ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠤᠭᠤᠰᠤᠨ ᠤ ᠪᠣᠷᠣ ᠡᠳ᠋ ᠤᠨ ᠦᠷᠪᠢᠰᠦᠯ ᠤᠨ ᠸᠠᠺᠼᠢᠨ ᠲᠠᠷᠢᠭᠰᠠᠨ ᠦᠭᠡᠢ ᠬᠦᠮᠦᠰ ᠢ ᠪᠠᠶᠢᠴᠠᠭᠠᠵᠤ ᠡᠭᠡᠯᠢᠯᠡᠭᠡ ᠨᠦᠬᠦᠨ ᠲᠠᠷᠢᠬᠤ ᠠᠵᠢᠯᠯᠠᠭ᠎ᠠ ᠶᠢ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2016/4/12
     6 ᠡᠳᠦᠷ ᠤᠨ ᠬᠤᠭᠤᠴᠠᠭ᠎ᠠ ᠲᠠᠢ ᠪᠦᠬᠦ ᠣᠷᠣᠨ ᠤ ᠨᠤᠭᠤᠰᠤᠨ ᠤ ᠪᠣᠷᠣ ᠡᠳ᠋ ᠤᠨ ᠦᠷᠪᠢᠰᠦᠯ ᠤᠨ ᠸᠠᠺᠼᠢᠨ ᠲᠠᠷᠢᠭᠰᠠᠨ ᠦᠭᠡᠢ ᠬᠦᠮᠦᠰ ᠢ ᠪᠠᠶᠢᠴᠠᠭᠠᠵᠤ ᠡᠭᠡᠯᠢᠯᠡᠭᠡ ᠨᠦᠬᠦᠨ ᠲᠠᠷᠢᠬᠤ ᠠᠵᠢᠯᠯᠠᠭ᠎ᠠ 4 ᠳ᠋ᠦ᠋ᠭᠡᠷ ᠰᠠᠷ᠎ᠠ ᠶᠢᠨ 10᠎ ᠤ ᠡᠳᠦᠷ ᠳᠠᠭᠤᠰᠴᠤ᠂ ᠳᠠᠷᠠᠭ᠎ᠠ ᠨᠢᠭᠡ ᠡᠭᠡᠯᠵᠢ ᠶᠢᠨ ᠡᠭᠡᠯᠢᠯᠡᠭᠡ ᠨᠦᠬᠦᠨ ᠲᠠᠷᠢᠬᠤ ᠠᠵᠢᠯᠯᠠᠭ᠎ᠠ 5 ᠳ᠋ᠤᠭᠠᠷ ᠰᠠᠷ᠎ᠠ ᠶᠢᠨ 5᠎ ᠤ ᠡᠳᠦᠷ ᠠᠴᠠ10᠎ ᠤ ᠡᠳᠦᠷ ᠬᠦᠷᠲᠡᠯ᠎ᠡ ᠶᠠᠪᠤᠭᠳᠠᠨ᠎ᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠲᠠᠷᠢᠭᠰᠠᠨ ᠦᠭᠡᠢ ᠬᠦᠮᠦᠰ ᠢ ᠪᠠᠶᠢᠴᠠᠭᠠᠵᠤ ᠡᠭᠡᠯᠢᠯᠡᠭᠡ ᠨᠦᠬᠦᠨ ᠲᠠᠷᠢᠬᠤ ᠠᠵᠢᠯᠯᠠᠭ᠎ᠠ ᠶᠢ ᠰᠠᠶᠢᠲᠤᠷ ᠦᠷᠨᠢᠭᠦᠯᠬᠦ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠣᠷᠴᠢᠮᠬᠠᠨ ︽2016 ᠣᠨ ᠤ ᠨᠤᠭᠤᠰᠤᠨ ᠤ ᠪᠣᠷᠣ ᠡᠳ᠋ ᠤᠨ ᠦᠷᠪᠢᠰᠦᠯ ᠤᠨ ᠸᠠᠺᠼᠢᠨ ᠲᠠᠷᠢᠭᠰᠠᠨ ᠦᠭᠡᠢ ᠬᠦᠮᠦᠰ ᠢ ᠪᠠᠶᠢᠴᠠᠭᠠᠵᠤ ᠡᠭᠡᠯᠢᠯᠡᠭᠡ ᠨᠦᠬᠦᠨ ᠲᠠᠷᠢᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠪᠠᠭᠤᠯᠭᠠᠪᠠ᠃ ᠲᠥᠰᠦᠯ ᠳᠤ ᠲᠤᠳᠤᠷᠬᠠᠶᠢᠯᠠᠭᠰᠠᠨ ᠎ ᠨᠢ᠂ ᠲᠤᠰ ᠤᠳᠠᠭᠠᠨ ᠤ ᠲᠠᠷᠢᠭᠰᠠᠨ ᠦᠭᠡᠢ ᠬᠦᠮᠦᠰ ᠢ ᠪᠠᠶᠢᠴᠠᠭᠠᠵᠤ ᠡᠭᠡᠯᠢᠯᠡᠭᠡ ᠨᠦᠬᠦᠨ ᠲᠠᠷᠢᠬᠤ ᠠᠵᠢᠯᠯᠠᠭ᠎ᠠ ᠶᠢᠨ ᠬᠠᠷᠠᠯᠲᠠ ᠪᠤᠯ 2 ᠰᠠᠷ᠎ᠠ ᠠᠴᠠ 6 ᠨᠠᠰᠤᠨ ᠤ ᠬᠡᠦᠬᠡᠳ ᠤᠳ ᠪᠤᠯᠤᠨ᠎ᠠ᠃ ᠪᠠᠶᠢᠳᠠᠯ ᠢ ᠤᠶᠢᠯᠠᠭᠠᠨ ᠵᠥᠪᠰᠢᠶᠡᠷᠡᠭᠰᠡᠨ ᠤᠷᠢᠲᠠᠯ ᠳᠣᠣᠷ᠎ᠠ᠂ ᠨᠤᠭᠤᠰᠤᠨ ᠤ ᠪᠣᠷᠣ ᠡᠳ᠋ ᠤᠨ ᠦᠷᠪᠢᠰᠦᠯ ᠤᠨ ᠸᠠᠺᠼᠢᠨ ᠡᠭᠡᠯᠢᠯᠡᠭᠡ ᠶᠢ 3 ᠤᠳᠠᠭ᠎ᠠ ᠲᠠᠷᠢᠭᠰᠠᠨ ᠦᠭᠡᠢ ᠪᠤᠶᠤ ᠲᠠᠷᠢᠯᠭ᠎ᠠ ᠨᠢ ᠲᠣᠳᠣᠷᠬᠠᠶ ᠦᠭᠡᠢ ᠬᠡᠤᠭᠡᠳ ᠤᠳ ᠤᠨ ᠰᠠᠭᠤᠭ᠎ᠠ ᠭᠠᠵᠠᠷ ᠪᠣᠯᠤᠨ ᠲᠥᠷᠥᠭᠰᠡᠨ ᠭᠠᠵᠠᠷ ᠢ ᠢᠯᠭᠠᠬᠤ ᠦᠭᠡᠢ᠂ ᠴᠥᠮ ᠬᠤᠶᠠᠷ ᠤᠳᠠᠭ᠎ᠠ ᠨᠤᠭᠤᠰᠤᠨ ᠤ ᠪᠣᠷᠣ ᠡᠳ᠋ ᠤᠨ ᠦᠷᠪᠢᠰᠦᠯ ᠤᠨ ᠸᠠᠺᠼᠢᠨ ᠲᠠᠷᠢᠵᠤ᠂ ᠬᠤᠶᠠᠷ ᠤᠳᠠᠭ᠎ᠠ ᠶᠢᠨ ᠬᠤᠭᠤᠷᠤᠨᠳᠤᠬᠢ ᠵᠠᠶ ᠨᠢ ᠨᠢᠭᠡ ᠰᠠᠷ᠎ᠠ ᠪᠣᠯᠤᠨ᠎ᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠡᠭᠡᠯᠢᠯᠡᠭᠡ ᠨᠦᠬᠦᠨ ᠲᠠᠷᠢᠬᠤ ᠸᠠᠺᠼᠢᠨ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠤᠬᠢᠷᠠᠭᠤᠯᠵᠤ᠂ ᠠᠵᠢᠯ ᠤᠨ ᠵᠠᠷᠤᠳᠠᠯ ᠢ ᠲᠤᠬᠠᠶ ᠶᠢᠨ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠷᠢᠭᠤᠴᠠᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠣᠬᠢᠬᠤ ᠬᠡᠮᠵᠢᠶᠡᠨ ᠤ ᠨᠦᠬᠦᠪᠦᠷᠢ ᠥᠭᠭᠦᠨ᠎ᠡ᠂ ᠲᠠᠷᠢᠯᠭ᠎ᠠ ᠶᠢᠨ ᠨᠥᠬᠦᠪᠥᠷᠢ ᠵᠠᠷᠤᠳᠠᠯ ᠢ ᠲᠤᠬᠠᠶ ᠶᠢᠨ ᠭᠠᠵᠠᠷ ᠤᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠳᠤ ᠤᠷᠤᠭᠤᠯᠵᠤ᠂ ᠬᠡᠦᠬᠡᠳ ᠤᠨ ᠭᠡᠷ ᠤᠨ ᠠᠬᠠᠮᠠᠳ ᠪᠤᠶᠤ ᠬᠠᠷᠠᠭᠠᠯᠵᠠᠨ ᠬᠠᠮᠠᠭᠠᠯᠠᠭᠴᠢ ᠠᠴᠠ ᠶᠠᠮᠠᠷ ᠴᠤ ᠰᠦᠢᠳᠬᠡᠯ ᠬᠤᠷᠢᠶᠠᠬᠤ ᠤᠢᠭᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠬᠢᠨ ᠲᠤᠰ ᠭᠠᠵᠠᠷ ᠣᠷᠣᠨ ᠤ ᠬᠡᠷᠡᠭᠵᠢᠭᠦᠯᠬᠦ ᠲᠦᠰᠦᠯ ᠢ ᠨᠠᠷᠢᠨ ᠬᠢᠨᠠᠮᠠᠭᠠᠢ ᠲᠣᠭᠲᠠᠭᠠᠵᠤ᠂ ᠠᠭᠤᠯᠭ᠎ᠠ ᠳᠤ᠄ ᠲᠠᠷᠢᠯᠭ᠎ᠠ ᠲᠠᠷᠢᠬᠤ ᠬᠡᠷᠡᠭᠲᠡᠢ ᠬᠡᠦᠬᠡᠳ ᠤᠨ ᠲᠤᠭ᠎ᠠ ᠪᠠᠶᠢᠳᠠᠯ ᠢ ᠤᠶᠢᠯᠭᠠᠵᠤ᠂ ᠸᠠᠺᠼᠢᠨ᠂ ᠬᠥᠢᠳᠡᠨ ᠢᠶᠠᠷ ᠬᠠᠳᠠᠭᠠᠯᠠᠬᠤ ᠬᠡᠯᠬᠢᠶ᠎ᠡ ᠵᠡᠷᠭᠡ ᠲᠥᠬᠦᠭᠡᠷᠦᠮᠵᠢ ᠶᠢᠨ ᠬᠡᠷᠡᠭᠰᠡᠬᠦ ᠲᠤᠭ᠎ᠠ ᠬᠡᠮᠵᠢᠶ᠎ᠡ ᠂ ᠠᠵᠢᠯᠯᠠᠭ᠎ᠠ ᠶᠢᠨ ᠴᠠᠭ᠂ ᠲᠠᠷᠢᠬᠤ ᠴᠠᠭ ᠪᠠ ᠬᠦᠮᠦᠨ ᠤ ᠲᠤᠭ᠎ᠠ ᠵᠡᠷᠭᠡ ᠪᠠᠭᠲᠠᠨ᠎ᠠ᠃ ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠬᠠᠷᠢᠶ᠎ᠠ ᠣᠷᠣᠨ ᠤ ᠪᠠᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠳᠤ ᠵᠢᠷᠤᠮᠵᠢᠭᠰᠠᠨ ᠬᠠᠮᠢᠶᠠᠷᠤᠯᠲᠠ ᠵᠢᠯᠤᠭᠤᠳᠤᠯᠭ᠎ᠠ ᠶᠢ ᠶᠠᠪᠤᠭᠤᠯᠵᠤ᠂ ᠬᠤᠳᠠ ᠬᠥᠳᠡᠭᠡ ᠶᠢᠨ ᠠᠭᠤᠯᠵᠠᠷ ᠬᠡᠰᠡᠭ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠨᠡᠭᠦᠳᠡᠯ ᠬᠥᠮᠦᠨ ᠠᠮᠠ ᠲᠥᠪᠯᠡᠷᠡᠨ ᠰᠠᠭᠤᠭ᠎ᠠ ᠭᠠᠵᠠᠷ ᠤᠳ ᠢ ᠭᠤᠤᠯᠳᠠᠯᠭ᠎ᠠ ᠪᠤᠯᠭᠠᠨ ᠸᠠᠺᠼᠢᠨ ᠨᠦᠬᠦᠬᠦ ᠠᠵᠢᠯ ᠢ ᠥᠷᠨᠢᠭᠦᠯᠵᠦ᠂ ᠨᠡᠭᠦᠳᠡᠯ ᠬᠡᠦᠬᠡᠳ ᠲᠤ ᠸᠠᠺᠼᠢᠨ ᠤᠤᠭᠤᠯᠭᠠᠬᠤ ᠠᠵᠢᠯ ᠢ ᠦᠨᠡᠨ ᠬᠦ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号