ᠥᠪᠥᠷ ᠮᠣᠩᠭᠤᠯ ᠤᠨ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢ ᠤᠢᠢᠷ᠎ᠠ ᠬᠠᠪᠢ ᠳᠠᠭᠠᠨ ᠪᠠᠭᠲᠠᠭᠠᠨ ᠰᠢᠩᠭᠡᠭᠡᠬᠦ ᠲᠤᠷᠰᠢᠯᠲᠠ ᠶᠢᠨ ᠲᠥᠰᠦᠯ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2016/4/12
      4 ᠳ᠋ᠦ᠋ᠭᠡᠷ ᠰᠠᠷ᠎ᠠ ᠶᠢᠨ 11᠎ ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠰᠦᠯᠵᠢᠶᠡᠨ ᠳᠡᠭᠡᠷ᠎ᠡ ︽ᠭᠠᠨᠰᠦ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠭᠢᠷᠢᠨ ᠮᠤᠵᠢ ᠶᠢᠨ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢ ᠤᠢᠢᠷ᠎ᠠ ᠬᠠᠪᠢ ᠳᠠᠭᠠᠨ ᠪᠠᠭᠲᠠᠭᠠᠨ ᠰᠢᠩᠭᠡᠭᠡᠬᠦ ᠲᠤᠷᠰᠢᠯᠲᠠ ᠶᠢᠨ ᠲᠥᠰᠦᠯ ᠢ ᠵᠦᠪᠰᠢᠶᠡᠷᠡᠬᠦ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠬᠠᠷᠢᠭᠤ ᠵᠠᠬᠢᠳᠠᠯ︾᠎ ᠢ ᠨᠡᠶᠢᠲᠡᠯᠡᠵᠦ᠂ ᠥᠪᠥᠷ ᠮᠣᠩᠭᠤᠯ ᠢ ᠪᠠᠭᠲᠠᠭᠠᠭᠰᠠᠨ ᠳᠡᠭᠡᠷ᠎ᠡ ᠳᠤᠷᠠᠳᠤᠭᠰᠠᠨ ᠭᠤᠷᠪᠠᠨ ᠮᠤᠵᠢ ᠶᠢᠨ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢ ᠤᠢᠢᠷ᠎ᠠ ᠬᠠᠪᠢ ᠎ ᠳᠠᠭᠠᠨ ᠪᠠᠭᠲᠠᠭᠠᠨ ᠰᠢᠩᠭᠡᠭᠡᠬᠦ ᠲᠤᠷᠰᠢᠯᠲᠠ ᠶᠢ ᠵᠦᠪᠰᠢᠶᠡᠷᠡᠭᠰᠡᠨ ᠪᠦᠭᠡᠳ 3 ᠮᠤᠵᠢ ᠤᠷᠤᠨ ᠵᠠᠰᠠᠪᠤᠷᠢ ᠣᠷᠤᠭᠤᠯᠤᠭᠰᠠᠨ ᠤ ᠳᠠᠷᠠᠭᠠᠬᠢ ᠲᠤᠷᠰᠢᠯᠲᠠ ᠶᠢᠨ ᠲᠥᠰᠦᠯ ᠤᠨ ᠢᠶᠠᠨ ᠶᠣᠰᠣᠭᠠᠷ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃      ᠲᠠᠨᠢᠯᠴᠠᠭᠤᠯᠤᠭᠰᠠᠨ ᠢᠶᠠᠷ᠂ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢ ᠤᠢᠢᠷ᠎ᠠ ᠬᠠᠪᠢ ᠳᠠᠭᠠᠨ ᠪᠠᠭᠲᠠᠭᠠᠨ ᠰᠢᠩᠭᠡᠭᠡᠬᠦ ᠭᠡᠳᠡᠭ ᠨᠢ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠦᠷᠭᠡᠳᠬᠡᠨ᠂ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠵᠠᠬ᠎ᠠ ᠳᠡᠯᠭᠡᠭᠦᠷᠴᠢᠯᠡᠯᠲᠡ ᠶᠢᠨ ᠠᠷᠠᠯᠵᠢᠶ᠎ᠠ ᠶᠢ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠢ ᠶᠢᠨ ᠭᠠᠵᠠᠷ ᠣᠷᠣᠨ ᠤ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢ ᠪᠠᠭᠲᠠᠭᠠᠨ ᠰᠢᠩᠭᠡᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠢᠭᠠᠵᠤ ᠪᠣᠢ᠃ ᠥᠪᠥᠷ ᠮᠣᠩᠭᠤᠯ ᠤᠨ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢ ᠤᠢᠢᠷ᠎ᠠ ᠬᠠᠪᠢ ᠳᠠᠭᠠᠨ ᠪᠠᠭᠲᠠᠭᠠᠨ ᠰᠢᠩᠭᠡᠭᠡᠬᠦ ᠲᠤᠷᠰᠢᠯᠲᠠ ᠶᠢᠨ ᠲᠥᠰᠦᠯ ᠶᠣᠰᠣᠭᠠᠷ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠨᠢ ᠰᠠᠯᠬᠢᠨ ᠬᠦᠴᠦᠨ ᠤ ᠴᠠᠬᠢᠯᠭᠠᠨ ᠤ ᠲᠤᠮᠤ ᠬᠡᠷᠡᠭᠯᠡᠭᠡᠨ ᠤ ᠡᠷᠦᠬᠡ ᠶᠢᠨ ᠰᠢᠭᠤᠳ ᠠᠷᠠᠯᠵᠢᠶᠠᠯᠠᠬᠤ ᠲᠤᠷᠰᠢᠯᠲᠠ ᠳᠤ ᠣᠷᠤᠯᠴᠠᠬᠤ ᠶᠢ ᠳᠡᠮᠵᠢᠬᠦ ᠪᠠᠷ ᠳᠠᠮᠵᠢᠭᠤᠯᠤᠨ᠂ ᠴᠠᠬᠢᠯᠭᠠᠨ ᠭᠠᠷᠭᠠᠬᠤ ᠡᠷᠬᠡ ᠶᠢ ᠣᠷᠤᠯᠠᠭᠤᠯᠬᠤ ᠶᠢ ᠬᠡᠷᠡᠭᠵᠢᠭᠦᠯᠵᠦ᠂ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢ ᠭᠠᠳᠠᠭᠰᠢ ᠬᠦᠷᠭᠡᠬᠦ ᠪᠠᠨ ᠦᠷᠭᠡᠳᠬᠡᠬᠦ ᠵᠡᠷᠭᠡ ᠠᠷᠭ᠎ᠠ ᠮᠠᠶ᠋ᠢᠭ ᠢᠶᠠᠷ ᠲᠤᠷᠰᠢᠯᠲᠠ ᠶᠢᠨ ᠠᠵᠢᠯ ᠢᠶᠠᠨ ᠦᠷᠨᠢᠭᠦᠯᠬᠦ ᠪᠣᠯᠤᠨ᠎ᠠ᠃ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠎ ᠨᠢ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠤᠯᠠᠨ ᠲᠠᠯ᠎ᠠ ᠶᠢᠨ ᠠᠷᠠᠯᠵᠢᠶᠠᠯᠠᠬᠤ ᠵᠠᠬ᠎ᠠ ᠳᠡᠯᠭᠡᠭᠦᠷ ᠲᠤ ᠣᠷᠤᠭᠤᠯᠬᠤ ᠪᠠᠷ ᠳᠠᠮᠵᠢᠭᠤᠯᠤᠨ᠂ ᠳᠠᠬᠢᠨᠲᠠ ᠡᠭᠦᠰᠬᠦ ᠡᠨᠧᠷᠭᠢ ᠶᠢᠨ ᠰᠤᠷᠪᠤᠯᠵᠢ ᠶᠢᠨ ᠰᠢᠭᠤᠳ ᠠᠷᠠᠯᠵᠢᠶ᠎ᠠ᠂ ᠮᠣᠵᠢ ᠣᠷᠣᠨ ᠠᠯᠤᠰᠯᠠᠭᠰᠠᠨ ᠳᠣᠣᠷ᠎ᠠ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ ᠠᠷᠠᠯᠵᠢᠶ᠎ᠠ᠂ ᠥᠪᠡᠰᠦᠪᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠪᠠᠷ ᠴᠠᠬᠢᠯᠭᠠᠨ ᠭᠠᠷᠭᠠᠬᠤ ᠶᠢ ᠰᠠᠯᠬᠢᠨ ᠬᠦᠴᠦᠨ ᠤ ᠴᠠᠬᠢᠯᠭᠠᠨ ᠢᠶᠠᠷ ᠣᠷᠤᠯᠠᠭᠤᠯᠬᠤ ᠲᠤᠷᠰᠢᠯᠲᠠ ᠶᠢᠨ ᠠᠵᠢᠯ ᠤᠳ ᠢ ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ ᠢ ᠢᠯᠴᠢ ᠬᠠᠩᠭᠠᠬᠤ ᠠᠵᠤ ᠠᠬᠤᠶᠢᠯᠠᠯ ᠯᠤᠭ᠎ᠠ᠂ ᠰᠠᠯᠬᠢᠨ ᠬᠦᠴᠦᠨ ᠤ ᠴᠠᠬᠢᠯᠭᠠᠨ ᠢ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠲᠡᠭᠡ ᠵᠡᠷᠭᠡ ᠯᠦᠭᠡ ᠠᠷᠠᠯᠵᠢᠶᠠᠯᠠᠬᠤ ᠲᠦᠷᠦᠯ ᠵᠦᠢᠯ ᠢ ᠰᠤᠳᠤᠯᠬᠤ ᠠᠵᠢᠯ ᠢ ᠦᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠲᠤᠷᠰᠢᠯᠲᠠ ᠶᠢᠨ ᠠᠵᠢᠯ ᠢᠶᠠᠨ ᠦᠷᠨᠢᠭᠦᠯᠬᠦ ᠪᠣᠯᠤᠨ᠎ᠠ᠃      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠱᠠᠭᠠᠷᠳᠠᠭᠰᠠᠨ ᠨᠢ᠂ ᠲᠤᠷᠰᠢᠯᠲᠠ ᠶᠢᠨ ᠭᠠᠵᠠᠷ ᠣᠷᠣᠨ ᠨᠤᠭᠤᠳ ᠤᠢᠢᠷ᠎ᠠ ᠬᠠᠪᠢ ᠳᠠᠭᠠᠨ ᠪᠠᠭᠲᠠᠭᠠᠨ ᠰᠢᠩᠭᠡᠭᠡᠬᠦ ᠲᠤᠷᠰᠢᠯᠲᠠ ᠬᠢᠭᠡᠳ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠬᠠᠷᠢᠴᠠᠭ᠎ᠠ ᠶᠢ ᠲᠣᠬᠢᠲᠠᠶ ᠰᠠᠶᠢᠨ ᠰᠢᠢᠳᠪᠦᠷᠢᠯᠡᠨ᠂ ᠣᠷᠭᠠᠨᠢᠭ ᠢᠶᠠᠷ ᠤᠶᠠᠯᠳᠤᠭᠤᠯᠵᠤ᠂ ᠬᠠᠷᠢᠯᠴᠠᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号