ᠥᠪᠥᠷ ᠮᠣᠩᠭᠤᠯ ᠰᠤᠷᠭᠠᠨ ᠬᠥᠮᠦᠵᠢᠯ ᠢᠶᠠᠷ ᠶᠠᠳᠠᠭᠤ ᠶᠢ ᠨᠠᠷᠢᠯᠢᠭ ᠣᠨᠣᠪᠴᠢᠲᠠᠶ ᠲᠡᠳᠬᠦᠬᠦ ᠶᠢ ᠲᠦᠯᠬᠢᠨ ᠠᠬᠢᠭᠤᠯᠵᠤ  2015 ᠣᠨ ᠳᠤ 60 ᠳ᠋ᠦᠩᠰᠢᠭᠤᠷ ᠰᠢᠬᠠᠮ ᠲᠥᠭᠦᠷᠢᠭ ᠢᠶᠠᠷ ᠰᠤᠷᠤᠭᠴᠢᠳ ᠢ ᠳᠡᠳᠬᠦᠨ ᠲᠤᠰᠠᠯᠠᠪᠠ
ᠨᠡᠶᠢᠲᠡᠯᠡᠭᠰᠡᠨ ᠴᠠᠭ᠄
2016/4/12
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠯᠡᠬᠢ ᠰᠤᠷᠤᠭᠴᠢᠳ ᠢ ᠲᠤᠰᠠᠯᠠᠨ ᠲᠡᠳᠬᠦᠬᠦ ᠲᠦᠷᠦ ᠶᠢᠨ ᠪᠤᠲᠤᠯᠭ᠎ᠠ ᠶᠢᠨ ᠨᠡᠯᠢᠶᠡᠳ ᠲᠡᠭᠦᠯᠳᠡᠷᠵᠢᠭᠰᠡᠨ ᠰᠢᠰᠲ᠋ᠧᠮᠵᠢ ᠶᠢ ᠪᠠᠶᠢᠭᠤᠯᠵᠤ᠂ 2015 ᠣᠨ ᠳᠤ 57.16 ᠳ᠋ᠦᠩᠰᠢᠭᠤᠷ ᠲᠥᠭᠦᠷᠢᠭ ᠢᠶᠠᠷ ᠰᠤᠷᠤᠭᠴᠢᠳ ᠢ ᠲᠡᠳᠬᠦᠨ ᠲᠤᠰᠠᠯᠠᠵᠤ᠂ ᠮᠣᠩᠭᠤᠯ ᠬᠢᠲᠠᠳ ᠬᠤᠶᠠᠷ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠤᠭᠴᠢ ᠪᠣᠯᠤᠨ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠵᠡᠷᠭᠡ ᠬᠥᠮᠥᠰ ᠢ ᠳᠡᠮᠵᠢᠬᠦ ᠡᠷᠴᠢᠮ ᠢᠶᠠᠨ ᠭᠤᠣᠯᠳᠠᠯᠭ᠎ᠠ ᠲᠠᠢ ᠨᠡᠮᠡᠭᠳᠡᠭᠦᠯᠵᠦ᠂ ᠵᠥᠷᠢᠶᠡᠲᠦ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢ ᠪᠣᠯᠤᠨ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠢ ᠰᠠᠨᠠᠭ᠎ᠠ ᠠᠮᠤᠷ ᠰᠤᠷᠭᠠᠭᠤᠯᠢ ᠳᠤ ᠰᠠᠭᠤᠬᠤ ᠶᠢ ᠪᠠᠲᠤᠯᠠᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠨᠠᠷᠢᠯᠢᠭ ᠣᠨᠣᠪᠴᠢᠲᠠᠶ ᠲᠡᠳᠬᠦᠬᠦ ᠶᠢ ᠶᠡᠬᠡᠪᠡᠷ ᠲᠦᠯᠬᠢᠨ ᠠᠬᠢᠭᠤᠯᠪᠠ᠃      ᠣᠶᠢᠯᠠᠭᠠᠭᠰᠠᠨ ᠢᠶᠠᠷ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠬᠤ ︾ ᠬᠡᠯᠪᠡᠷᠢ ᠪᠠᠷ ᠳᠠᠮᠵᠢᠭᠤᠯᠤᠨ ᠣᠷᠣᠨ ᠨᠤᠲᠤᠭ ᠤᠨ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠳᠡᠳᠬᠦᠨ ᠲᠤᠰᠠᠯᠠᠬᠤ ᠲᠦᠷᠢᠮ ᠪᠠᠶᠢᠭᠤᠯᠬᠤ ᠶᠢ ᠱᠠᠩᠨᠠᠨ ᠨᠥᠬᠦᠪᠦᠷᠢᠯᠡᠵᠦ᠂ 2015 ᠣᠨ ᠳᠤ ᠪᠦᠬᠦ ᠣᠷᠣᠨ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠦᠬᠡᠳ ᠢ ᠲᠤᠰᠠᠯᠠᠬᠤ1.86 ᠳ᠋ᠦᠩᠰᠢᠭᠤᠷ ᠲᠥᠬᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ 9.14 ᠲᠦᠮᠡᠨ ᠬᠡᠦᠭᠡᠳ ᠤᠳ ᠠᠰᠢᠭ ᠬᠦᠷᠲᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ᠂ ᠥᠪᠡᠷᠲᠡᠭᠡᠨ ᠵᠠᠰᠠᠬᠤ ᠣᠷᠣᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 2015 ᠣᠨ ᠳᠤ ᠪᠦᠬᠦ ᠣᠷᠣᠨ 9.71 ᠳ᠋ᠦᠩᠰᠢᠭᠤᠷ ᠲᠥᠭᠦᠷᠢᠭ ᠤᠨ ᠳᠡᠳᠬᠦᠨ ᠲᠤᠰᠠᠯᠠᠬᠤ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠱᠠᠲᠤᠨ ᠳᠤ᠂ ᠥᠪᠥᠷ ᠮᠣᠩᠭᠤᠯ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠭᠴᠢᠳ ᠲᠤ ᠰᠤᠷᠤᠯᠭ᠎ᠠ ᠶᠢᠨ ᠰᠦᠢᠳᠬᠡᠯ ᠢ ᠨᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ  ᠬᠠᠩᠭᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠮᠣᠩᠭᠤᠯ ᠬᠢᠲᠠᠳ ᠬᠤᠶᠠᠷ ᠬᠡᠯᠡ ᠪᠠᠷ ᠬᠢᠴᠢᠶᠡᠯᠯᠡᠵᠦ ᠪᠠᠶᠢᠭ᠎ᠠ ᠪᠠᠶᠢᠷᠢ ᠳᠤ ᠰᠠᠭᠤᠬᠤ ᠰᠤᠷᠤᠭᠴᠢᠳ ᠲᠤ ᠠᠮᠢᠳᠤᠷᠠᠯ ᠤᠨ ᠨᠥᠬᠦᠪᠦᠷᠢ ᠥᠭᠴᠦ᠂ ᠳᠤᠮᠳᠠ ᠵᠡᠷᠭᠡ ᠶᠢᠨ ᠪᠠᠶᠢᠷᠢ ᠳᠤ ᠰᠠᠭᠤᠬᠤ ᠰᠤᠷᠤᠭᠴᠢᠳ ᠲᠤ ᠠᠮᠢᠳᠤᠷᠠᠯ ᠤᠨ ᠵᠠᠷᠤᠳᠠᠯ ᠢ ᠨᠢ ᠨᠥᠬᠦᠪᠦᠷᠢᠯᠡᠨ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠪᠠᠶᠢᠷᠢ ᠳᠤ ᠰᠠᠭᠤᠬᠤ ᠰᠤᠷᠤᠭᠴᠢᠳ ᠲᠤ ᠬᠤᠨᠤᠭ ᠤᠨ ᠵᠠᠷᠤᠳᠠᠯ ᠢ ᠨᠢ ᠨᠥᠬᠦᠪᠦᠷᠢᠯᠡᠵᠦ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠶᠢᠨ ᠨᠢᠭᠡ ᠬᠤᠶᠠᠳᠤᠭᠠᠷ ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠲᠠᠢ ᠰᠤᠷᠤᠭᠴᠢ ᠪᠣᠯᠤᠨ ᠬᠤᠰᠢᠭᠤ ᠰᠢᠶᠠᠨ ᠪᠠᠯᠭᠠᠰᠤ ᠶᠢᠨ ᠮᠠᠯᠵᠢᠬᠤ ᠲᠠᠷᠢᠶᠠᠯᠠᠬᠤ ᠪᠤᠰᠤ ᠡᠷᠦᠬᠡ ᠠᠮᠠ ᠲᠠᠢ ᠰᠤᠷᠤᠭᠴᠢᠳ ᠵᠢᠴᠢ ᠬᠤᠲᠠ ᠶᠢᠨ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠲᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ 2015 ᠣᠨ ᠳᠤ ᠪᠦᠬᠦ ᠣᠷᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠭᠴᠢᠳ ᠢ 23.3 ᠳ᠋ᠦᠩᠰᠢᠭᠤᠷ ᠲᠥᠭᠦᠷᠢᠭ ᠢᠶᠠᠷ ᠳᠡᠳᠬᠦᠨ ᠲᠤᠰᠠᠯᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号