ᠥᠪᠥᠷ ᠮᠣᠩᠭᠤᠯ ᠤᠨ ᠠᠮᠤ ᠪᠤᠳᠠᠭᠠᠨ ᠤ ᠰᠠᠩ ᠬᠥᠮᠥᠷᠭᠡ ᠶᠢᠨ ᠪᠠᠭᠲᠠᠭᠠᠮᠵᠢ 45%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2016/4/13
      ᠣᠶᠢᠷ᠎ᠠ ᠳᠤ ᠪᠡᠶᠡᠯᠡᠭᠦᠯᠦᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢᠨ ᠦᠨᠳᠦᠰᠦᠨ ᠪᠠᠶᠢᠳᠠᠯ ᠤᠨ ᠵᠠᠳᠠᠯᠤᠯᠲᠠ ᠶᠢᠨ ᠮᠡᠳᠡᠭᠦᠯᠦᠯᠲᠡ ᠠᠴᠠ ᠦᠵᠡᠪᠡᠯ᠂ ᠨᠢᠳᠤᠨᠤᠨ ᠵᠢᠯ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠵᠤ ᠠᠬᠤᠶᠢᠯᠠᠯ᠂ ᠠᠮᠤ ᠪᠤᠳᠠᠭᠠᠨ ᠤ ᠰᠠᠩ ᠬᠥᠮᠥᠷᠭᠡ ᠶᠢᠨ ᠪᠠᠭᠲᠠᠭᠠᠮᠵᠢ᠂ ᠠᠮᠤ ᠪᠤᠳᠠᠭ᠎ᠠ ᠨᠥᠭᠡᠴᠡᠯᠡᠬᠦ ᠲᠡᠷᠢᠭᠦᠨ ᠤ ᠮᠡᠷᠭᠡᠵᠢᠯ ᠤᠨ ᠬᠡᠷᠡᠭᠯᠡᠭᠡᠨ᠂ ᠲᠣᠰᠣᠨ ᠪᠤᠲᠤᠩ ᠤᠨ ᠲᠤᠭ᠎ᠠ ᠬᠡᠮᠵᠢᠶ᠎ᠡ ᠪᠠ ᠪᠠᠭᠲᠠᠭᠠᠮᠵᠢ ᠶᠢᠨ ᠬᠡᠮᠵᠢᠶ᠎ᠡ ᠨᠢ ᠪᠦᠷ ᠨᠡᠯᠢᠶᠡᠳ ᠨᠡᠮᠡᠭᠳᠡᠵᠦ᠂ ᠡᠭᠦᠨ ᠳᠤ᠂ ᠪᠦᠬᠦ ᠣᠷᠣᠨ ᠤ ᠲᠤᠭ᠎ᠠ ᠪᠦᠷᠢᠳᠬᠡᠯ ᠤᠨ ᠬᠡᠪᠴᠢᠶᠡᠨ ᠳᠤ ᠣᠷᠤᠭᠤᠯᠤᠭᠰᠠᠨ ᠠᠮᠤ ᠪᠤᠳᠠᠭᠠᠨ ᠤ ᠠᠵᠤ ᠠᠬᠤᠶᠢᠯᠠᠯ ᠤᠨ ᠲᠤᠭ᠎ᠠ ᠨᠢ ᠲᠦᠷᠦᠭᠦᠦ ᠵᠢᠯ ᠤᠨ ᠬᠢ ᠠᠴᠠ 14.5%᠎ ᠪᠠᠷ ᠨᠡᠮᠡᠭᠳᠡᠨ᠂ ᠠᠮᠤ ᠪᠤᠳᠠᠭᠠᠨ ᠤ ᠰᠠᠩ ᠬᠥᠮᠥᠷᠭᠡ ᠶᠢᠨ ᠪᠠᠭᠲᠠᠭᠠᠮᠵᠢ 45%᠎ ᠪᠠᠷ ᠨᠡᠮᠡᠭᠳᠡᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠠᠮᠤ ᠪᠤᠳᠠᠭᠠᠨ ᠤ ᠠᠵᠤ ᠠᠬᠤᠶᠢᠯᠠᠯ ᠪᠠ ᠠᠮᠤ ᠪᠤᠳᠠᠭᠠᠨ ᠤ ᠰᠠᠩ ᠬᠥᠮᠥᠷᠭᠡ ᠶᠢᠨ ᠪᠠᠭᠲᠠᠭᠠᠮᠵᠢ ᠶᠢᠨ ᠨᠡᠮᠡᠭᠳᠡᠭᠰᠡᠨ ᠭᠤᠣᠯ ᠰᠢᠯᠲᠠᠭᠠᠨ ᠪᠣᠯ᠄ ᠤᠤᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠬᠦᠮᠦᠷᠭᠡ ᠶᠢᠨ ᠣᠯᠠᠩᠬᠢ ᠨᠢ ᠳᠦᠭᠦᠷᠴᠦ᠂ ᠡᠭᠦᠨ ᠤ ᠳᠡᠭᠡᠷ᠎ᠡ ᠤᠯᠤᠰ ᠤᠨ ᠳᠥᠷ ᠴᠠᠭ ᠤᠨ ᠨᠥᠭᠡᠴᠡ ᠡᠷᠳᠡᠨᠢ ᠰᠢᠰᠢ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠦᠢᠯᠡᠳᠦᠯ ᠦᠵᠡᠭᠦᠯᠦᠭᠰᠡᠨ ᠪᠦᠭᠡᠳ᠂ ᠡᠷᠳᠡᠨᠢ ᠰᠢᠰᠢ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠠᠷᠠᠯᠵᠢᠶᠠᠴᠢᠨ ᠤ ᠠᠵᠤ ᠠᠬᠤᠶᠢᠯᠠᠯ ᠡᠷᠬᠢᠯᠡᠨ ᠬᠦᠮᠦᠷᠭᠡ ᠪᠠᠶᠢᠭᠤᠯᠬᠤ ᠢᠳᠡᠪᠬᠢᠵᠢᠯ ᠢ ᠬᠥᠭᠵᠢᠭᠡᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ 2015 ᠣᠨ ᠳᠤ ᠰᠢᠨ᠎ᠡ ᠪᠠᠷ ᠪᠠᠶᠢᠭᠤᠯᠤᠭᠰᠠᠨ᠂ ᠪᠣᠯᠣᠳ ᠬᠤᠭᠤᠯᠠᠶ ᠶᠢᠨ ᠬᠦᠮᠦᠷᠭᠡ᠂ ᠰᠠᠷᠠᠪᠴᠢᠲᠤ ᠬᠦᠮᠦᠷᠭᠡ ᠨᠡᠯᠢᠶᠡᠳ ᠣᠯᠠᠰᠢᠷᠠᠭᠰᠠᠨ ᠪᠥᠭᠡᠳ ᠲᠦᠬᠦᠮ ᠬᠡᠯᠪᠡᠷᠢ ᠶᠢᠨ ᠬᠥᠮᠥᠷᠭᠡ ᠶᠢᠨ ᠪᠠᠭᠲᠠᠭᠠᠮᠵᠢ ᠳᠤ ᠪᠣᠳᠤᠵᠤ ᠣᠷᠤᠭᠤᠯᠵᠠᠢ᠃ ᠠᠮᠤ ᠪᠤᠳᠠᠭ᠎ᠠ ᠨᠥᠭᠡᠴᠡᠯᠡᠬᠦ ᠮᠡᠷᠭᠡᠵᠢᠯ ᠤᠨ ᠬᠡᠷᠡᠭᠯᠡᠭᠡᠨ ᠤ ᠲᠠᠯ᠎ᠠ ᠪᠠᠷ᠂ ᠬᠡᠷᠡᠭᠯᠡᠭᠡᠨ ᠤ ᠣᠷᠴᠢᠯ ᠤᠷᠤᠰᠬᠠᠯᠲᠤ ᠤᠳᠦᠬᠤ ᠮᠡᠷᠭᠡᠵᠢᠯ ᠤᠨ ᠰᠠᠩ ᠬᠥᠮᠥᠷᠭᠡ ᠶᠢᠨ ᠪᠠᠭᠲᠠᠭᠠᠮᠵᠢ᠂ ᠠᠮᠤ ᠪᠤᠳᠠᠭᠠᠨ ᠤ ᠪᠠᠶᠢᠳᠠᠯ ᠢ ᠬᠡᠮᠵᠢᠨ ᠡᠵᠡᠮᠰᠢᠬᠦ ᠰᠢᠰᠲ᠋ᠧᠮᠲᠦ ᠰᠠᠩ ᠬᠥᠮᠥᠷᠭᠡ ᠶᠢᠨ ᠪᠠᠭᠲᠠᠭᠠᠮᠵᠢ᠂ ᠮᠧᠬᠠᠨᠢᠭ ᠢᠶᠠᠷ ᠰᠠᠯᠬᠢ ᠨᠡᠪᠲᠡᠷᠡᠭᠦᠯᠬᠦ ᠰᠠᠩ ᠬᠥᠮᠥᠷᠭᠡ ᠶᠢᠨ ᠪᠠᠭᠲᠠᠭᠠᠮᠵᠢ᠂ ᠠᠮᠤ ᠪᠤᠳᠠᠭ᠎ᠠ ᠶᠢ ᠬᠥᠷᠥᠭᠡᠬᠦ ᠮᠡᠷᠭᠡᠵᠢᠯ ᠤᠨ ᠰᠠᠩ ᠬᠥᠮᠥᠷᠭᠡ ᠶᠢᠨ ᠪᠠᠭᠲᠠᠭᠠᠮᠵᠢ᠂ ᠭᠡᠢ ᠲᠣᠬᠢᠷᠠᠭᠤᠯᠤᠯᠲᠠ ᠶᠢᠨ ᠠᠮᠤ ᠪᠤᠳᠠᠭ᠎ᠠ ᠨᠥᠭᠡᠴᠡᠯᠡᠬᠦ ᠮᠡᠷᠭᠡᠵᠢᠯ ᠤᠨ ᠰᠠᠩ ᠬᠥᠮᠥᠷᠭᠡ ᠶᠢᠨ ᠪᠠᠭᠲᠠᠭᠠᠮᠵᠢ ᠵᠡᠷᠭᠡ ᠶᠢ ᠬᠡᠷᠡᠭᠯᠡᠬᠦ ᠨᠢ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠭᠰᠡᠨ ᠪᠠᠶᠢᠨ᠎ᠠ᠃ ᠬᠡᠰᠡᠭ ᠠᠵᠤ ᠠᠬᠤᠶᠢᠯᠠᠯ ᠤᠳ ᠤᠯᠤᠰ ᠠᠴᠠ ᠲᠤᠰᠤ ᠥᠭᠡᠬᠦ ᠪᠣᠯᠪᠠᠰᠤᠷᠠᠭᠤᠯᠬᠤ ᠠᠵᠤ ᠠᠬᠤᠶᠢᠯᠠᠯ ᠳᠠᠬᠢ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠠᠳᠬᠤᠵᠤ᠂ ᠲᠤᠰᠤᠨ ᠪᠤᠲᠤᠩ ᠢᠶᠠᠨ ᠰᠢᠨ᠎ᠡ ᠪᠠᠷ ᠪᠠᠶᠢᠭᠤᠯᠤᠨ᠂ ᠪᠤᠲᠤᠩ ᠤᠨ ᠪᠠᠭᠲᠠᠭᠠᠮᠵᠢ ᠪᠠᠨ ᠨᠡᠮᠡᠭᠳᠡᠭᠦᠯᠦᠭᠰᠡᠨ ᠢᠶᠠᠷ ᠲᠤᠰᠤᠨ ᠪᠤᠲᠤᠩ ᠤᠨ ᠲᠤᠭ᠎ᠠ ᠨᠢ ᠳᠡᠭᠡᠷ᠎ᠡ ᠵᠢᠯ ᠤᠨ ᠬᠢ ᠠᠴᠠ 21%᠎ ᠪᠠᠷ ᠨᠡᠮᠡᠭᠳᠡᠨ᠂ ᠪᠤᠲᠤᠩ ᠤᠨ ᠪᠠᠭᠲᠠᠭᠠᠮᠵᠢ ᠨᠢ ᠳᠡᠭᠡᠷ᠎ᠡ ᠵᠢᠯ ᠤᠨ ᠬᠢ ᠠᠴᠠ 28%᠎ ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号