ᠥᠪᠥᠷ ᠮᠣᠩᠭᠤᠯ ︽12·5︾᠎ ᠶᠢᠨ ᠬᠤᠭᠤᠴᠠᠭᠠᠨ ᠳᠤ ᠲᠥᠪ ᠤᠨ ᠰᠢᠯᠵᠢᠭᠦᠯᠦᠨ ᠥᠭᠬᠦ ᠪᠡᠯᠡ ᠮᠥᠩᠭᠦ ᠶᠢ 8472.4 ᠳ᠋ᠥᠡᠭᠰᠢᠭᠤᠷ ᠲᠥᠭᠦᠷᠢᠭ ᠣᠯᠪᠠ
ᠨᠡᠶᠢᠲᠡᠯᠡᠭᠰᠡᠨ ᠴᠠᠭ᠄
2016/4/13
     ︽12·5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠥᠪ ᠤᠨ ᠡᠯ᠎ᠡ ᠲᠦᠷᠤᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢ ᠨᠡᠶᠢᠲᠡ 8472.4 ᠳ᠋ᠥᠡᠭᠰᠢᠭᠤᠷ ᠲᠥᠭᠦᠷᠢᠭ ᠣᠯᠵᠤ᠂ ︽11·5︾᠎ ᠶᠢᠨ ᠬᠤᠭᠤᠴᠠᠭ᠎ᠠ ᠶᠢᠨ ᠬᠢ ᠠᠴᠠ 4806.5 ᠳ᠋ᠥᠡᠭᠰᠢᠭᠤᠷ ᠲᠥᠭᠦᠷᠢᠭ ᠨᠡᠮᠡᠭᠳᠡᠵᠦ᠂ ᠵᠢᠯ ᠪᠦᠷᠢ ᠳᠤᠮᠳᠠᠴᠢ ᠪᠠᠷ 14.3% ᠨᠡᠮᠡᠭᠳᠡᠭᠰᠡᠨ ᠪᠠᠶᠢᠨ᠎ᠠ᠃ ᠡᠭᠦᠨ ᠤ ᠳᠠᠭᠠᠤ ᠳᠤ᠂ 2015 ᠣᠨ ᠳᠤ᠂ ᠪᠥᠬᠦ ᠣᠷᠣᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠠᠩᠬ᠎ᠠ ᠤᠳᠠᠭ᠎ᠠ 4000 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ 4352 ᠳ᠋ᠥᠡᠭᠰᠢᠭᠤᠷ ᠲᠥᠭᠦᠷᠢᠭ ᠲᠤ ᠬᠦᠷᠴᠦ᠂ 13.9%᠎ ᠪᠠᠷ ᠨᠡᠮᠡᠭᠳᠡᠨ᠂ ᠵᠢᠱᠢᠭᠰᠡᠨ ᠬᠠᠷᠠᠯᠲᠠ ᠠᠴᠠ 7.9 ᠵᠠᠭᠤᠨ ᠤ ᠴᠡᠭ ᠥᠨᠳᠥᠷ ᠪᠣᠯᠵᠤ᠂ 2010 ᠣᠨ ᠤ ᠬᠢ ᠠᠴᠠ 2079 ᠳ᠋ᠦᠩᠰᠢᠭᠤᠷ ᠲᠥᠭᠦᠷᠢᠭ ᠨᠡᠮᠡᠭᠳᠡᠪᠡ᠃ ︽12·5︾᠎ ᠶᠢᠨ ᠬᠤᠭᠤᠴᠠᠭᠠᠨ ᠳᠤ᠂ ᠮᠠᠨ ᠤ ᠣᠷᠣᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠪᠠᠷ ᠲᠠᠮᠵᠢᠨ᠂ ︽ᠠᠯᠪᠠᠨ ᠤ ᠭᠤᠷᠪᠠᠨ ᠵᠠᠷᠤᠳᠠᠯ︾ ᠵᠡᠷᠭᠡ ᠡᠩ ᠤᠨ ᠴᠢᠨᠠᠷᠲᠠᠶ ᠵᠠᠷᠤᠯᠭ᠎ᠠ ᠶᠢ ᠶᠡᠬᠡᠪᠡᠷ ᠪᠠᠭᠠᠰᠬᠠᠵᠤ᠂ ᠡᠳ᠋ ᠤᠨ ᠵᠠᠰᠠᠭ ᠤᠨ ᠬᠠᠳᠠᠭᠠᠯᠠᠮᠵᠢ ᠶᠢᠨ ᠪᠡᠯᠡ ᠮᠥᠩᠭᠦ ᠶᠢ ᠢᠳᠡᠪᠬᠢᠲᠡᠶ ᠪᠠᠷ ᠠᠮᠢᠳᠤᠯᠢᠭᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠶᠡᠷᠦᠩᠬᠡᠶᠢᠯᠡᠭᠰᠡᠨ ᠠᠷᠭ᠎ᠠ ᠪᠤᠲᠣᠯᠭ᠎ᠠ ᠶᠢ ᠠᠪᠴᠤ ᠵᠠᠷᠤᠯᠭ᠎ᠠ ᠶᠢ ᠠᠳᠬᠤᠨ᠂ ᠡᠳ᠋ ᠤᠨ ᠵᠠᠰᠠᠭ ᠤᠨ ᠵᠠᠷᠤᠯᠭ᠎ᠠ ᠶᠢᠨ ᠬᠡᠪᠴᠢᠶ᠎ᠡ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠵᠤ᠂ ᠭᠤᠣᠯᠳᠠᠯᠭ᠎ᠠ ᠲᠠᠢ ᠵᠠᠷᠤᠯᠭ᠎ᠠ ᠪᠣᠯᠣᠨ ᠠᠷᠠᠳ ᠤᠨ ᠠᠮᠢᠳᠤᠷᠠᠯ ᠢ ᠪᠠᠲᠤᠯᠠᠵᠤ ᠴᠢᠳᠠᠭᠰᠠᠨ ᠪᠠᠶᠢᠨ᠎ᠠ᠃ ᠡᠭᠦᠨ ᠤ ᠬᠠᠮᠲᠤ᠂ 2015 ᠣᠨ ᠳᠤ᠂ ᠮᠠᠨ ᠤ ᠣᠷᠣᠨ ᠤ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠵᠢᠱᠢᠭᠰᠡᠨ ᠬᠠᠷᠠᠯᠲᠠ ᠳᠤ ᠬᠦᠷᠴᠦ᠂ ᠪᠦ᠋ᠬᠦ ᠣᠷᠣᠨ ᠤ ᠬᠡᠷᠡᠭᠯᠡᠵᠦ ᠪᠣᠯᠬᠤᠶᠢᠴᠠ ᠡᠳ᠋ ᠤᠨ ᠬᠦᠴᠦᠨ 3153.5 ᠳ᠋ᠥᠡᠭᠰᠢᠭᠤᠷ ᠲᠥᠭᠦᠷᠢᠭ ᠲᠤ ᠬᠦᠷᠴᠦ᠂ 2010 ᠣᠨ ᠤ ᠬᠢ ᠠᠴᠠ 1404.8 ᠳ᠋ᠥᠡᠭᠰᠢᠭᠤᠷ ᠲᠥᠭᠦᠷᠢᠭ ᠨᠡᠮᠡᠭᠳᠡᠵᠦ᠂ 80%᠎ ᠪᠠᠷ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号