ᠥᠪᠥᠷ ᠮᠣᠩᠭᠤᠯ᠄ 2000 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠪᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠤᠭᠴᠢ ᠶᠢ ᠱᠠᠩᠨᠠᠵᠤ ᠨᠥᠬᠦᠪᠦᠷᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/4/14
      ᠰᠤᠷᠪᠤᠯᠵᠢᠯᠠᠭᠴᠢ ᠣᠷᠴᠢᠮᠬᠠᠨ ᠬᠤᠷᠠᠯᠳᠤᠭᠰᠠᠨ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠢ ᠲᠡᠳᠬᠦᠨ ᠲᠤᠰᠠᠯᠠᠬᠤ ᠲᠥᠪ ᠤᠨ ᠡᠷᠬᠢᠯᠡᠭᠴᠢᠳ ᠤᠨ ᠬᠤᠷᠠᠯ ᠳᠡᠭᠡᠷ᠎ᠡ ᠠᠴᠠ ᠣᠶᠢᠯᠭᠠᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠭ ᠣᠷᠣᠨ 2000 ᠲᠦᠮᠡᠨ ᠲᠥᠭᠦᠷᠢᠭ ᠤᠨ ᠲᠤᠰᠬᠠᠶ ᠵᠠᠷᠤᠳᠠᠯ ᠲᠣᠬᠢᠷᠠᠭᠤᠯᠵᠤ᠂ ᠲᠤᠰᠬᠠᠶᠢᠯᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠤᠭᠴᠢ ᠶᠢᠨ ᠱᠠᠩᠨᠠᠯ ᠤᠨ ᠮᠥᠩᠭᠦ ᠪᠠ ᠨᠥᠬᠦᠪᠥᠷᠢ ᠮᠥᠩᠭᠦ ᠳᠤ ᠬᠡᠷᠡᠭᠯᠡᠬᠦ ᠪᠠᠶᠢᠨ᠎ᠠ᠃      ︽12·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠤᠰᠤ ᠱᠠᠲᠤᠨ ᠳᠤ ᠡᠯ᠎ᠡ ᠲᠥᠷᠥᠯ ᠤᠨ ᠲᠤᠰᠠᠯᠠᠬᠤ ᠮᠥᠩᠭᠦ ᠶᠢ ᠨᠡᠶᠢᠲᠡ 183·1 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠲᠡᠳᠬᠦᠨ ᠲᠤᠰᠠᠯᠠᠭᠰᠠᠨ ᠰᠤᠷᠤᠭᠴᠢ ᠨᠢ 723 ᠲᠦᠮᠡᠨ ᠬᠥᠮᠦᠨ ᠤᠳᠠᠭ᠎ᠠ ᠳᠤ ᠬᠦᠷᠴᠦ᠂ ᠡᠭᠦᠨ ᠳᠤ 2015 ᠣᠨ ᠳᠤ 46·08 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ 2011 ᠣᠨ ᠤ ᠬᠢ ᠲᠠᠢ ᠠᠳᠠᠯᠢᠳᠬᠠᠪᠠᠯ 73·3%᠎ ᠪᠠᠷ ᠨᠡᠮᠡᠭᠳᠡᠵᠦ᠂ ᠲᠡᠳᠬᠦᠨ ᠲᠤᠰᠠᠯᠠᠭᠰᠠᠨ ᠰᠤᠷᠤᠭᠴᠢ ᠨᠢ 155 ᠲᠦᠮᠡᠨ ᠬᠥᠮᠦᠨ ᠤᠳᠠᠭ᠎ᠠ ᠳᠤ ᠬᠦᠷᠴᠦ᠂ 2011 ᠣᠨ ᠤ ᠬᠢ ᠎ ᠲᠠᠢ ᠠᠳᠠᠯᠢᠳᠬᠠᠪᠠᠯ 67·5%᠎ ᠪᠠᠷ ᠨᠡᠮᠡᠭᠳᠡᠪᠡ᠃      ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠡᠯ᠎ᠡ ᠱᠠᠲᠤᠨ ᠤ ᠰᠤᠷᠤᠭᠴᠢᠳ ᠢ ᠲᠤᠰᠠᠯᠠᠨ ᠲᠡᠳᠬᠦᠬᠦ ᠰᠠᠯᠠᠭ᠎ᠠ ᠮᠥᠴᠢᠷ ᠤᠳ ᠲᠥᠪ ᠪᠠ ᠥᠪᠡᠷᠲᠡᠭᠡᠨ ᠵᠠᠰᠠᠬᠤ ᠣᠷᠣᠨ ᠤ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠢᠯᠠᠩᠭᠤᠶ᠎ᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠡᠳᠬᠦᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号