ᠪᠡᠭᠡᠵᠢᠩ ᠤᠨ 47 ᠡᠮᠨᠡᠯᠭᠡ ᠬᠤᠷᠢᠶ᠎ᠠ ᠠᠴᠠ ᠥᠪᠥᠷ ᠮᠣᠩᠭᠤᠯ ᠤᠨ 78 ᠡᠮᠨᠡᠯᠭᠡ ᠶᠢᠨ ᠬᠤᠷᠢᠶ᠎ᠠ ᠶᠢ ᠠᠵᠢᠯ ᠲᠦᠷᠦᠯ ᠤᠨ ᠰᠢᠰᠲ᠋ᠧᠮ ᠢᠶᠠᠷ ᠳᠡᠮᠵᠢᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/4/13
      ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠪᠣᠯᠤᠨ ᠥᠪᠥᠷ ᠮᠣᠩᠭᠤᠯ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ 11᠎ ᠤ ᠡᠳᠦᠷ ᠵᠦᠪᠯᠡᠯᠴᠡᠭᠡᠷ ᠲᠤ ᠵᠢᠩᠬᠢᠨᠢ ᠪᠠᠷ ᠭᠠᠷ ᠤᠨ ᠦᠰᠦᠭ ᠵᠢᠷᠤᠵᠤ᠂ ᠬᠤᠶᠢᠰᠢᠳᠠ ᠶᠢᠨ 5 ᠵᠢᠯ ᠳᠤ ᠪᠡᠭᠡᠵᠢᠩ ᠬᠤᠲᠠ ᠶᠢᠨ ᠭᠤᠷᠪᠠᠨ ᠱᠠᠲᠤᠨ ᠤ 47 ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ 78 ᠡᠮᠨᠡᠯᠭᠡ ᠶᠢᠨ ᠬᠤᠷᠢᠶ᠎ᠠ ᠶᠢ ᠠᠵᠢᠯ ᠲᠦᠷᠦᠯ ᠤᠨ ᠰᠢᠰᠲ᠋ᠧᠮ ᠢᠶᠠᠷ ᠳᠡᠮᠵᠢᠬᠦ ᠪᠠᠷ ᠲᠤᠭᠲᠠᠪᠠ᠂ ᠡᠭᠦᠨ ᠳᠤ ᠥᠪᠥᠷ ᠮᠣᠩᠭᠤᠯ ᠤᠨ ᠤᠯᠤᠰ ᠤᠨ ᠶᠠᠳᠠᠭᠤ ᠬᠦᠴᠢᠷᠳᠡᠯᠲᠠᠢ ᠬᠤᠰᠢᠭᠤ ︵ᠰᠢᠶᠠᠨ︶᠎ ᠶᠢᠨ 31 ᠡᠮᠨᠡᠯᠭᠡ ᠶᠢᠨ ᠬᠤᠷᠢᠶ᠎ᠠ ᠪᠠᠭᠲᠠᠨ᠎ᠠ᠃ ᠡᠭᠦᠨ ᠤ ᠲᠤᠯᠠ᠂ ᠪᠡᠭᠡᠵᠢᠩ ᠬᠤᠳᠠ ᠶᠢᠨ ᠡᠯ᠎ᠡ ᠲᠤᠰᠠᠯᠠᠬᠤ ᠡᠮᠨᠡᠯᠭᠡ ᠶᠢᠨ ᠬᠤᠷᠢᠶ᠎ᠠ ᠠᠴᠠ ᠳᠡᠳ᠋ ᠳᠡᠭᠡᠲᠦ ᠵᠡᠷᠭᠡ ᠶᠢᠨ ᠮᠡᠷᠭᠡᠵᠢᠯ ᠤᠨ ᠴᠣᠯᠠ ᠲᠠᠢ ᠡᠮᠨᠡᠯᠭᠡ ᠶᠢᠨ ᠠᠵᠢᠯᠲᠠᠨ ᠢ ᠲᠤᠰᠠᠯᠠᠮᠵᠢ ᠬᠦᠷᠳᠡᠬᠦ ᠡᠮᠨᠡᠯᠭᠡ ᠶᠢᠨ ᠬᠤᠷᠢᠶ᠎ᠠ ᠳᠤ ᠵᠢᠯ ᠪᠦᠷᠢ ᠬᠤᠶᠠᠷ ᠤᠳᠠᠭ᠎ᠠ ᠲᠣᠮᠢᠯᠠᠨ ᠡᠮᠴᠢᠯᠡᠭᠡᠨ ᠤ ᠣᠨᠣᠰᠢᠯᠠᠨ ᠡᠮᠨᠡᠬᠦ᠂ ᠵᠢᠭᠠᠨ ᠰᠤᠷᠭᠠᠬᠤ ᠪᠤᠯᠪᠠᠰᠤᠷᠠᠭᠤᠯᠤᠯ ᠬᠢᠬᠦ᠂ ᠭᠤᠣᠯᠳᠠᠯᠭ᠎ᠠ ᠲᠠᠢ ᠰᠢᠨᠵᠢᠯᠡᠭᠡᠨ ᠢ ᠪᠠᠶᠢᠴᠠᠭᠠᠬᠤ᠂ ᠰᠢᠨ᠎ᠡ ᠮᠡᠷᠭᠡᠵᠢᠯ ᠢ ᠥᠷᠭᠡᠳᠬᠡᠬᠦ ᠵᠡᠷᠭᠡ ᠠᠵᠢᠯ ᠤᠳ ᠢ ᠦᠷᠨᠢᠬᠦᠯᠬᠦ ᠪᠤᠯᠤᠨ᠎ᠠ᠃ ᠲᠤᠰᠠᠯᠠᠮᠵᠢ ᠬᠦᠷᠲᠡᠬᠦ ᠡᠮᠨᠡᠯᠭᠡ ᠶᠢᠨ ᠬᠤᠷᠢᠶ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠪᠡᠭᠡᠵᠢᠩ ᠬᠤᠲᠠ ᠠᠴᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠮᠡᠷᠭᠡᠵᠢᠯᠲᠡᠨ ᠲᠤᠮᠢᠯᠠᠨ ᠲᠤᠰᠠᠯᠠᠮᠵᠢ ᠬᠦᠷᠲᠡᠬᠦ ᠡᠮᠨᠡᠯᠭᠡ ᠶᠢᠨ ᠬᠤᠷᠢᠶ᠎ᠠ ᠳᠤ ᠲᠤᠰᠬᠠᠶ ᠰᠡᠳᠤᠪᠲᠦ ᠢᠯᠡᠳᠭᠡᠯ᠂ ᠪᠠᠶᠢᠴᠠᠭᠠᠯᠲᠠ ᠶᠢ ᠵᠢᠭᠠᠨ ᠰᠤᠷᠭᠠᠯᠲᠠ᠂ ᠮᠡᠰᠡ ᠵᠠᠰᠠᠯ ᠢ ᠲᠤᠷᠰᠢᠨ ᠵᠢᠭᠠᠬᠤ᠂ ᠬᠦᠨᠳᠦ ᠲᠦᠭᠰᠢᠭᠦᠷᠢᠲᠡᠶ ᠡᠪᠡᠳᠴᠢᠲᠡᠨ ᠢ ᠪᠠᠴᠢᠮ ᠠᠪᠦᠷᠡᠬᠤ ᠵᠡᠷᠭᠡ ᠠᠵᠢᠯᠯᠠᠭ᠎ᠠ ᠶᠢ ᠡᠷᠬᠢᠯᠡᠬᠦ ᠪᠤᠯᠤᠨ᠎ᠠ᠃ ᠡᠭᠦᠨ ᠠᠴᠠ ᠭᠠᠳᠠᠨ᠎ᠠ᠂ ᠪᠡᠭᠡᠵᠢᠩ ᠠᠴᠠ ᠪᠠᠰᠠ ᠲᠤᠰᠠᠯᠠᠮᠵᠢ ᠬᠦᠷᠲᠡᠬᠦ ᠡᠮᠨᠡᠯᠭᠡ ᠶᠢᠨ ᠬᠤᠷᠢᠶ᠎ᠠ ᠶᠢᠨ ᠲᠤᠬᠠᠶᠢᠯᠠᠭᠰᠠᠨ ᠠᠵᠢᠯᠲᠠᠨ ᠤ ᠠᠵᠢᠯ ᠲᠦᠷᠦᠯ ᠤᠨ ᠰᠢᠰᠲ᠋ᠧᠮ ᠢᠶᠠᠷ ᠡᠮᠨᠡᠯᠭᠡ ᠳᠤ ᠰᠠᠭᠤᠬᠤ ᠭᠠᠵᠠᠷ ᠤᠨ ᠡᠮᠴᠢ᠂ ᠭᠤᠣᠯᠯᠠᠭᠴᠢ ᠡᠮᠴᠢ᠂ ᠲᠤᠰᠬᠠᠶ ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠶᠢᠨ ᠪᠣᠯᠪᠠᠰᠤᠷᠠᠭᠤᠯᠤᠯ ᠪᠤᠶᠤ ᠳᠠᠪᠲᠠᠨ ᠪᠤᠯᠪᠠᠰᠤᠷᠠᠭᠤᠯᠤᠯ ᠢ ᠰᠦᠢᠳᠬᠡᠯ ᠬᠤᠷᠢᠶᠠᠬᠤ ᠦᠭᠡᠢ ᠪᠠᠷ ᠬᠢᠬᠦ ᠪᠤᠯᠤᠨ᠎ᠠ᠃ ᠡᠭᠦᠨ ᠤ ᠲᠤᠬᠠᠢ ᠲᠤᠰᠬᠠᠶ ᠮᠡᠷᠭᠡᠵᠢᠯᠲᠡᠨ ᠤ ᠦᠵᠡᠬᠦ ᠪᠠᠷ᠄ ᠥᠪᠥᠷ ᠮᠣᠩᠭᠤᠯ ᠤᠨ ᠶᠠᠳᠠᠭᠤ ᠬᠦᠴᠢᠷᠳᠡᠯᠲᠡᠶ ᠬᠤᠰᠢᠭᠤ ︵ᠰᠢᠶᠠᠨ︶᠎ ᠶᠢᠨ ᠡᠮᠨᠡᠯᠭᠡ ᠶᠢᠨ ᠬᠤᠷᠢᠶ᠎ᠠ ᠶᠢ ᠪᠡᠭᠡᠵᠢᠩ ᠬᠤᠳᠠ ᠶᠢᠨ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠠᠵᠢᠯ ᠳᠦᠷᠦᠯ ᠤᠨ ᠰᠢᠰᠲ᠋ᠧᠮ ᠢᠶᠠᠷ ᠳᠡᠮᠵᠢᠬᠦ ᠨᠢ᠂ ᠡᠳᠡᠭᠡᠷ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠡᠷᠡᠭᠦᠯ ᠮᠡᠨᠳᠦ ᠶᠢᠨ ᠬᠢᠷᠢ  ᠲᠦᠪᠰᠢᠨ ᠢ ᠳᠡᠭᠡᠭᠰᠢᠯᠡᠬᠦᠯᠵᠤ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠳᠤ ᠲᠤᠰᠠᠯᠠᠮᠵᠢ ᠦᠵᠡᠭᠦᠯᠦᠨ᠎ᠡ ᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号