| ᠰᠣᠷᠪᠤᠯᠵᠢᠯᠠᠭᠰᠠᠨ ᠴᠠᠭ᠄ | 2016 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨᠠᠬᠢ 3 ᠴᠠᠭ | ᠰᠣᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠲᠤᠰᠬᠠᠶ | ᠲᠣᠮᠢᠯᠠᠭᠰᠠᠨ ᠪᠠᠶᠢᠴᠠᠭᠠᠭᠴᠢ ᠵᠠᠩ ᠪᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠶᠢᠨ ᠡᠳᠦᠷ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ ᠤᠨ ᠲᠤᠰᠬᠠᠶ ᠲᠣᠮᠢᠯᠠᠭᠰᠠᠨ ᠪᠠᠶᠢᠴᠠᠭᠠᠭᠴᠢ ᠵᠠᠩ ᠪᠢᠨ ᠢ ︽ᠳᠤᠮᠳᠠᠳᠤ ᠤᠯᠤᠰ᠂ ᠦᠪᠤᠷ ᠮᠤᠩᠭᠤᠯ︾ | ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ | ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠰᠦᠯᠵᠢᠶᠡᠨ ᠳᠡᠭᠡᠷ᠎ᠡ ᠲᠠᠶᠢᠯᠤᠮᠵᠢ ᠬᠢᠯᠭᠡᠬᠦ ᠪᠣᠯᠣᠨ᠎ᠠ᠃ | ᠲᠤᠬᠠᠢ ᠶᠢᠨ ᠴᠠᠭ ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ ᠪᠤᠯᠪᠠᠤ︕ | | ᠰᠤᠷᠪᠤᠯᠵᠢᠯᠠᠭ᠎ᠠ ᠶᠢᠨ ᠪᠣᠳᠠᠳᠤ ᠲᠡᠮᠳᠡᠭᠯᠡᠯ᠄ | ᠬᠦᠳᠤᠯᠦᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ ᠲᠤᠰ ᠬᠤᠭᠤᠴᠠᠭᠠᠨ ᠤ ︽ᠳᠤᠮᠳᠠᠳᠤ ᠤᠯᠤᠰ᠂ | ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠪᠠᠶᠠᠷᠯᠠᠨ ᠤᠭᠳᠤᠵᠦ ᠪᠠᠶᠢᠨ᠎ᠠ᠃ ᠦᠨᠦᠳᠤᠷ ᠪᠢᠳᠡᠨ ᠤ ᠤᠷᠢᠭᠰᠠᠨ ᠵᠤᠴᠢᠨ ᠪᠤᠯ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠲᠤᠰᠬᠠᠶ ᠲᠣᠮᠢᠯᠠᠭᠰᠠᠨ ᠪᠠᠶᠢᠴᠠᠭᠠᠭᠴᠢ ᠵᠠᠩ ᠪᠢᠨ ᠪᠤᠯᠤᠨ᠎ᠠ᠂ | ᠳᠡᠷᠡ ᠮᠠᠨ ᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ | ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠠ ᠪᠥᠬᠦᠨ ᠲᠠᠢ ᠰᠦᠯᠵᠢᠶᠡᠨ | ᠳᠡᠭᠡᠷ᠎ᠡ ᠵᠣᠭᠤᠭᠳᠠᠬᠤ ᠪᠣᠯᠣᠨ᠎ᠠ᠃ ᠵᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠳᠤᠵᠦ ᠪᠠᠶᠢᠨ᠎ᠠ︕ | ᠵᠠᠩ ᠪᠢᠨ᠄ | ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ | ᠬᠥᠲᠥᠯᠥᠭᠴᠢ᠄ | ᠵᠠᠩ ᠡᠷᠬᠢᠯᠡᠭᠴᠢ ᠡ᠂ ᠮᠠᠨ ᠤ ᠣᠷᠣᠨ ᠳᠤ ᠶᠠᠭᠠᠬᠢᠭᠠᠳ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠪᠠᠶᠢᠭᠤᠯᠬᠤ ᠪᠣᠯᠣᠭᠰᠠᠨ ᠢ ᠶᠠᠷᠢᠭᠠᠳ | ᠥᠭᠭᠦᠨᠠᠦ︖ | ᠵᠠᠩ ᠪᠢᠨ᠄ | ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ | ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠪᠠᠷ ᠳᠠᠮᠵᠢᠭᠤᠯᠤᠨ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠭᠰᠠᠨ ᠠᠮᠵᠢᠯᠲᠠ ᠶᠢ ᠨᠡᠩ ᠰᠠᠶᠢᠨ ᠪᠠᠲᠤᠳᠬᠠᠨ᠂ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠦᠯᠢᠶᠡᠨ ᠠᠪᠴᠤ ᠰᠠᠶᠢᠲᠤᠷ ᠬᠠᠮᠢᠶᠠᠷᠬᠤ ᠪᠠ ᠬᠠᠮᠵᠢᠯᠴᠠᠨ ᠬᠢᠨᠠᠨ | ᠬᠠᠮᠢᠶᠠᠷᠬᠤ ᠪᠠᠨ ᠴᠢᠩᠭᠠᠳᠬᠠᠬᠤ ᠶᠢᠨ ᠲᠤᠰᠠᠲᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ | ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ︵ᠳᠣᠷᠣᠭᠰᠢ ᠲᠠᠪᠴᠠᠩ ᠭᠡᠵᠦ ᠲᠣᠪᠴᠢᠯᠠᠨ᠎ᠠ︶ | ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠬᠠᠷᠢᠭᠤᠴᠠᠭᠤᠯᠵᠤ᠂ | ᠪᠥᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠬᠠᠮᠵᠢᠯᠴᠠᠨ ᠬᠥᠳᠡᠯᠦᠯᠴᠡᠭᠰᠡᠨ | ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠣᠭᠲᠠᠴᠠ ᠳᠤ ᠮᠡᠷᠭᠡᠵᠢᠯ ᠤᠨ ᠲᠦᠰᠢᠭ ᠲᠤᠯᠭᠠᠭᠤᠷᠢ ᠬᠠᠩᠭᠠᠵᠤ ᠥᠭᠪᠡ᠃ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠠᠪᠴᠠᠩ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ 2015 ᠣᠨ ᠤ ︽ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠠᠵᠢᠯ ᠤᠨ ᠲᠥᠰᠦᠯ︾ ᠤᠨ ᠭᠤᠣᠯᠳᠠᠯᠭ᠎ᠠ ᠲᠠᠢ ᠰᠢᠮᠳᠠᠭᠤᠯᠤᠨ | ᠭᠦᠢᠴᠡᠳᠬᠡᠯᠭᠡᠬᠦ ᠲᠥᠷᠥᠯ ᠵᠦᠢᠯ ᠢᠶᠠᠷ ᠲᠣᠭᠲᠠᠭᠠᠬᠤ ᠶᠢᠨ ᠬᠠᠮᠲᠤ 2015 ᠣᠨ ᠤ ᠡᠴᠦᠰ ᠲᠤ ᠲᠥᠪ ᠲᠠᠪᠴᠠᠩ | ᠪᠣᠯᠤᠨ ᠡᠯ᠎ᠡ ᠮᠤᠵᠢ ᠣᠷᠣᠨ ᠤ ᠲᠠᠪᠴᠠᠩ ᠭᠤᠯᠳᠤ ᠪᠠᠷ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠶ | ᠱᠠᠭᠠᠷᠳᠠᠪᠠ᠃ ᠴᠢᠷᠮᠠᠶᠢᠯᠭ᠎ᠠ ᠪᠠᠷ ᠳᠠᠮᠵᠢᠨ᠂ 2015 ᠣᠨ ᠤ 11 ᠳ᠋ᠤᠭᠡᠷ ᠰᠠᠷ᠎ᠠ ᠶᠢᠨ 26 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ ᠪᠠᠷ ᠨᠡᠪᠲᠡᠷᠡᠨ ᠠᠵᠢᠯᠯᠠᠵᠤ᠂ ᠲᠥᠪ ᠲᠠᠪᠴᠠᠩ ᠲᠠᠢ | ᠭᠤᠯᠳᠤ ᠪᠠᠷ ᠨᠡᠪᠲᠡᠷᠡᠯᠴᠡᠬᠦ ᠶᠢ ᠴᠠᠭ ᠲᠤᠬᠠᠶ ᠳᠤᠨᠢ ᠪᠡᠶᠡᠯᠡᠭᠦᠯᠵᠦ᠂ ᠵᠠᠯᠭᠠᠬᠤ ᠪᠠ ᠲᠤᠭ᠎ᠠ ᠪᠠᠷᠢᠮᠲᠠ | ᠳᠠᠮᠵᠢᠭᠤᠯᠬᠤ ᠶᠢ ᠴᠠᠭ ᠲᠤᠬᠠᠶ ᠳᠤᠨᠢ ᠬᠢᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠯᠪᠠᠨ ᠲᠢᠩᠬᠢᠮ ᠠᠴᠠ ᠲᠠᠪᠴᠠᠩ ᠤᠨ ᠰᠢᠯᠢᠳᠡᠭᠵᠢᠭᠦᠯᠦᠯᠲᠡ᠂ ᠠᠵᠢᠯ ᠤᠨ ᠲᠡᠭᠦᠯᠳᠡᠷᠵᠢᠭᠦᠯᠦᠯᠲᠡ ᠶᠢ 2016 | ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠵᠠᠢ᠃ | ᠬᠥᠲᠥᠯᠥᠭᠴᠢ᠄ | ᠲᠡᠭᠡᠪᠡᠯ ᠲᠠ ᠪᠢᠳᠡᠨ ᠳᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ | ᠲᠠᠨᠢᠯᠴᠠᠭᠤᠯᠤᠭᠠᠳ ᠥᠭᠭᠦᠨᠡᠦ︖ | ᠵᠠᠩ ᠪᠢᠨ᠄ | ᠪᠢᠳᠡ ᠭᠤᠣᠯᠳᠠᠭᠤ ᠳᠣᠣᠷᠠᠬᠢ ᠠᠵᠢᠯ ᠤᠳ ᠢ ᠪᠡᠶᠡᠯᠡᠭᠦᠯᠦᠭᠰᠡᠨ ᠪᠠᠶᠢᠨ᠎ᠠ᠄ | ᠨᠢᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠮᠠᠨ ᠤ ᠣᠷᠣᠨ ᠤ ᠲᠠᠪᠴᠠᠩ ᠤᠨ | ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠭᠦᠨ ᠢ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠥᠷᠢᠮ ᠤᠨ ᠥᠭᠡᠷᠡᠴᠢᠯᠡᠯᠲᠡ ᠶᠢᠨ | ᠴᠢᠬᠤᠯᠠ ᠨᠢᠭᠡᠨ ᠡᠭᠦᠷᠭᠡ ᠪᠣᠯᠭᠠᠨ ᠲᠣᠭᠲᠠᠭᠠᠵᠤ᠂ ᠣᠷᠴᠢᠮᠬᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ | ᠬᠠᠮᠢᠶᠠᠷᠬᠤ ᠲᠠᠪᠴᠠᠩ ᠤᠨ ᠪᠠᠶᠢᠭᠤᠯᠤᠯᠲᠠ ᠶᠢᠨ ᠠᠵᠢᠯ ᠤᠨ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2015﹈ 120 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠪᠠᠶᠢᠩᠭᠤ ᠶᠢᠨ ᠳᠡᠳ᠋ ᠲᠡᠷᠢᠭᠦᠯᠡᠭᠴᠢ | ᠹᠦ᠋ ᠲᠠᠢ ᠽᠸᠡᠭ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ | ᠲᠦᠷᠦᠭᠦᠯᠡᠭᠦᠯᠦᠨ᠂ ᠡᠯ᠎ᠡ ᠬᠤᠯᠪᠤᠭᠳᠠᠯ ᠪᠥᠬᠦᠢ ᠲᠢᠩᠬᠢᠮ ᠲᠣᠪᠴᠢᠶ᠎ᠠ᠂ ᠠᠶᠢᠮᠠᠭ ᠬᠤᠳᠠ ᠪᠣᠯᠤᠨ ᠬᠤᠰᠢᠭᠤ | ᠰᠢᠶᠠᠨ ᠢ ᠵᠣᠬᠢᠴᠠᠭᠤᠯᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠪᠣᠯᠣᠨ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠤ | ᠲᠠᠪᠴᠠᠩ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠲᠣᠳᠣᠷᠬᠠᠶ | ᠵᠢᠭᠠᠪᠤᠷᠢᠯᠠᠪᠠ᠃ | ᠵᠠᠩ ᠪᠢᠨ᠄ | ᠬᠤᠶᠠᠷ᠂ ᠲᠠᠪᠴᠠᠩ ᠤᠨ ᠪᠠᠶᠢᠭᠤᠯᠤᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠵᠠᠩᠭᠢᠶᠠᠰᠤ ᠡᠭᠦᠷᠭᠡ ᠶᠢ | ᠤᠷᠤᠭᠰᠢᠲᠠᠶ ᠪᠡᠶᠡᠯᠡᠭᠦᠯᠪᠡ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ 8 ᠳ᠋ᠤᠭᠠᠷ ᠰᠠᠷ᠎ᠠ ᠶᠢᠨ 26 ᠤ ᠡᠳᠦᠷ | ᠬᠤᠪᠸᠢ ᠶᠢᠨ ᠦᠬᠠᠨ ᠳᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ | ᠪᠠ ᠬᠢᠨᠠᠨ ᠬᠠᠮᠢᠶᠠᠷᠬᠤ ᠲᠠᠪᠴᠠᠩ ᠢ ᠭᠤᠯᠳᠤ ᠪᠠᠷ ᠨᠡᠪᠲᠡᠷᠡᠯᠴᠡᠭᠦᠯᠬᠦ ᠠᠵᠢᠯ ᠤᠨ ᠬᠤᠷᠠᠯ ᠬᠤᠷᠠᠯᠳᠤᠭᠤᠯᠪᠠ᠃ | ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠣᠷᠣᠨ ᠠᠵᠢᠯ ᠤᠨ ᠰᠡᠳᠬᠢᠮᠵᠢ ᠪᠠᠨ ᠲᠡᠷᠡ ᠳᠠᠷᠤᠶ ᠳᠤᠨᠢ | ᠲᠣᠬᠢᠷᠠᠭᠤᠯᠵᠤ᠂ ᠥᠪᠡᠰᠦᠪᠡᠨ ᠪᠠᠶᠢᠭᠤᠯᠬᠤ ᠶᠢ ᠥᠭᠡᠷᠡᠴᠢᠯᠡᠭᠡᠳ ᠬᠤᠪᠸᠢ ᠶᠢᠨ ᠬᠡᠪ ᠮᠠᠶ᠋ᠢᠭ ᠢ ᠰᠢᠯᠵᠢᠭᠦᠯᠦᠨ | ᠠᠰᠢᠭᠯᠠᠬᠤ ᠪᠠᠷ ᠲᠣᠭᠲᠠᠭᠠᠵᠠᠢ᠃ ᠲᠠᠪᠴᠠᠩ ᠤᠨ ᠡᠯ᠎ᠡ ᠵᠠᠩᠭᠢᠶᠠᠰᠤ ᠶᠢᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ | ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠲᠠᠪᠴᠠᠩ ᠤᠨ ᠪᠠᠶᠢᠭᠤᠯᠤᠯᠲᠠ ᠭᠡᠬᠦ ᠪᠡᠷᠬᠡ ᠰᠡᠳᠦᠪ ᠢ | ᠰᠢᠢᠳᠪᠦᠷᠢᠯᠡᠬᠦ ᠳᠠᠶᠢᠯᠠᠯᠳᠤᠭᠠᠨ ᠢ ᠰᠠᠶᠢᠲᠤᠷ ᠬᠢᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠲᠦᠷᠦᠭᠦᠯᠡᠨ | ᠰᠠᠨᠠᠭᠠᠴᠢᠯᠠᠭ᠎ᠠ ᠲᠠᠢ ᠪᠠᠷ ᠢᠳᠡᠪᠬᠢᠲᠡᠢ ᠠᠵᠢᠯᠯᠠᠵᠤ᠂ ᠲᠠᠪᠴᠠᠩ ᠪᠠᠶᠢᠭᠤᠯᠬᠤ ᠠᠵᠢᠯ ᠢ ᠪᠦᠬᠦ ᠲᠠᠯ᠎ᠠ ᠪᠠᠷ | ᠥᠷᠨᠢᠭᠦᠯᠪᠡ᠃ | ︵ᠨᠢᠭᠡ︶ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠳᠡᠪᠬᠢᠲᠡᠶ ᠪᠠᠷ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢᠭᠡ ᠲᠠᠯ᠎ᠠ ᠪᠠᠷ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ | ᠵᠣᠬᠢᠴᠠᠭᠤᠯᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠭᠠᠭᠴᠠ ᠢᠷᠡᠯᠳᠡ ᠠᠴᠠ ᠬᠤᠳᠠᠯᠳᠤᠨ | ᠠᠪᠬᠤ ᠪᠠ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦᠨ ᠤ ᠶᠠᠪᠤᠳᠠᠯ ᠢ ᠨᠠᠶᠢᠳᠠᠪᠤᠷᠢᠵᠢᠭᠤᠯᠵᠤ᠂ ᠨᠢᠭᠡ ᠲᠠᠯ᠎ᠠ ᠪᠠᠷ | ᠲᠠᠪᠴᠠᠩ ᠢ ᠳᠠᠭᠠᠭᠠᠴᠢᠯᠠᠨ ᠪᠠᠶᠢᠭᠤᠯᠵᠤ ᠪᠠᠶᠢᠭ᠎ᠠ ᠨᠢᠭᠡᠴᠡ ᠲᠠᠢ ᠵᠣᠬᠢᠴᠠᠭᠤᠯᠤᠨ ᠤᠷᠢᠳᠠᠪᠠᠷ ᠪᠡᠯᠡ ᠮᠥᠩᠭᠦ ᠪᠠ | ᠲᠥᠬᠦᠭᠡᠷᠦᠮᠵᠢ ᠣᠷᠣᠯᠠᠨ ᠥᠭᠬᠦ ᠪᠠᠷ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠳᠡᠮᠵᠢᠭᠦᠯᠪᠡ᠃ | ᠡᠭᠦᠨ ᠤ ᠬᠠᠮᠲᠤ ᠠᠵᠢᠯ ᠤᠨ ᠬᠦᠴᠦᠨ ᠢᠶᠠᠨ ᠲᠥᠪᠯᠡᠷᠡᠭᠦᠯᠦᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠶ | ᠲᠦᠯᠬᠢᠨ ᠠᠬᠢᠭᠤᠯᠵᠤ᠂ ᠠᠯᠢ ᠣᠯᠠᠨ ᠪᠠᠶᠢᠴᠠᠭᠠᠨ ᠰᠤᠳᠤᠯᠤᠯᠲᠠ᠂ ᠵᠣᠬᠢᠴᠠᠭᠤᠯᠭ᠎ᠠ᠂ ᠡᠯ᠎ᠡ ᠰᠠᠯᠠᠭ᠎ᠠ ᠮᠥᠴᠢᠷ ᠤᠨ | ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠡᠮᠬᠢᠯᠡᠬᠦ ᠪᠠ ᠮᠡᠷᠭᠡᠵᠢᠯ ᠤᠨ ᠲᠣᠬᠢᠷᠠᠭᠤᠯᠤᠨ ᠲᠤᠷᠰᠢᠬᠤ ᠵᠡᠷᠭᠡ | ᠠᠵᠢᠯ ᠢ ᠥᠷᠨᠢᠭᠦᠯᠪᠡ᠃ | ︵ᠬᠤᠶᠠᠷ︶ ᠡᠯ᠎ᠡ ᠵᠦᠢᠯ ᠤᠨ ᠪᠥᠳᠥᠭᠡᠨ ᠪᠠᠶᠢᠭᠤᠯᠤᠯᠲᠠ ᠶᠢᠨ ᠠᠭᠤᠯᠭ᠎ᠠ ᠶᠢ ᠠᠯᠬᠤᠮ ᠠᠯᠬᠤᠮ ᠢᠶᠠᠷ | ᠨᠠᠶᠢᠳᠠᠪᠤᠷᠢᠵᠢᠭᠤᠯᠪᠠ᠃ 2015 ᠣᠨ ᠤ 11 ᠳ᠋ᠦ᠋ᠭᠡᠷ ᠰᠠᠷ᠎ᠠ ᠶᠢᠨ 10 ᠤ ᠡᠳᠦᠷ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ | ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠪᠣᠯᠤᠨ ᠪᠦᠲᠦᠭᠡᠨ | ᠪᠠᠶᠢᠭᠤᠯᠤᠯᠲᠠ ᠶᠢᠨ ᠲᠢᠩᠬᠢᠮ ︵ᠲᠥᠯᠥᠪᠵᠢᠭᠦᠯᠭᠡ︶ ᠵᠡᠷᠭᠡ 18 ᠬᠠᠮᠲᠤᠷᠠᠨ ᠬᠢᠨᠠᠬᠤ ᠨᠢᠭᠡᠴᠡ ᠶᠢ ᠴᠤᠭᠯᠠᠭᠤᠯᠤᠨ | ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠣᠭ᠎ᠠ | ᠠᠪᠬᠤ ᠲᠣᠭᠲᠠᠴᠠ ᠶᠢ ᠪᠤᠢ ᠪᠣᠯᠭᠠᠪᠠ᠃ 11 ᠤ ᠡᠳᠦᠷ ᠠᠴᠠ 15 ᠤ ᠡᠳᠦᠷ ᠪᠣᠯᠲᠠᠯ᠎ᠠ ᠡᠯ᠎ᠡ ᠰᠠᠯᠠᠭ᠎ᠠ | ᠮᠥᠴᠢᠷ ᠤᠨ ᠬᠦᠴᠦ ᠪᠠᠨ ᠨᠢᠭᠡᠳᠬᠡᠨ ᠬᠠᠮᠵᠢᠯᠴᠠᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠬᠠᠮᠲᠤᠷᠠᠨ ᠬᠢᠨᠠᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠵᠦᠢᠯᠡᠰ ᠤᠨ ᠡᠮᠬᠢᠯᠡᠬᠦ ᠠᠵᠢᠯ ᠢ | ᠪᠡᠶᠡᠯᠡᠭᠦᠯᠵᠦ᠂ ᠨᠡᠶᠢᠳᠡ 129 ᠵᠦᠢᠯ ᠤᠨ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠡᠮᠬᠢᠯᠡᠵᠦ᠂ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠥᠴᠢᠷ ᠤᠨ ᠬᠤᠭᠤᠷᠣᠨᠳᠣ ︽ᠬᠥᠨᠳᠡᠯᠡᠨ ᠢᠶᠠᠷ ᠬᠤᠯᠪᠣᠭᠠᠯᠠᠬᠤ︾ | ᠶᠢ ᠪᠡᠶᠡᠯᠡᠭᠦᠯᠪᠡ᠃ | ᠪᠦᠬᠦ ᠠᠵᠢᠯᠲᠠᠳ ᠤᠨ ᠴᠠᠭ ᠨᠡᠮᠡᠵᠦ ᠴᠠᠭ ᠢᠶᠠᠨ ᠤᠷᠲᠤᠳᠬᠠᠨ ᠦᠷᠭᠦᠯᠵᠢᠯᠡᠨ ᠪᠠᠶᠢᠯᠳᠤᠬᠤ ᠪᠠᠷ ᠳᠠᠮᠵᠢᠭᠠᠳ | ᠂ ᠡᠴᠦᠰ ᠲᠡᠭᠡᠨ 11 ᠳ᠋ᠦ᠋ᠭᠡᠷ ᠰᠠᠷ᠎ᠠ ᠶᠢᠨ 26 ᠤ ᠡᠳᠦᠷ ᠤᠨ 20 ᠴᠠᠭ ᠲᠤ᠂ ᠥᠪᠡᠷᠲᠡᠭᠡᠨ ᠵᠠᠰᠠᠬᠤ ᠣᠷᠣᠨ ᠤ | ᠪᠡᠯᠡ ᠣᠷᠣᠭᠤᠯᠤᠯᠲᠠ ᠶᠢᠨ ᠵᠦᠢᠯᠡᠰ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ | ᠲᠠᠪᠴᠠᠩ ᠢ ᠲᠤᠷᠰᠢᠨ ᠦᠵᠡᠬᠦ ᠣᠷᠴᠢᠨ ᠲᠣᠭᠤᠷᠢᠨ ᠠᠴᠠ ᠦᠢᠯᠡᠳᠪᠦᠷᠢᠯᠡᠯ ᠤᠨ ᠣᠷᠴᠢᠨ ᠲᠣᠭᠤᠷᠢᠨ ᠳᠤ | ᠰᠢᠯᠵᠢᠭᠦᠯᠵᠦ᠂ 27 ᠤ ᠡᠳᠦᠷ ᠤᠨ ᠣᠷᠣᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠ | ᠮᠡᠳᠡᠭᠡ ᠵᠠᠩᠭᠢ ᠶᠢᠨ ᠲᠥᠪ ᠠᠴᠠ ᠨᠤᠲᠠᠯᠠᠨ ᠲᠣᠭᠲᠠᠭᠠᠭᠰᠠᠨ ᠨᠢ᠂ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ | ᠪᠡᠶᠡᠯᠡᠭᠳᠡᠭᠰᠡᠨ ᠢ ᠬᠠᠷᠠᠭᠤᠯᠵᠤ᠂ ᠨᠢᠭᠤᠴᠠ ᠳᠤ ᠬᠤᠯᠪᠣᠭᠳᠠᠬᠤ ᠦᠭᠡᠢ ᠪᠡᠯᠡ ᠣᠷᠣᠭᠤᠯᠤᠯᠲᠠ ᠶᠢᠨ ᠵᠦᠢᠯᠡᠰ ᠢ | ᠲᠠᠪᠴᠠᠩ ᠳᠡᠭᠡᠷ᠎ᠡ ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠢ ᠲᠤᠷᠰᠢᠨ ᠬᠡᠷᠡᠭᠵᠢᠭᠦᠯᠪᠡ᠃ | ᠵᠠᠩ ᠪᠢᠨ᠄ | ︵ᠭᠤᠷᠪᠠ︶ ᠬᠠᠮᠲᠤᠷᠠᠨ ᠬᠢᠨᠠᠬᠤ ᠠᠵᠢᠯᠳᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠪᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠴᠦ ᠵᠥᠪᠰᠢᠶᠡᠷᠡᠭᠦᠯᠦᠭᠡᠳ᠂ ᠡᠯ᠎ᠡ ᠬᠠᠮᠲᠤᠷᠠᠨ ᠬᠢᠨᠠᠬᠤ | ᠰᠠᠯᠠᠭ᠎ᠠ ᠮᠥᠴᠢᠷ ᠠᠴᠠ ᠲᠤᠬᠠᠶᠢᠯᠠᠭᠰᠠᠨ ᠠᠵᠢᠯ ᠤᠨ ᠠᠵᠢᠯᠲᠠᠳ ᠲᠤ ᠲᠠᠪᠴᠠᠩ ᠤᠨ ᠠᠵᠢᠯᠯᠠᠭ᠎ᠠ ᠶᠢ ᠲᠦᠷᠭᠡᠬᠡᠨ | ᠡᠵᠡᠮᠰᠢᠭᠦᠯᠵᠦ᠂ ᠠᠵᠢᠯ ᠢᠶᠠᠨ ᠨᠡᠩ ᠰᠠᠶᠢᠨ ᠥᠷᠨᠢᠭᠦᠯᠬᠦ ᠳᠤ ᠳᠥᠭᠦᠮ ᠦᠵᠡᠭᠦᠯᠵᠦ᠂ ᠲᠠᠪᠴᠠᠩ ᠤᠨ | ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ 12 ᠳ᠋ᠤᠭᠠᠷ ᠰᠠᠷ᠎ᠠ ᠶᠢᠨ 21 ᠤ | ᠡᠳᠦᠷ ᠠᠴᠠ 28 ᠤ ᠡᠳᠦᠷ ᠪᠣᠯᠲᠠᠯ᠎ᠠ᠂ ᠪᠥᠬᠦ ᠣᠷᠣᠨ ᠤ ᠡᠯ᠎ᠡ ᠬᠠᠮᠲᠤᠷᠠᠨ ᠬᠢᠨᠠᠬᠤ ᠰᠠᠯᠠᠭ᠎ᠠ ᠮᠥᠴᠢᠷ ᠤᠨ | ᠲᠤᠬᠠᠶᠢᠯᠠᠭᠰᠠᠨ ᠠᠵᠢᠯ ᠤᠨ 2221 ᠠᠵᠢᠯᠲᠠᠳ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠪᠠ᠃ ᠡᠭᠦᠨ ᠤ ᠬᠠᠮᠲᠤ | ᠡᠯ᠎ᠡ ᠠᠶᠢᠮᠠᠭ ᠬᠤᠲᠠ ᠬᠤᠰᠢᠭᠤ ᠰᠢᠶᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠤᠨ ᠬᠦᠰᠦᠨᠦᠭᠲᠦ ᠪᠠ ᠮᠡᠳᠡᠭᠡ | ᠵᠠᠩᠭᠢ ᠶᠢ ᠢᠯᠡ ᠪᠣᠯᠭᠠᠬᠤ ᠬᠦᠰᠦᠨᠦᠭᠲᠦ ᠶᠢ ᠴᠤᠭᠯᠠᠭᠤᠯᠵᠤ᠂ ᠣᠳᠣᠬᠠᠨ ᠳᠤ ᠪᠣᠯᠲᠠᠯ᠎ᠠ ᠪᠦᠬᠦ ᠣᠷᠣᠨ ᠤ ᠬᠠᠭᠠᠰ | ᠢᠯᠡᠭᠦᠦ ᠬᠠᠮᠲᠤᠷᠠᠨ ᠬᠢᠨᠠᠬᠤ ᠰᠠᠯᠠᠭ᠎ᠠ ᠮᠥᠴᠢᠷ ᠢ ᠨᠢᠭᠡᠨᠲᠡ ᠨᠤᠲᠠᠯᠠᠨ ᠲᠣᠭᠲᠠᠭᠠᠵᠤ᠂ ᠪᠤᠰᠤᠳ ᠰᠠᠯᠠᠭ᠎ᠠ ᠮᠥᠴᠢᠷ | ᠴᠤ ᠵᠠᠯᠭᠠᠭᠠᠪᠡᠷ ᠳᠡᠭᠡᠭᠰᠢ ᠮᠡᠳᠡᠭᠦᠯᠵᠦ ᠪᠤᠢ᠃ | ︵ᠲᠦᠷᠪᠡ︶ ᠲᠠᠪᠴᠠᠩ ᠤᠨ ᠠᠵᠢᠯᠯᠠᠭ᠎ᠠ ᠲᠣᠭᠲᠠᠭᠤᠨ ᠪᠥᠭᠡᠳ ᠤᠷᠤᠭᠰᠢᠲᠠᠶ ᠪᠠᠶᠢᠨ᠎ᠠ᠃ ᠣᠳᠣᠬᠠᠨ ᠳᠤ᠂ | ᠥᠪᠡᠷᠲᠡᠭᠡᠨ ᠵᠠᠰᠠᠬᠤ ᠣᠷᠣᠨ ᠤ ᠲᠠᠪᠴᠠᠩ ᠤᠨ ᠭᠤᠣᠯ ᠴᠣᠭᠴᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ | ᠠᠵᠢᠯ ᠢ ᠨᠢᠭᠡᠨᠲᠡ ᠪᠡᠶᠡᠯᠡᠭᠦᠯᠵᠦ᠂ ᠥᠪᠡᠷᠲᠡᠭᠡᠨ ᠵᠠᠰᠠᠭ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ | ᠰᠦᠯᠵᠢᠶ᠎ᠡ ᠥᠪᠡᠷᠲᠡᠭᠡᠨ ᠵᠠᠰᠠᠬᠤ ᠣᠷᠣᠨ ᠤ 18 ᠰᠠᠯᠠᠭ᠎ᠠ ᠮᠥᠴᠢᠷ᠂ 14 ᠠᠶᠢᠮᠠᠭ ᠬᠤᠳᠠ᠂ 102 ᠬᠤᠰᠢᠭᠤ | ᠰᠢᠶᠠᠨ ᠲᠣᠭᠤᠷᠢᠭ ᠲᠠᠢ ᠬᠤᠯᠪᠣᠭᠠᠯᠠᠨ᠂ ᠨᠢᠭᠤᠴᠠ ᠳᠤ ᠬᠤᠯᠪᠣᠭᠳᠠᠬᠤ ᠦᠭᠡᠢ ᠪᠡᠯᠡ ᠣᠷᠣᠭᠤᠯᠤᠯᠲᠠ ᠶᠢᠨ | ᠵᠦᠢᠯᠡᠰ ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠬᠠᠮᠲᠤᠷᠠᠨ ᠬᠢᠨᠠᠨ ᠵᠥᠪᠰᠢᠶᠡᠷᠡᠬᠦ ᠶᠢ ᠠᠩᠬ᠎ᠠ | ᠠᠯᠬᠤᠮ ᠪᠡᠶᠡᠯᠡᠭᠦᠯᠪᠡ᠃ | ᠥᠨᠥᠳᠦᠷ ᠪᠣᠯᠲᠠᠯ᠎ᠠ᠂ 50 ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠠᠵᠢᠯ ᠢ | ᠨᠢᠭᠡᠨᠲᠡ ᠪᠡᠶᠡᠯᠡᠭᠦᠯᠵᠦ᠂ ᠲᠠᠪᠴᠠᠩ ᠤᠨ ᠡᠷᠭᠢᠯᠲᠡ ᠶᠢᠨ ᠪᠠᠶᠢᠳᠠᠯ ᠲᠣᠭᠲᠠᠭᠤᠨ ᠪᠠᠶᠢᠨ᠎ᠠ᠃ | ᠬᠥᠲᠥᠯᠥᠭᠴᠢ᠄ | ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠰᠠᠶᠢᠬᠠᠨ ᠠᠵᠢᠯᠯᠠᠬᠤ | ᠪᠣᠯᠣᠭᠰᠠᠨ ᠨᠢ ᠤᠯᠠᠨ ᠲᠠᠯ᠎ᠠ ᠶᠢᠨ ᠰᠠᠶᠢᠨ ᠦᠢᠯᠡᠳᠦᠯ ᠭᠠᠷᠭᠠᠵᠠᠢ᠂ ᠠᠯᠢ ᠠᠯᠢ ᠲᠠᠯ᠎ᠠ ᠪᠠᠷ ᠢᠯᠡᠷᠡᠵᠦ ᠪᠠᠶᠢᠬᠤ ᠶᠢ | ᠲᠠ ᠪᠢᠳᠡᠨ ᠳᠤ ᠪᠣᠳᠠᠲᠠᠶ ᠶᠠᠷᠢᠭᠠᠳ ᠥᠭᠭᠦᠨ᠎ᠡ ᠤᠤ︖ | ᠵᠠᠩ ᠪᠢᠨ᠄ | ᠡᠳᠡᠭᠡᠷ ᠰᠠᠶᠢᠨ ᠦᠢᠯᠡᠳᠦᠯ ᠭᠡᠪᠡᠯ᠄ ︵ᠨᠢᠭᠡ︶ ᠬᠢᠨᠠᠨ ᠵᠥᠪᠰᠢᠶᠡᠷᠡᠬᠦ ᠶᠠᠪᠤᠴᠠ ᠶᠢ ᠰᠠᠶᠢᠵᠢᠷᠠᠭᠤᠯᠵᠤ᠂ | ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ ᠲᠠᠪᠴᠠᠩ ᠢ ᠪᠦᠳᠦᠭᠡᠨ ᠪᠠᠶᠢᠭᠤᠯᠬᠤ ᠶᠠᠪᠤᠴᠠ | ᠳᠤᠮᠳᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠤᠴᠢᠷ | ᠶᠠᠪᠤᠳᠠᠯ ᠢ ᠡᠮᠬᠢᠯᠡᠵᠦ᠂ ᠠᠳᠠᠯᠢ ᠨᠢᠭᠡᠨ ᠱᠠᠳᠤ᠂ ᠠᠳᠠᠯᠢ ᠨᠢᠭᠡ ᠰᠠᠯᠠᠭ᠎ᠠ ᠮᠥᠴᠢᠷ ᠠᠴᠠ ᠣᠯᠠᠨᠲᠠ ᠬᠢᠨᠠᠨ | ᠵᠥᠪᠰᠢᠶᠡᠷᠡᠬᠦ ᠵᠦᠢᠯᠡᠰ ᠢ ᠡᠮᠬᠢᠯᠡᠨ ᠨᠡᠶᠢᠯᠡᠭᠦᠯᠵᠦ᠂ ︽ᠨᠢᠭᠡ ᠴᠣᠩᠬᠤ ᠪᠠᠷ ᠬᠦᠯᠢᠶᠡᠨ ᠠᠪᠴᠤ᠂ ᠨᠡᠶᠢᠯᠡᠭᠦᠯᠦᠨ | ᠰᠢᠢᠳᠪᠦᠷᠢᠯᠡᠬᠦ ᠶᠢ ᠪᠡᠶᠡᠯᠡᠭᠦᠯᠵᠡᠢ᠃ ᠨᠢᠭᠡ ᠵᠦᠢᠯ ᠳᠤ ᠨᠢᠭᠡ ᠨᠣᠮᠧᠷ᠂ ᠨᠢᠭᠡ ᠬᠦᠰᠦᠨᠦᠭᠲᠦ ᠪᠠᠷ ᠳᠠᠮᠵᠢᠭᠤᠯᠵᠤ᠂ | ᠬᠤᠭᠤᠴᠠᠭᠠᠯᠠᠨ ᠰᠢᠢᠳᠪᠦᠷᠢᠯᠡᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠨ᠎ᠡ᠃ ᠬᠠᠷᠢᠭᠤᠴᠠᠯᠭ᠎ᠠ ᠶᠣᠰᠣᠭᠠᠷ ᠬᠢᠨᠠᠨ | ᠬᠠᠮᠢᠶᠠᠷᠴᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ︾ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠢ | ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠶᠢ | ᠪᠡᠶᠡᠯᠡᠭᠦᠯᠪᠡ᠃ ᠲᠦᠭᠦᠮ ᠢᠶᠠᠷ ᠬᠡᠯᠡᠪᠡᠯ᠂ ᠮᠠᠨ ᠤ ᠣᠷᠣᠨ ᠤ ᠲᠠᠪᠴᠠᠩ ᠤᠨ ᠪᠠᠶᠢᠭᠤᠯᠤᠯᠲᠠ ᠪᠣᠯ ᠳᠠᠷᠤᠶ ᠢᠨᠲ᠋ᠧᠷ | ᠰᠦᠯᠵᠢᠶ᠎ᠡ ᠶᠢ ᠲᠦᠰᠢᠭᠯᠡᠨ ᠲᠠᠪᠴᠠᠩ ᠤᠨ ᠦᠢᠯᠡᠴᠢᠯᠡᠭᠡᠨ ᠤ ᠴᠣᠩᠬᠤ ᠪᠠᠶᠢᠭᠤᠯᠵᠤ᠂ ᠨᠢᠭᠤᠴᠠ ᠳᠤ ᠬᠤᠯᠪᠣᠭᠳᠠᠬᠤ | ᠦᠭᠡᠢ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠥᠷᠥᠯ ᠵᠦᠢᠯ ᠤᠨ ᠬᠢᠨᠠᠨ ᠵᠥᠪᠰᠢᠶᠡᠷᠡᠬᠦ᠂ | ᠳᠠᠩᠰᠠᠯᠠᠭᠤᠯᠵᠤ ᠭᠤᠶᠤᠴᠢᠯᠠᠬᠤ ᠶᠢ ᠨᠢᠭᠡᠳᠦᠯᠲᠡᠶ ᠬᠦᠯᠢᠶᠡᠨ ᠰᠢᠢᠳᠪᠦᠷᠢᠯᠡᠵᠦ᠂ ᠬᠤᠯᠪᠣᠭᠳᠠᠯ ᠪᠦᠬᠦᠢ ᠬᠢᠨᠠᠨ | ᠵᠥᠪᠰᠢᠶᠡᠷᠡᠬᠦ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ | ᠲᠦᠰᠢᠭᠯᠡᠨ ᠬᠠᠮᠲᠤᠷᠠᠨ ᠬᠢᠨᠠᠨ ᠵᠥᠪᠰᠢᠶᠡᠷᠡᠬᠦ ᠰᠢᠰᠲ᠋ᠧᠮ ᠲᠠᠢ ᠨᠡᠶᠢᠯᠡᠭᠦᠯᠦᠨ ᠬᠠᠮᠲᠤᠷᠠᠨ ᠬᠢᠨᠠᠨ ᠵᠥᠪᠰᠢᠶᠡᠷᠡᠬᠦ | ᠠᠵᠢᠯ ᠢ ᠢᠵᠢᠯᠢ ᠠᠯᠬᠤᠮ ᠢᠶᠠᠷ ᠥᠷᠨᠢᠭᠦᠯᠬᠦ ᠪᠣᠯᠣᠨ᠎ᠠ᠃ | ᠵᠠᠩ ᠪᠢᠨ ᠄ | ︵ᠬᠤᠶᠠᠷ︶ ᠠᠵᠤ ᠠᠬᠤᠶᠢᠯᠠᠯ ᠤᠨ ᠭᠤᠶᠤᠴᠢᠯᠠᠯ ᠮᠡᠳᠡᠭᠦᠯᠬᠦ ᠳᠤ ᠳᠥᠭᠦᠮ ᠦᠵᠡᠭᠦᠯᠵᠦ᠂ ᠵᠠᠰᠠᠭ ᠤᠨ | ᠣᠷᠳᠣᠨ ᠤ ᠦᠢᠯᠡᠴᠢᠯᠡᠭᠡ ᠶᠢ ᠰᠢᠯᠢᠳᠡᠭᠵᠢᠭᠦᠯᠪᠡ᠃ ᠰᠦᠯᠵᠢᠶᠡᠨ ᠳᠡᠭᠡᠷ᠎ᠡ ᠳᠠᠩᠰᠠᠯᠠᠬᠤ᠂ ᠭᠦᠢᠴᠡᠳᠬᠡᠬᠦ᠂ ︽ᠨᠢᠭᠡ | ᠥᠷᠲᠡᠭᠡᠯᠢᠭ ᠤᠨ ᠦᠢᠯᠡᠴᠢᠯᠡᠭᠡ︾ ᠶᠢᠨ ᠬᠢᠨᠠᠯᠲᠠ ᠲᠠᠯᠪᠢᠬᠤ ᠲᠠᠪᠴᠠᠩ ᠬᠠᠩᠭᠠᠪᠠ᠃ ᠠᠵᠤ ᠠᠬᠤᠶᠢᠯᠠᠯ ᠲᠥᠷᠥᠯ | ᠵᠦᠢᠯ ᠢᠶᠠᠨ ᠲᠠᠪᠴᠠᠩ ᠳᠡᠭᠡᠷ᠎ᠡ ᠳᠠᠩᠰᠠᠯᠠᠬᠤ᠂ ᠠᠵᠢᠯ ᠭᠦᠢᠴᠡᠳᠬᠡᠬᠦ ᠵᠦᠭᠯᠡᠭᠦᠷ ᠢ ᠰᠢᠯᠵᠢᠭᠦᠯᠦᠨ ᠤᠩᠰᠢᠬᠤ ᠶᠢ | ᠬᠡᠵᠢᠶ᠎ᠡ ᠭᠡᠳ ᠬᠢᠵᠦ ᠪᠣᠯᠣᠨ᠎ᠠ᠂ ᠴᠤᠷ ᠤᠨ ᠭᠠᠭᠴᠠ ᠲᠥᠷᠥᠯ ᠵᠦᠢᠯ ᠤᠨ ᠺᠣᠳ᠋ ᠢ ᠦᠨᠳᠦᠰᠦᠯᠡᠨ ᠠᠬᠢᠴᠠ ᠶᠢᠨ | ᠪᠠᠶᠢᠳᠠᠯ ᠢ ᠮᠡᠳᠡᠵᠦ ᠪᠣᠯᠣᠨ᠎ᠠ᠂ ᠲᠠᠪᠴᠠᠩ ᠠᠵᠤ ᠠᠬᠤᠶᠢᠯᠠᠯ ᠤᠨ ᠬᠠᠮᠢᠶ᠎ᠠ ᠪᠦᠬᠦᠢ ᠠᠬᠢᠴᠠ ᠶᠢᠨ ᠪᠠᠶᠢᠳᠠᠯ ᠢ | ᠰᠠᠨᠠᠭᠠᠴᠢᠯᠠᠭ᠎ᠠ ᠲᠠᠢ ᠪᠠᠷ ᠠᠵᠤ ᠠᠬᠤᠶᠢᠯᠠᠯ ᠳᠤ ᠮᠡᠳᠡᠭᠳᠡᠨ᠎ᠡ᠃ ᠲᠠᠪᠴᠠᠩ ᠠᠴᠠ ᠲᠥᠷᠥᠯ ᠵᠦᠢᠯ ᠨᠢᠭᠡᠪᠦᠷᠢ ᠳᠤ | ᠴᠣᠷ ᠤᠨ ᠭᠠᠭᠴᠠ ᠺᠣᠳ᠋ ᠣᠯᠭᠤᠵᠤ᠂ ᠲᠥᠷᠥᠯ ᠵᠦᠢᠯ ᠤᠨ ᠪᠦᠬᠦ ᠶᠠᠪᠤᠴᠠ ᠶᠢ ᠬᠢᠨᠠᠨ ᠵᠥᠪᠰᠢᠶᠡᠷᠡᠬᠦ ᠪᠠ ᠬᠢᠨᠠᠨ | ᠬᠠᠮᠢᠶᠠᠷᠬᠤ ᠳᠤ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ | ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠭᠲᠠᠭᠠᠭᠰᠠᠨ ᠱᠠᠭᠠᠷᠳᠠᠯᠭ᠎ᠠ ᠪᠦᠬᠦᠢ ᠴᠠᠭ ᠤᠨ ᠬᠢᠵᠠᠭᠠᠷ | ᠳᠣᠲᠣᠷ᠎ᠠ ᠬᠢᠨᠠᠨ ᠵᠥᠪᠰᠢᠶᠡᠷᠡᠬᠦ ᠲᠤᠬᠠᠶ ᠰᠠᠨᠠᠯ ᠳᠤᠷᠠᠳᠴᠤ᠂ ᠲᠠᠪᠴᠠᠩ ᠨᠢ ᠲᠥᠷᠥᠯ ᠵᠦᠢᠯ ᠢ ᠰᠢᠢᠳᠪᠦᠷᠢᠯᠡᠵᠦ | ᠪᠠᠶᠢᠭ᠎ᠠ ᠠᠬᠢᠴᠠ ᠶᠢ ᠰᠦᠯᠵᠢᠶᠡᠨ ᠳᠡᠭᠡᠷ᠎ᠡ ᠰᠠᠨᠠᠭᠤᠯᠬᠤ᠂ ᠬᠢᠨᠠᠨ ᠡᠵᠡᠮᠳᠡᠬᠦ ᠵᠡᠷᠭᠡ ᠴᠢᠳᠠᠮᠵᠢ ᠲᠠᠢ︔ᠲᠥᠷᠥᠯ | ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠠᠪᠴᠠᠩ ᠢᠶᠠᠷ | ᠳᠠᠮᠵᠢᠭᠤᠯᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠤᠨ ᠦᠨᠳᠦᠰᠦᠨ ᠡᠯᠧᠮᠧᠨ᠋ᠲ ᠤᠨ ᠮᠡᠳᠡᠭᠡ ᠵᠠᠩᠭᠢ | ᠪᠠ ᠪᠤᠰᠤᠳ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠰᠠᠨᠠᠯ ᠢ ᠪᠠᠶᠢᠴᠠᠭᠠᠨ ᠯᠠᠪᠯᠠᠬᠤ ᠪᠠ ᠬᠠᠮᠲᠤ ᠪᠠᠷ | ᠡᠳ᠋ᠯᠡᠵᠦ ᠪᠣᠯᠣᠨ᠎ᠠ᠃ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ | ᠪᠡᠶ᠎ᠡ ᠪᠠᠨ ᠱᠠᠭᠠᠷᠳᠠᠬᠤ ᠶᠢ ᠴᠢᠩᠭᠠᠷᠠᠭᠤᠯᠪᠠ᠃ ᠲᠠᠪᠴᠠᠩ ᠨᠢ ᠲᠥᠷᠥᠯ ᠵᠦᠢᠯ ᠤᠨ ᠺᠣᠳ᠋ ᠢ ᠨᠢᠭᠡᠳᠦᠭᠦᠯᠵᠦ᠂ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠪᠦ᠋ᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠮᠡᠳᠡᠭᠦᠯᠬᠦ ᠲᠦᠷᠢᠮ | ᠪᠠ ᠰᠠᠯᠠᠭ᠎ᠠ ᠮᠥᠴᠢᠷ ᠬᠥᠨᠳᠡᠯᠡᠨ ᠭᠤᠯᠳᠤ ᠬᠤᠯᠪᠣᠯᠳᠤᠨ ᠬᠠᠮᠵᠢᠯᠴᠠᠬᠤ ᠬᠢᠨᠠᠨ ᠬᠠᠮᠢᠶᠠᠷᠬᠤ ᠲᠣᠭᠲᠠᠴᠠ ᠶᠢ | ᠪᠠᠶᠢᠭᠤᠯᠵᠤ᠂ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠳᠣᠪᠣᠶᠢᠯᠭᠠᠵᠤ᠂ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠡᠷᠬᠡ ᠪᠠᠨ ᠠᠰᠢᠭᠯᠠᠵᠤ ᠠᠰᠢᠭ ᠡᠷᠢᠬᠦ ᠪᠠ ᠠᠵᠤ ᠠᠬᠤᠶᠢᠯᠠᠯ ᠤᠨ | ᠵᠠᠪᠰᠢᠨ ᠳᠠᠯᠢᠮᠳᠠᠭᠤᠯᠬᠤ ᠣᠷᠣᠨ ᠵᠠᠶ ᠶᠢ ᠪᠠᠭᠠᠰᠬᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠴᠥᠮ | ᠲᠠᠪᠴᠠᠩ ᠢᠶᠠᠷ ᠳᠠᠮᠵᠢᠭᠤᠯᠵᠤ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ | ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠵᠣᠬᠢᠴᠠᠩᠭᠤᠶ ᠪᠠᠷ ᠰᠢᠢᠳᠪᠦᠷᠢᠯᠡᠬᠦ ᠪᠥᠭᠡᠳ ᠠᠵᠤ | ᠠᠬᠤᠶᠢᠯᠠᠯ ᠤᠨ ᠢᠲᠡᠭᠡᠮᠵᠢ ᠶᠢᠨ ᠲᠠᠩᠰᠠ ᠡᠪᠬᠡᠮᠡᠯ ᠳᠤ ᠣᠷᠣᠭᠤᠯᠵᠤ᠂ ᠤᠯᠤᠰ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠨᠢᠭᠡᠳᠦᠯᠲᠡᠶ ᠲᠠᠪᠴᠠᠩ ᠳᠤ ᠨᠡᠶᠢᠲᠡᠯᠡᠵᠦ᠂ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ | ᠠᠶᠤᠯ ᠲᠦᠭᠰᠢᠭᠦᠷᠢ ᠶᠢᠨ ᠥᠷᠲᠡᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠪᠡᠶ᠎ᠡ ᠪᠠᠨ ᠵᠢᠷᠤᠮᠵᠢᠭᠤᠯᠬᠤ ᠶᠢ | ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠪᠡ᠃ | ᠬᠥᠲᠥᠯᠥᠭᠴᠢ᠄ | ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ | ᠬᠠᠮᠢᠶᠠᠷᠬᠤ ᠲᠠᠪᠴᠠᠩ ᠢ ᠶᠠᠭ ᠪᠠᠶᠢᠭᠤᠯᠵᠤ ᠪᠣᠢ᠂ ᠳᠠᠷᠠᠭᠠᠴᠢ ᠶᠢᠨ ᠠᠯᠬᠤᠮ ᠤᠨ ᠪᠦᠳᠦᠭᠡᠨ ᠪᠠᠶᠢᠭᠤᠯᠤᠯᠲᠠ ᠳᠤ | ᠶᠠᠮᠠᠷ ᠶᠠᠮᠠᠷ ᠲᠦᠯᠬᠢᠨ ᠠᠬᠢᠭᠤᠯᠬᠤ ᠰᠡᠳᠬᠢᠮᠵᠢ ᠲᠠᠢ ᠪᠠᠶᠢᠬᠤ ᠪᠣᠢ︖ | ᠵᠠᠩ ᠪᠢᠨ᠄ | ᠡᠷᠬᠡ ᠶᠢᠨ ᠲᠣᠳᠣᠷᠬᠠᠶ ᠬᠠᠭᠤᠳᠠᠰᠤᠲᠤ ᠳᠦᠷᠢᠮ ᠢ ᠬᠢᠨᠠᠨ ᠬᠠᠮᠢᠶᠠᠷᠬᠤ ᠠᠵᠢᠯᠯᠠᠭ᠎ᠠ ᠶᠢ ᠪᠠᠲᠤᠯᠠᠬᠤ ᠳᠦᠷᠢᠮ | ᠵᠡᠷᠭᠡ ᠶᠢ ᠲᠦᠷᠭᠡᠪᠴᠢᠯᠡᠨ ᠪᠠᠶᠢᠭᠤᠯᠤᠨ ᠲᠡᠭᠦᠯᠳᠡᠷᠵᠢᠭᠦᠯᠵᠦ︔ ᠬᠢᠨᠠᠨ ᠵᠥᠪᠰᠢᠶᠡᠷᠡᠬᠦ ᠵᠦᠢᠯᠡᠰ ᠢ ᠨᠠᠷᠢᠯᠢᠬᠵᠢᠭᠤᠯᠤᠨ | ᠂ ᠮᠡᠳᠡᠭᠡ ᠵᠠᠩᠭᠢ ᠶᠢᠨ ᠬᠦᠰᠦᠨᠦᠭᠲᠦ ᠶᠢ ᠱᠠᠭᠠᠷᠳᠠᠨ ᠲᠠᠭᠯᠠᠭᠤᠯᠵᠤ᠂ ᠲᠠᠪᠴᠠᠩ ᠤᠨ ᠦᠢᠯᠡᠴᠢᠯᠡᠭᠡᠨ ᠤ ᠠᠭᠤᠯᠭ᠎ᠠ | ᠪᠠ ᠴᠢᠳᠠᠪᠤᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠪᠴᠠᠩ ᠤᠨ ᠲᠣᠭᠲᠠᠭᠤᠨ ᠢᠶᠠᠷ ᠠᠵᠢᠯᠯᠠᠬᠤ ᠶᠢ | ᠦᠨᠡᠨ ᠬᠦ ᠪᠠᠲᠤᠯᠠᠨ᠎ᠠ᠃ ᠡᠨᠡ ᠪᠣᠯ ᠮᠠᠨ ᠤ ᠳᠠᠷᠠᠭᠠᠴᠢ ᠶᠢᠨ ᠠᠯᠬᠤᠮ ᠤᠨ ᠠᠵᠢᠯ ᠢ ᠲᠦᠯᠬᠢᠨ ᠠᠬᠢᠭᠤᠯᠬᠤ | ᠰᠡᠳᠬᠢᠴᠡ ᠮᠥᠨ᠃ | ᠪᠣᠳᠠᠲᠠᠶ ᠪᠠᠷ ᠳᠤᠷᠠᠳᠪᠠᠯ᠄ ᠨᠢᠭᠡ ᠳᠤ᠂ ᠬᠢᠨᠠᠨ ᠵᠥᠪᠰᠢᠶᠡᠷᠡᠬᠦ ᠵᠦᠢᠯᠡᠰ ᠪᠠ ᠬᠡᠷᠡᠭ ᠡᠷᠬᠢᠯᠡᠬᠦ ᠵᠦᠭᠯᠡᠭᠦᠷ ᠢ | ᠲᠡᠭᠦᠯᠳᠡᠷᠵᠢᠭᠦᠯᠦᠨ᠎ᠡ᠃ ᠡᠮᠬᠢᠯᠡᠨ ᠲᠢᠭᠯᠡᠬᠦ ᠵᠦᠢᠯᠡᠰ ᠪᠠ ᠴᠤᠪᠤᠷᠠᠯ ᠪᠣᠯ ᠲᠠᠪᠴᠠᠩ ᠤᠨ ᠶᠡᠷᠦᠩᠬᠡᠶ ᠵᠢᠷᠤᠭ | ᠲᠥᠯᠥᠪᠯᠡᠭᠡ ᠶᠢ ᠵᠣᠬᠢᠶᠠᠬᠤ᠂ ᠡᠷᠭᠢᠯᠲᠡ ᠶᠢᠨ ᠶᠠᠪᠤᠴᠠ ᠪᠠ ᠬᠡᠷᠡᠭᠯᠡᠭᠡᠨ ᠤ ᠦᠷ᠎ᠡ ᠳ᠋ᠦᠩ ᠳᠤ ᠬᠤᠯᠪᠣᠭᠳᠠᠬᠤ | ᠪᠣᠯᠬᠤᠷ᠂ ᠪᠦᠬᠦ᠋ᠢᠯᠡ ᠲᠠᠪᠴᠠᠩ ᠤᠨ ᠪᠠᠶᠢᠭᠤᠯᠤᠯᠲᠠ ᠶᠢᠨ ᠭᠤᠣᠯᠳᠠᠯᠭ᠎ᠠ ᠪᠠ ᠪᠡᠷᠬᠡᠲᠡᠶ ᠲᠠᠯ᠎ᠠ ᠪᠣᠯᠬᠤ ᠶᠤᠮ᠃ | ᠡᠭᠦᠨ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠠᠮᠲᠤᠷᠠᠨ ᠬᠢᠨᠠᠬᠤ ᠰᠠᠯᠠᠭ᠎ᠠ ᠮᠥᠴᠢᠷ ᠤᠨ | ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠬᠦ ᠠᠵᠢᠯ ᠳᠠᠭᠤᠰᠴᠤ᠂ ᠪᠣᠯᠪᠠᠰᠤᠷᠠᠯ ᠤᠨ ᠳᠤᠮᠳᠠ ᠡᠯ᠎ᠡ ᠠᠶᠢᠮᠠᠭ ᠬᠤᠲᠠ | ᠬᠤᠰᠢᠭᠤ ᠰᠢᠶᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠤᠨ ᠬᠦᠰᠦᠨᠦᠭᠲᠦ᠂ ᠮᠡᠳᠡᠭᠡ ᠵᠠᠩᠭᠢ ᠶᠢ ᠢᠯᠡ | ᠪᠣᠯᠭᠠᠬᠤ ᠬᠦᠰᠦᠨᠦᠭᠲᠦ ᠶᠢ ᠴᠤᠭᠯᠠᠭᠤᠯᠵᠤ᠂ ᠳᠡᠭᠡᠭᠰᠢ ᠮᠡᠳᠡᠭᠦᠯᠦᠭᠰᠡᠨ ᠦᠭᠡᠢ ᠰᠠᠯᠠᠭ᠎ᠠ ᠮᠥᠴᠢᠷ ᠢ ᠱᠠᠯᠠᠪᠳᠠᠵᠤ | ᠪᠠᠶᠢᠭᠠᠳ ᠲᠣᠰ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ ᠬᠦᠰᠦᠨᠦᠭᠲᠦ ᠶᠢ ᠳᠠᠷᠤᠶ ᠲᠦᠷᠭᠡᠨ | ᠳᠡᠭᠡᠭᠰᠢ ᠮᠡᠳᠡᠭᠦᠯᠵᠡᠢ᠃ ᠢᠨᠵᠧᠨᠧᠷᠢᠩ ᠤᠨ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠦᠴᠦᠨ ᠢᠶᠠᠨ ᠲᠥᠪᠯᠡᠷᠡᠭᠦᠯᠦᠨ | ᠡᠯ᠎ᠡ ᠬᠠᠮᠲᠤᠷᠠᠨ ᠬᠢᠨᠠᠬᠤ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠨᠤᠲᠠᠯᠠᠰᠠᠨ | ᠲᠣᠭᠲᠠᠭᠠᠭᠰᠠᠨ ᠬᠦᠰᠦᠨᠦᠭᠲᠦ ᠶᠢ ᠲᠠᠪᠴᠠᠩ ᠤᠨ ᠰᠢᠰᠲ᠋ᠧᠮ ᠲᠠᠢ ᠬᠤᠯᠪᠣᠭᠰᠠᠨ ᠪᠠᠶᠢᠨ᠎ᠠ᠃ | ᠵᠠᠩ ᠪᠢᠨ᠄ | ᠬᠤᠶᠠᠷ ᠲᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠨ ᠬᠢᠨᠠᠨ ᠵᠥᠪᠰᠢᠶᠡᠷᠡᠬᠦ ᠲᠠᠪᠴᠠᠩ | ᠤᠨ ᠠᠵᠢᠯᠯᠠᠭᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠲᠦᠷᠭᠡᠪᠴᠢᠯᠡᠨ ᠲᠣᠭᠲᠠᠭᠠᠨ᠎ᠠ᠃ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ᠂ | ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ᠪᠦᠬᠦ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠨ ᠬᠢᠨᠠᠨ ᠵᠥᠪᠰᠢᠶᠡᠷᠡᠬᠦ | ᠠᠵᠢᠯ ᠢ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠬᠠᠮᠲᠤᠷᠠᠵᠤ ᠬᠢᠨᠠᠨ ᠵᠥᠪᠰᠢᠶᠡᠷᠡᠬᠦ ᠲᠠᠪᠴᠠᠩ ᠤᠨ ᠪᠦᠲᠦᠮᠵᠢ ᠰᠠᠶᠢᠲᠠᠶ ᠠᠵᠢᠯᠯᠠᠬᠤ ᠶᠢ ᠪᠠᠲᠤᠯᠠᠵᠤ᠂ ︽ᠨᠢᠭᠡᠳᠦᠯᠲᠡᠶ | ᠪᠥᠭᠡᠳ ᠵᠢᠷᠤᠮᠵᠢᠭᠤᠨ᠂ ᠬᠤᠯᠪᠣᠭᠠᠯᠠᠨ ᠠᠵᠢᠯᠯᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠪᠦᠲᠦᠮᠵᠢᠲᠡᠶ | ᠮᠥᠷᠲᠡᠭᠡᠨ ᠳᠥᠲᠡ᠂ ᠢᠯᠠ ᠭᠦᠢᠴᠡᠳᠬᠡᠬᠦ᠂ ᠪᠦᠬᠦ ᠶᠠᠪᠤᠴᠠ ᠳᠤ ᠬᠢᠨᠠᠯᠲᠠ ᠲᠠᠯᠪᠢᠬᠤ︾ ᠬᠠᠷᠠᠯᠲᠠ ᠶᠢ ᠪᠡᠶᠡᠯᠡᠭᠦᠯᠵᠦ | ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠤᠪᠸᠢ ᠮᠤᠵᠢ ᠶᠢᠨ ᠵᠠᠰᠠᠭ ᠤᠨ | ᠶᠠᠪᠤᠳᠠᠯ ᠢ ᠺᠣᠮᠫᠢᠦ᠋ᠲ᠋ᠧᠷ ᠢᠶᠠᠷ ᠭᠦᠢᠴᠡᠳᠬᠡᠬᠦ ᠪᠠᠷᠢᠮᠵᠢᠶ᠎ᠠ ᠶᠢᠨ ᠵᠢᠷᠤᠮᠵᠢᠯ ᠶᠣᠰᠣᠭᠠᠷ᠂ ᠮᠠᠨ ᠤ ᠣᠷᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠵᠢᠯ ᠤᠨ ᠪᠣᠳᠠᠲᠠᠶ ᠲᠠᠢ ᠤᠶᠠᠯᠳᠤᠭᠤᠯᠤᠨ | ᠬᠠᠮᠢᠶᠠᠷᠤᠯᠲᠠ ᠶᠢᠨ ᠠᠷᠭ᠎ᠠ ᠶᠢ ᠲᠦᠷᠭᠡᠪᠴᠢᠯᠡᠨ ᠲᠣᠭᠲᠠᠭᠠᠨ᠎ᠠ᠃ ᠣᠳᠣᠬᠠᠨ ᠳᠤ᠂ ᠤᠯᠤᠰ ᠤᠨ ᠳᠡᠰ ᠤᠨ | ᠬᠠᠮᠢᠶᠠᠷᠤᠯᠲᠠ ᠶᠢᠨ ᠠᠷᠭ᠎ᠠ ᠶᠢᠨ ᠲᠤᠬᠠᠢ ᠡᠯ᠎ᠡ ᠮᠤᠵᠢ ᠣᠷᠣᠨ ᠠᠴᠠ ᠨᠢᠭᠡᠨᠲᠡ ᠰᠠᠨᠠᠯ ᠬᠤᠷᠢᠶᠠᠵᠤ᠂ ᠤᠳᠠᠯ ᠦᠭᠡᠶ | ᠨᠡᠶᠢᠲᠡᠯᠡᠬᠦ ᠪᠣᠯᠤᠨ᠎ᠠ᠃ | ᠭᠤᠷᠪᠠ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠡᠯᠡ ᠣᠷᠣᠭᠤᠯᠤᠯᠲᠠ ᠶᠢᠨ ᠲᠥᠷᠥᠯ ᠵᠦᠢᠯ | ᠤᠨ ᠡᠮᠦᠨᠡᠬᠢ ᠬᠤᠭᠤᠴᠠᠭᠠᠨ ᠤ ᠲᠥᠰᠥᠪᠯᠡᠯ᠂ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠠᠴᠠ ᠠᠪᠤᠭᠠᠳ ᠠᠵᠢᠯ | ᠳᠠᠭᠤᠰᠴᠤ ᠠᠰᠢᠭᠯᠠᠯᠲᠠ ᠳᠤ ᠣᠷᠣᠭᠤᠯᠬᠤ ᠬᠦᠷᠲᠡᠯ᠎ᠡ᠂ ᠴᠥᠮ ᠥᠪᠡᠷᠲᠡᠭᠡᠨ ᠵᠠᠰᠠᠬᠤ ᠣᠷᠣᠨ ᠤ ᠤᠯᠠᠨ ᠲᠢᠩᠬᠢᠮ | ᠲᠣᠪᠴᠢᠶ᠎ᠠ ᠳᠤ ᠬᠤᠯᠪᠣᠭᠳᠠᠬᠤ ᠪᠣᠯᠬᠤᠷ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠪᠠᠷ | ᠡᠳ᠋ᠯᠡᠪᠡᠯ ᠰᠠᠶ᠋ᠢ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠨ᠎ᠠ᠃ ᠪᠣᠯᠪᠠᠰᠤᠷᠠᠩᠭᠤᠶ ᠬᠢᠨᠠᠨ | ᠵᠥᠪᠰᠢᠶᠡᠷᠡᠬᠦ ᠰᠢᠰᠲ᠋ᠧᠮ ᠢ ᠨᠢᠭᠡᠨᠲᠡ ᠪᠠᠶᠢᠭᠤᠯᠤᠭᠰᠠᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ | ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠤᠨ ᠲᠤᠭ᠎ᠠ ᠪᠠᠷᠢᠮᠲᠠ ᠶᠢᠨ | ᠰᠣᠯᠢᠯᠴᠠᠭ᠎ᠠ ᠪᠠᠷ ᠳᠠᠮᠵᠢᠭᠤᠯᠤᠨ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠵᠦ ᠪᠣᠯᠣᠨ᠎ᠠ︔ ᠥᠪᠡᠷ ᠢᠶᠠᠨ | ᠳᠣᠲᠣᠭᠠᠳᠤ ᠶᠢᠨ ᠬᠢᠨᠠᠨ ᠵᠥᠪᠰᠢᠶᠡᠷᠡᠬᠦ ᠰᠢᠰᠲ᠋ᠧᠮ ᠦᠭᠡᠢ ᠰᠠᠯᠠᠭ᠎ᠠ ᠮᠥᠴᠢᠷ ᠤᠳ ᠴᠦ ᠥᠪᠡᠷᠲᠡᠭᠡᠨ ᠵᠠᠰᠠᠬᠤ | ᠣᠷᠣᠨ ᠤ ᠲᠠᠪᠴᠠᠩ ᠳᠤ ᠭᠠᠷᠴᠤ ᠰᠢᠭᠤᠳ ᠲᠤᠬᠠᠶᠢᠯᠠᠭᠰᠠᠨ ᠠᠵᠢᠯ ᠡᠷᠬᠢᠯᠡᠵᠦ ᠪᠣᠯᠤᠨ᠎ᠠ᠃ ᠡᠶᠢᠮᠦ | ᠲᠣᠭᠲᠠᠴᠠ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ | ᠲᠤᠬᠠᠶ ᠳᠤᠨᠢ ᠰᠠᠨᠠᠭᠠᠴᠢᠯᠠᠭᠠᠲᠠᠶ ᠪᠠᠷ ᠮᠡᠳᠡᠭᠡ ᠵᠠᠩᠭᠢ ᠶᠢᠨ ᠲᠠᠪᠴᠠᠩ ᠳᠤ ᠬᠦᠷᠭᠡᠵᠦ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠵᠦ ᠪᠣᠯᠣᠨ᠎ᠠ᠃ | ᠳᠡᠭᠡᠷ᠎ᠡ ᠳᠤᠷᠠᠳᠤᠭᠰᠠᠨ ᠡᠳᠡᠭᠡᠷ ᠠᠵᠢᠯ ᠢ ᠪᠡᠶᠡᠯᠡᠭᠦᠯᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠳᠤ ᠰᠠᠨᠠᠭᠤᠯᠵᠤ ᠨᠢᠭᠤᠴᠠ ᠳᠤ ᠥᠯᠥ ᠬᠤᠯᠪᠣᠭᠳᠠᠬᠤ ᠲᠥᠷᠥᠯ ᠵᠦᠢᠯ ᠪᠦᠬᠦᠨ ᠢ ᠰᠦᠯᠵᠢᠶᠡᠨ | ᠳᠡᠭᠡᠷ᠎ᠡ ᠬᠢᠨᠠᠨ ᠵᠥᠪᠰᠢᠶᠡᠷᠡᠭᠦ ᠶᠢ ᠠᠯᠪᠠᠳᠠᠯᠭ᠎ᠠ ᠪᠠᠷ ᠱᠠᠭᠠᠷᠳᠠᠬᠤ ᠪᠣᠯᠤᠨ᠎ᠠ᠃ | ᠬᠥᠲᠥᠯᠥᠭᠴᠢ᠄ | ᠵᠠ᠂ ᠵᠠᠩ ᠡᠷᠬᠢᠯᠡᠭᠴᠢ ᠶᠢᠨ ᠬᠦᠯᠢᠴᠡᠩᠭᠦᠶ ᠪᠠᠷ ᠬᠠᠷᠢᠭᠤᠯᠲᠠ ᠥᠭᠭᠦᠭᠰᠡᠨ ᠳᠤ ᠲᠠᠯᠠᠷᠬᠠᠯ᠎ᠠ᠂ ᠰᠦᠯᠵᠢᠶᠡᠨ | ᠤ ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠥᠨᠳᠥᠷᠯᠡᠯ᠎ᠡ᠂ ᠪᠠᠶᠠᠷᠲᠠᠢ᠃ | | ᠥᠪᠡᠷᠲᠡᠭᠡᠨ ᠵᠠᠰᠠᠬᠤ ᠣᠷᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ ᠪᠠᠷ ᠨᠡᠪᠲᠡᠷᠡᠪᠡ | | ᠥᠪᠡᠷᠲᠡᠭᠡᠨ ᠵᠠᠰᠠᠬᠤ ᠣᠷᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ ᠪᠠᠷ ᠨᠡᠪᠲᠡᠷᠡᠪᠡ |