᠢᠨᠠᠷ ᠂ ᠬᠠᠮᠵᠢᠯᠴᠠᠬᠤ ᠴᠢᠨᠠᠷ ᠂ | ᠪᠦᠲᠦᠮᠵᠢᠲᠦ ᠴᠢᠨᠠᠷ ᠢ ᠴᠢᠩᠭᠠᠳᠬᠠᠪᠠ᠃ ᠡᠯ᠎ᠡ ᠠᠶᠢᠮᠠᠭ ᠬᠤᠳᠠ ᠶᠢᠨ ᠲᠣᠪᠴᠢᠶ᠎ᠠ ᠣᠷᠣᠨ ᠤ ᠲᠣᠪᠴᠢᠶ᠎ᠠ ᠶᠢᠨ | ᠨᠢᠭᠡᠳᠦᠯᠲᠡᠶ ᠲᠣᠬᠢᠷᠠᠭᠤᠯᠭ᠎ᠠ ᠶᠢ ᠳᠠᠭᠠᠵᠤ᠂ ᠳᠡᠭᠡᠳᠦ ᠳᠣᠣᠷᠠᠳᠤ ᠨᠢᠭᠡᠨ ᠰᠡᠳᠬᠢᠯ ᠢᠶᠠᠷ ᠱᠠᠲᠤ ᠱᠠᠲᠤ ᠪᠠᠷ ᠱᠠᠯᠠᠪᠳᠤᠨ | ᠳᠠᠷᠤᠯᠲᠠ ᠳᠠᠮᠵᠢᠭᠤᠯᠵᠤ᠂ ᠢᠮᠠᠭᠲᠠ ᠳᠣᠲᠣᠷ᠎ᠠ ᠪᠠᠨ ᠲᠤᠭ᠎ᠠ ᠲᠠᠢ ᠪᠠᠶᠢᠵᠤ᠂ ᠭᠠᠶᠢᠯᠢ ᠶᠢᠨ ᠲᠦᠷᠤᠯ ᠪᠠ ᠳᠡᠰ ᠤᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ | ᠣᠷᠳᠣᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ | ᠬᠤᠭᠤᠷᠣᠨᠳᠣ ᠪᠠᠨ ᠵᠣᠬᠢᠴᠠᠭᠤᠯᠬᠤ᠂ ᠬᠠᠮᠤᠭ ᠤᠨ ᠶᠡᠭᠡ ᠣᠶᠢᠯᠠᠭᠠᠯᠲᠠ ᠪᠠ ᠳᠡᠮᠵᠢᠯᠭᠡ ᠶᠢ ᠲᠡᠮᠡᠴᠡᠨ ᠣᠯᠵᠤ᠂ | ᠣᠷᠣᠯᠭ᠎ᠠ ᠵᠣᠬᠢᠶᠠᠨ ᠪᠠᠶᠢᠭᠤᠯᠬᠤ ᠠᠵᠢᠯ ᠢ ᠵᠢᠯᠣᠭᠤᠳᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠪᠡ᠃ | ᠲᠦᠷᠪᠡ ᠳᠤ᠂ ᠡᠮᠵᠢᠭ ᠲᠠᠢ ᠲᠠᠯ᠎ᠠ ᠶᠢ ᠲᠦᠭᠵᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠪᠠ᠃ ᠭᠠᠶᠢᠯᠢ ᠲᠠᠲᠠᠪᠤᠷᠢ ᠶᠢᠨ ᠠᠶᠤᠯ ᠲᠦᠭᠰᠢᠭᠦᠷᠢ ᠶᠢ ︽ᠨᠢᠭᠡ ᠴᠣᠭᠴᠠᠵᠢᠭᠤᠯᠤᠭᠰᠠᠨ︾ | ᠬᠠᠮᠢᠶᠠᠷᠤᠯᠲᠠ ᠶᠢ ᠴᠢᠩᠭᠠᠳᠬᠠᠵᠤ᠂ ᠨᠠᠷᠢᠯᠢᠭ ᠣᠨᠣᠴᠢᠲᠠᠶ ᠪᠠᠷ ᠭᠠᠶᠢᠯᠢ ᠲᠠᠲᠠᠪᠤᠷᠢ ᠶᠢᠨ ᠠᠶᠤᠯ ᠲᠦᠭᠰᠢᠭᠦᠷᠢ ᠶᠢ | ᠠᠷᠭᠠᠴᠠᠪᠠ︔ ᠤᠢᠷᠳᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠶᠢᠨ ᠬᠠᠮᠢᠶᠠᠷᠤᠯᠲᠠ ᠶᠢᠨ ᠰᠢᠨ᠎ᠡ ᠰᠢᠰᠲ᠋ᠧᠮ | ᠢ ᠲᠤᠰᠬᠠᠢ ᠪᠠᠷᠢᠮᠲᠠ ᠲᠠᠢ ᠬᠠᠷᠢᠴᠠᠭᠤᠯᠬᠤ ᠪᠦᠭᠦ ᠮᠡᠳᠡᠭᠡ ᠵᠠᠩᠭᠢ ᠶᠢ ᠠᠰᠢᠭᠯᠠᠨ᠂ ᠭᠠᠶᠢᠯᠢ ᠠᠴᠠ ᠵᠠᠶᠢᠯᠠᠬᠤ᠂ | ᠭᠠᠶᠢᠯᠢ ᠮᠡᠬᠡᠯᠡᠨ ᠠᠪᠬᠤ ᠶᠢ ᠡᠬᠢ ᠡᠭᠦᠰᠦᠯ ᠠᠴᠠ ᠨᠢ ᠰᠡᠷᠭᠡᠶᠢᠯᠡᠪᠠ︔ ᠮᠢᠩᠭᠠᠨ ᠡᠷᠦᠬᠡ ᠪᠦᠯᠦᠭᠯᠡᠯ ᠤᠨ ᠭᠠᠶᠢᠯᠢ | ᠲᠠᠲᠠᠪᠤᠷᠢ ᠶᠢᠨ ᠠᠶᠤᠯ ᠲᠦᠭᠰᠢᠭᠦᠷᠢ ᠶᠢᠨ ᠵᠠᠳᠠᠯᠤᠯᠲᠠ ᠶᠢ ᠭᠦᠨᠵᠡᠭᠡᠶ ᠥᠷᠨᠢᠭᠦᠯᠪᠠ︔ ᠰᠠᠭᠤᠭᠠᠯᠢ ᠠᠷᠠᠳ ᠤᠨ | ᠪᠤᠰᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠪᠠ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠡᠷᠴᠢᠮ ᠢᠶᠠᠨ | ᠴᠢᠩᠭᠠᠷᠠᠭᠤᠯᠪᠠ︔ ᠭᠠᠶᠢᠯᠢ ᠶᠢᠨ ᠶᠠᠪᠤᠳᠠᠯ ᠢ ᠬᠢᠨᠠᠨ ᠪᠠᠢᠴᠠᠭᠠᠬᠤ ︽ᠰᠡᠯᠡᠮ᠎ᠡ︾ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠪᠠ︔ ᠬᠠᠭᠤᠴᠢᠨ | ᠥᠷᠢ ᠶᠢ ᠪᠦᠬᠦ ᠬᠦᠴᠦᠨ ᠢᠶᠠᠷ ᠢᠶᠠᠨ ᠪᠠᠭᠠᠰᠬᠠᠵᠤ᠂ ᠰᠢᠨ᠎ᠡ ᠪᠠᠷ ᠥᠷᠢᠲᠦᠬᠦ ᠶᠢ ᠡᠵᠡᠮᠳᠡᠪᠠ︔ ᠤᠯᠤᠰ ᠤᠨ ᠣᠷᠣᠨ | ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠷᠢᠯᠴᠠᠨ ᠨᠠᠶᠢᠳᠠᠵᠤ ᠣᠷᠣᠯᠠᠨ | ᠲᠠᠲᠠᠪᠤᠷᠢᠯᠠᠬᠤ ᠠᠵᠢᠯ ᠢ ᠰᠠᠶᠢᠲᠤᠷ ᠬᠢᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ | ᠲᠠᠪᠤ ᠳᠤ᠂ ᠭᠠᠶᠢᠯᠢ ᠲᠠᠲᠠᠪᠤᠷᠢ ᠶᠢ ᠵᠠᠳᠠᠯᠤᠨ ᠵᠢᠱᠢᠬᠦ ᠶᠢ ᠴᠢᠩᠭᠠᠳᠬᠠᠪᠠ᠃ ᠠᠵᠤ ᠠᠬᠤᠶ ᠶᠢᠨ ᠭᠠᠶᠢᠯᠢ | ᠲᠠᠲᠠᠪᠤᠷᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠱᠠᠳᠤ ᠬᠤᠪᠢᠶᠠᠬᠤ᠂ ᠳᠡᠰ | ᠬᠤᠪᠢᠶᠠᠬᠤ᠂ ᠭᠠᠶᠢᠯᠢ ᠶᠢᠨ ᠲᠦᠷᠤᠯ ᠬᠤᠪᠢᠶᠠᠬᠤ᠂ ᠠᠵᠢᠯ ᠲᠦᠷᠦᠯ ᠤᠨ ᠣᠷᠣᠯᠭ᠎ᠠ ᠶᠢᠨ ᠵᠢᠱᠢᠯᠲᠡ᠂ | ᠵᠢᠱᠢᠯᠲᠡ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠭᠠᠢᠯᠢ ᠲᠠᠲᠠᠪᠤᠷᠢ ᠶᠢᠨ ᠵᠠᠳᠠᠯᠤᠯᠲᠠ ᠠᠴᠠ | ᠣᠷᠣᠯᠭ᠎ᠠ ᠶᠢ ᠡᠷᠢᠭᠰᠡᠨ ᠪᠠᠶᠢᠨ᠎ᠠ᠃ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠪᠠ ᠲᠠᠪᠤᠨ ᠶᠡᠭᠡ | ᠬᠥᠭᠵᠢᠯᠲᠡ ᠶᠢᠨ ᠣᠨᠣᠯᠵᠢᠬᠤᠨ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠣᠷᠣᠨ ᠪᠦᠰᠡ᠂ ᠠᠵᠢᠯ ᠲᠦᠷᠦᠯ᠂ | ᠠᠵᠤ ᠠᠬᠤᠶᠢᠯᠠᠯ ᠳᠤ ᠪᠠᠶᠢᠴᠠᠭᠠᠨ ᠵᠠᠳᠠᠯᠤᠯᠲᠠ ᠬᠢᠬᠦ ᠶᠢᠨ ᠬᠠᠮᠲᠤ ᠵᠠᠳᠠᠯᠤᠯᠲᠠ ᠶᠢᠨ ᠦᠷ᠎ᠡ ᠳ᠋ᠦᠩ ᠢᠶᠠᠨ ᠡᠯ᠎ᠡ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠳᠡᠵᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ | 1 — 3 ᠳ᠋ᠤᠭᠠᠷ ᠰᠠᠷ᠎ᠠ ᠳᠤ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ | ᠵᠣᠬᠢᠶᠠᠨ ᠪᠠᠶᠢᠭᠤᠯᠤᠭᠰᠠᠨ ᠭᠠᠶᠢᠯᠢ ᠲᠠᠲᠠᠪᠤᠷᠢ ᠶᠢᠨ ᠣᠷᠣᠯᠭ᠎ᠠ ᠶᠢ 207.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 1.4 ᠳ᠋ᠦᠩᠰᠢᠭᠤᠷ ᠲᠥᠭᠦᠷᠢᠭ ᠨᠡᠮᠡᠭᠳᠡᠵᠦ᠂ 0.7 % ᠪᠠᠷ ᠨᠡᠮᠡᠭᠳᠡᠪᠡ᠃ | ᠡᠭᠦᠨ ᠳᠤ᠂ ᠲᠥᠪ ᠤᠨ ᠱᠠᠲᠤᠨ ᠤ ᠣᠷᠣᠯᠭ᠎ᠠ ᠶᠢ 154.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 1 ᠳ᠋ᠦᠩᠰᠢᠭᠤᠷ ᠲᠥᠭᠦᠷᠢᠭ ᠨᠡᠮᠡᠭᠳᠡᠵᠦ᠂ 0.7 % ᠪᠠᠷ ᠨᠡᠮᠡᠭᠳᠡᠪᠡ︔ ᠣᠷᠣᠨ | ᠨᠤᠲᠤᠭ ᠤᠨ ᠱᠠᠲᠤᠨ ᠤ ᠣᠷᠣᠯᠭ᠎ᠠ ︵ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ︶ ᠶᠢ 53.2 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.4 ᠳ᠋ᠦᠩᠰᠢᠭᠤᠷ ᠲᠥᠭᠦᠷᠢᠭ | ᠨᠡᠮᠡᠭᠳᠡᠵᠦ᠂ 0.7 % ᠪᠠᠷ ᠨᠡᠮᠡᠭᠳᠡᠪᠡ᠃ |