ᠮᠠᠨ ᠤ ᠣᠷᠣᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠦᠬᠦᠨ ᠢ ᠪᠦᠷᠬᠦᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2016/4/12
     ᠮᠠᠨ ᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠭᠠᠵᠠᠷ ᠤᠨ ᠪᠣᠳᠠᠲᠤ ᠪᠠᠶᠢᠳᠠᠯ ᠢ ᠲᠣᠳᠣᠷᠬᠠᠶ ᠣᠶᠢᠯᠠᠭᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠦᠷᠢᠮ ᠤᠨ ᠲᠦᠷᠤ ᠶᠢᠨ ᠪᠤᠳᠤᠯᠭ᠎ᠠ ᠶᠢ ᠬᠠᠨᠳᠤᠯᠭᠠᠲᠤ ᠴᠢᠨᠠᠷᠲᠠᠶ ᠪᠠᠷ ᠲᠣᠭᠲᠠᠭᠠᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠳᠤᠷᠠᠳᠴᠤ᠂ ︽ᠠᠷᠪᠠ ᠶᠢ ᠪᠦᠬᠦᠨ ᠢ ᠪᠦᠷᠬᠦᠭᠦᠯᠬᠦ︾ ᠢᠨᠵᠧᠨᠧᠷᠢᠩ ᠤᠨ ᠪᠦᠬᠦ ᠲᠠᠯ᠎ᠠ ᠪᠠᠷ ᠬᠡᠷᠡᠭᠵᠢᠭᠦᠯᠦᠭᠳᠡᠬᠦ ᠶᠢ ᠲᠦᠯᠬᠢᠨ ᠠᠬᠢᠭᠤᠯᠵᠤ ᠪᠣᠢ᠃      ᠣᠶᠢᠯᠠᠭᠠᠭᠰᠠᠨ ᠢᠶᠠᠷ᠂ ︽ᠠᠷᠪᠠ ᠶᠢ ᠪᠦᠬᠦᠨ ᠢ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠬᠦ ᠳᠤᠮᠳᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠦᠭᠦᠨ ᠢ ᠪᠦᠷᠬᠦᠭᠦᠯᠬᠦ ᠶᠢ ᠡᠭᠦᠷᠭᠡᠯᠡᠵᠦ ᠪᠣᠢ᠃ ᠢᠨᠵᠧᠨᠧᠷᠢᠩ ᠢ ᠡᠬᠢᠯᠡᠭᠦᠯᠬᠦ ᠦᠶ᠎ᠡ ᠳᠤ᠂ ᠬᠤᠳᠠ ᠬᠥᠳᠡᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠮᠠᠯᠵᠢᠬᠤ ᠲᠠᠷᠢᠶᠠᠯᠠᠬᠤ ᠣᠷᠣᠨ ᠎ ᠤ ᠨᠠᠰᠤᠵᠢᠯ ᠤᠨ ᠳᠠᠭᠠᠳᠬᠠᠯ ᠤᠨ ᠪᠦᠭᠦᠨ ᠢ ᠪᠦᠷᠬᠦᠭᠦᠯᠬᠦ ᠪᠥᠳᠥᠭᠡᠨ ᠪᠠᠶᠢᠭᠤᠯᠤᠯᠲᠠ ᠶᠢᠨ ᠠᠭᠤᠯᠭ᠎ᠠ ᠶᠢ ᠰᠠᠶᠢᠨ ᠣᠶᠢᠯᠭᠠᠭᠰᠠᠨ ᠦᠭᠡᠢ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠨᠢ ᠲᠠᠷᠠᠬᠠᠶ ᠪᠤᠲᠠᠷᠬᠠᠶ ᠪᠠᠶᠢᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡ ᠶᠢᠨ ᠲᠠᠪᠴᠠᠩ ᠢ ᠡᠷᠬᠢᠯᠡᠨ ᠭᠦᠢᠴᠡᠳᠬᠡᠬᠦ ᠬᠦᠴᠦᠨ ᠬᠦᠷᠦᠯᠴᠡᠬᠦ ᠦᠭᠡᠢ᠂ ᠮᠠᠯᠴᠢᠨ ᠲᠠᠷᠢᠶᠠᠴᠢᠤᠨ ᠨᠠᠰᠤᠲᠠᠤᠨ ᠤᠨ ᠠᠰᠠᠷᠠᠮᠵᠢ ᠠᠪᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠡᠳ᠋ᠯᠡᠬᠦ ᠳᠤ ᠳᠥᠭᠦᠮ ᠦᠭᠡᠢ ᠪᠠᠶᠢᠬᠤ ᠠᠰᠠᠭᠤᠳᠠᠯ ᠤᠳ ᠢ ᠰᠢᠢᠳᠪᠦᠷᠢᠯᠡᠬᠦ ᠶᠢᠨ ᠲᠥᠯᠥᠭᠡ᠂ ᠮᠠᠨ ᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠦᠢᠳᠬᠡᠯ ᠲᠤᠰᠢᠶᠠᠬᠤ ᠲᠡᠰ ᠢ 10 ᠪᠠᠶᠢᠭᠰᠠᠨ ᠠᠴᠠ 13 ᠪᠣᠯᠭᠠᠨ ᠨᠡᠮᠡᠵᠦ᠂ ᠲᠥᠷᠥ ᠶᠢᠨ ᠪᠣᠳᠣᠯᠭ᠎ᠠ ᠲᠣᠭᠲᠠᠭᠠᠯᠲᠠ ᠶᠢ ᠪᠣᠳᠠᠲᠤ ᠪᠠᠶᠢᠳᠠᠯ ᠳᠤ ᠨᠡᠩ ᠨᠡᠶᠢᠴᠡᠭᠦᠯᠪᠡ︔ ︽ᠠᠷᠪᠠ ᠶᠢ ᠪᠦᠬᠦᠨ ᠢ ᠪᠦᠷᠬᠦᠭᠦᠯᠬᠦ︾ ᠢᠨᠵᠧᠨᠧᠷᠢᠩ ᠢ ᠡᠬᠢᠯᠡᠨ ᠬᠡᠷᠡᠭᠵᠢᠭᠦᠯᠦᠭᠰᠡᠨ ᠠᠴᠠ᠂ ᠨᠠᠰᠤᠵᠢᠯ ᠤᠨ ᠰᠠᠭᠤᠷᠢ ᠮᠥᠩᠭᠦ ᠶᠢ ᠵᠢᠯ ᠪᠦᠷᠢ 5 ᠲᠥᠭᠦᠷᠢᠭ ᠳᠡᠭᠡᠭᠰᠢᠯᠡᠭᠦᠯᠵᠦ᠂ ᠤᠳᠤ ᠨᠢᠭᠡᠨᠲᠡ 85 ᠲᠥᠭᠦᠷᠢᠭ ᠪᠣᠯᠭᠠᠪᠠ᠃ ᠡᠨᠡ ᠬᠦ ᠰᠠᠭᠤᠷᠢᠨ ᠳᠡᠭᠡᠷ᠎ᠡ᠂ ᠬᠥᠬᠡᠬᠤᠲᠠ᠂ ᠪᠤᠭᠤᠲᠤ᠂ ᠤᠯᠠᠭᠠᠨᠴᠠᠪ᠂ ᠣᠷᠳᠣᠰ᠂ ᠦᠬᠠᠶ᠂ ᠠᠯᠠᠱᠠ 6 ᠠᠶᠢᠮᠠᠭ ᠬᠤᠳᠠ ᠪᠠ ᠡᠷᠢᠶᠡᠨ ᠬᠤᠲᠠ ᠥᠪᠡᠷ ᠤᠨ ᠡᠳ᠋ ᠤᠨ ᠵᠠᠰᠠᠭ ᠤᠨ ᠬᠦᠴᠦᠨ ᠲᠠᠢ ᠪᠠᠨ ᠤᠶᠠᠯᠳᠤᠭᠤᠯᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦᠨ ᠤ ᠪᠠᠷᠢᠮᠵᠢᠶ᠎ᠠ ᠶᠢ  ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠯᠢ ᠶᠢᠨ ᠭᠤᠣᠯ ᠠᠶᠢᠮᠠᠭ ᠤᠨ 11 ᠬᠤᠰᠢᠭᠤ ᠰᠢᠶᠠᠨ ᠪᠣᠯᠤᠨ ᠬᠥᠯᠥᠨ ᠪᠤᠶᠢᠷ ᠤᠨ 4 ᠬᠤᠰᠢᠭᠤ ᠰᠢᠶᠠᠨ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦᠨ ᠤ ᠪᠠᠷᠢᠮᠵᠢᠶ᠎ᠠ ᠶᠢ ᠲᠤᠰ ᠲᠤᠰ ᠳᠡᠭᠡᠭᠰᠢᠯᠡᠭᠦᠯᠪᠡ︔ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ︽ᠠᠷᠪᠠ ᠶᠢ ᠪᠦᠬᠦᠨ ᠢ ᠪᠦᠷᠬᠦᠭᠦᠯᠬᠦ︾ ᠠᠵᠢᠯ ᠤᠨ ᠮᠡᠳᠡᠭᠡ ᠵᠠᠩᠭᠢ ᠶᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠵᠦ ᠠᠷᠠᠳ ᠲᠤ ᠠᠰᠢᠭ ᠲᠤᠰᠠ ᠬᠦᠷᠲᠡᠭᠡᠬᠦ ᠠᠵᠢᠯ ᠢ ᠪᠦᠲᠦᠭᠡᠯᠴᠢ ᠪᠠᠷ ᠥᠷᠨᠢᠭᠦᠯᠪᠡ᠃ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ 1047 ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶ ᠦᠢᠯᠡᠴᠢᠯᠡᠭᠡᠨ ᠤ ᠲᠥᠪ︾ ᠪᠠᠶᠢᠭᠤᠯᠵᠤ᠂ ᠬᠥᠳᠡᠭᠡ ᠲᠣᠰᠬᠤᠨ ᠤ ᠵᠢᠭᠡᠯᠡᠯᠭᠡ ᠶᠢᠨ ᠬᠤᠷᠰᠢᠶ᠎ᠠ ᠲᠠᠢ ᠬᠠᠮᠲᠤᠷᠠᠯᠴᠠᠨ᠂ ᠭᠠᠴᠠᠭ᠎ᠠ ᠲᠣᠰᠬᠤᠨ ᠤ ᠠᠷᠠᠳ ᠲᠤ ᠲᠦᠭᠦᠮ ᠦᠵᠡᠭᠦᠯᠬᠦ ᠬᠤᠯᠪᠣᠯᠳᠤᠭᠰᠠᠨ ᠬᠡᠳᠦ ᠳᠡᠯᠭᠡᠭᠦᠷ ᠲᠤ ᠲᠦᠰᠢᠭᠯᠡᠨ᠂ ᠮᠠᠯᠵᠢᠬᠤ ᠲᠠᠷᠢᠶᠠᠯᠠᠬᠤ ᠣᠷᠣᠨ ᠤ 6523 ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠬᠦ ᠴᠢᠭ᠋︾ ᠪᠠᠶᠢᠭᠤᠯᠵᠤ᠂ ᠺᠠᠷᠲ ᠲᠠᠢ ᠬᠥᠮᠥᠰ ᠤᠨ ᠲᠠᠪᠤᠨ ︽ᠭᠠᠴᠠᠭ᠎ᠠ ᠲᠣᠰᠬᠤᠨ ᠠᠴᠠ ᠭᠠᠷᠬᠤ ᠦᠭᠡᠢ︾ ︵ᠨᠡᠶᠢᠭᠡᠮ ᠤᠨ ᠳᠠᠭᠠᠳᠬᠠᠯ ᠤᠨ ᠪᠠᠶᠢᠴᠠᠭᠠᠨ ᠯᠠᠪᠯᠠᠬᠤ ᠳᠤ ᠭᠠᠴᠠᠭ᠎ᠠ ᠲᠣᠰᠬᠤᠨ ᠠᠴᠠ ᠭᠠᠷᠬᠤ ᠦᠭᠡᠢ᠂ ᠳᠡᠰ ᠰᠣᠩᠭᠤᠬᠤ ᠰᠦᠢᠳᠬᠡᠯ ᠲᠤᠰᠢᠶᠠᠬᠤ ᠎ ᠳᠤ ᠭᠠᠴᠠᠭ᠎ᠠ ᠲᠣᠰᠬᠤᠨ ᠠᠴᠠ ᠭᠠᠷᠬᠤ ᠦᠭᠡᠢ᠂ ᠬᠢᠷᠢ ᠬᠡᠮ ᠤᠨ ᠭᠡᠷᠡᠴᠢᠯᠡᠭᠡ ᠬᠢᠬᠦ ᠳᠤ ᠭᠠᠴᠠᠭ᠎ᠠ ᠲᠣᠰᠬᠤᠨ ᠠᠴᠠ ᠭᠠᠷᠬᠤ ᠦᠭᠡᠢ᠂ ᠣᠯᠭᠤᠮᠵᠢ ᠠᠪᠬᠤ ᠳᠤ ᠭᠠᠴᠠᠭ᠎ᠠ ᠲᠣᠰᠬᠤᠨ ᠠᠴᠠ ᠭᠠᠷᠬᠤ ᠦᠭᠡᠢ᠂ ᠺᠠᠷᠲ ᠬᠡᠷᠡᠭᠯᠡᠬᠦ ᠳᠤ ᠭᠠᠴᠠᠭ᠎ᠠ ᠲᠣᠰᠬᠤᠨ ᠠᠴᠠ ᠭᠠᠷᠬᠤ ᠦᠭᠡᠢ︶ ᠪᠠᠶᠢᠬᠤ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠡᠨᠡ ᠵᠢᠯ ᠮᠠᠨ ᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠦᠬᠦᠨ ᠢ ᠪᠦᠷᠬᠦᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠪᠠᠶᠢᠴᠠᠭᠠᠵᠤ ᠣᠶᠢᠯᠠᠭᠠᠬᠤ ᠪᠠ ᠲᠥᠷᠥ ᠶᠢᠨ ᠪᠤᠳᠤᠯᠭ᠎ᠠ ᠶᠢᠨ ᠤᠬᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠬᠠᠷᠠᠭᠠᠯᠵᠠᠯ ᠦᠵᠡᠭᠦᠯᠬᠦ ᠵᠡᠷᠭᠡ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠪᠣᠢ᠃ ᠲᠡᠷᠡᠴᠢᠯᠡᠨ᠂ ᠠᠵᠢᠯ ᠤᠨ ᠠᠬᠢᠴᠠ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠲᠣᠬᠢᠷᠠᠭᠤᠯᠬᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ︽ᠠᠷᠪᠠ ᠶᠢ ᠪᠦᠬᠦᠨ ᠢ ᠪᠦᠷᠬᠦᠭᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ᠂ ᠪᠦᠬᠦ ᠣᠷᠣᠨ ᠤ 102 ᠬᠤᠰᠢᠭᠤ ᠰᠢᠶᠠᠨ ᠲᠣᠭᠤᠷᠢᠭ ᠤᠨ ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠬᠦ ᠴᠢᠭ᠋︾᠎ ᠢ ᠲᠣᠬᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢᠨ ᠲᠠᠪᠴᠠᠩ ᠤᠨ ᠭᠠᠴᠠᠭ᠎ᠠ ᠲᠣᠰᠬᠤᠨ ᠳᠤ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号