ᠥᠪᠥᠷ ᠮᠣᠩᠭᠤᠯ 5000 ᠲᠦᠮᠡᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠪᠡ
ᠨᠡᠶᠢᠲᠡᠯᠡᠭᠰᠡᠨ ᠴᠠᠭ᠄
2016/4/14
     ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠠᠴᠠ ᠣᠶᠢᠯᠠᠭᠠᠵᠤ ᠮᠡᠳᠡᠭᠰᠡᠨ ᠨᠢ᠂ ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠵᠡᠷᠭᠡ ᠣᠷᠣᠨ ᠤ ᠰᠢᠭᠤᠳ ᠬᠠᠷᠢᠶ᠎ᠠ 10 ᠰᠠᠯᠠᠭ᠎ᠠ ᠮᠥᠴᠢᠷ ᠯᠤᠭ᠎ᠠ ᠮᠡᠳᠡᠭᠡ ᠵᠠᠩᠭᠢ ᠶᠢᠨ ᠰᠢᠰᠲ᠋ᠧᠮ ᠢ ᠵᠠᠯᠭᠠᠬᠤ ᠪᠠ ᠮᠡᠳᠡᠭᠡ ᠵᠠᠩᠭᠢ ᠶᠢ ᠴᠠᠭ ᠲᠤᠬᠠᠶ ᠳᠤᠨᠢ ᠰᠣᠯᠢᠯᠴᠠᠨ ᠬᠠᠮᠲᠤ ᠪᠠᠷ ᠡᠳ᠋ᠯᠡᠬᠦ ᠶᠢ ᠪᠡᠶᠡᠯᠡᠬᠦᠯᠵᠤ᠂ ᠨᠡᠶᠢᠭᠡᠮ ᠤᠨ ᠬᠠᠤᠯᠢ ᠶᠢᠨ ᠡᠷᠬᠡᠲᠡᠨ ᠪᠤᠯᠤᠨ ᠪᠠᠶᠢᠭᠠᠯᠢ ᠬᠥᠮᠦᠨ ᠤ ᠨᠡᠶᠢᠲᠡ 5000 ᠲᠦᠮᠡᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠬᠡᠷᠡᠭᠯᠡᠭᠡᠨ ᠤ ᠨᠥᠬᠦᠴᠡᠯ ᠢ ᠠᠩᠬ᠎ᠠ ᠠᠯᠬᠤᠮ ᠪᠦᠷᠢᠯᠳᠦᠭᠦᠯᠦᠭᠰᠡᠨ ᠪᠠᠶᠢᠨ᠎ᠠ᠃      2014 ᠣᠨ ᠠᠴᠠ ᠡᠬᠢᠯᠡᠨ᠂ ᠥᠪᠥᠷ ᠮᠣᠩᠭᠤᠯ ᠪᠦᠬᠦ ᠣᠷᠣᠨ ᠳᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ︽ᠡᠭᠦᠯᠡᠨ ᠪᠤᠳᠤᠯᠳᠠ︾᠎ ᠶᠢᠨ ᠮᠡᠷᠭᠡᠵᠢᠯ ᠪᠤᠯᠤᠨ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠠᠰᠢᠭᠯᠠᠨ᠂ ᠪᠥᠬᠦ ᠣᠷᠣᠨ ᠤ ᠨᠢᠭᠡᠳᠦᠯᠲᠡᠶ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠰᠣᠯᠢᠯᠴᠠᠭᠠᠨ ᠤ ᠲᠠᠪᠴᠠᠩ ᠪᠠ ᠬᠠᠤᠯᠢ ᠶᠢᠨ ᠡᠷᠭᠡᠲᠡᠨ᠂ ᠪᠠᠶᠢᠭᠠᠯᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠶᠢ ᠨᠡᠭᠡᠭᠡᠭᠰᠡᠨ ᠤ ᠬᠠᠮᠲᠤ ᠤᠯᠤᠰ ᠤᠨ ᠲᠠᠪᠴᠠᠩ ᠯᠤᠭ᠎ᠠ ᠮᠡᠳᠡᠭᠡ ᠵᠠᠩᠭᠢ ᠶᠢ ᠬᠠᠷᠢᠯᠴᠠᠨ ᠬᠤᠯᠪᠤᠨ ᠬᠠᠮᠲᠤ ᠪᠠᠷ ᠡᠳ᠋ᠯᠡᠵᠤ᠂ ᠮᠡᠳᠡᠭᠡ ᠵᠠᠩᠭᠢ ᠴᠤᠭᠯᠠᠭᠤᠯᠬᠤ᠂ ᠬᠠᠮᠲᠤ ᠪᠠᠷ ᠡᠳ᠋ᠯᠡᠬᠦ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠴᠢᠳᠠᠮᠵᠢ ᠶᠢ ᠠᠩᠬ᠎ᠠ ᠠᠯᠬᠤᠮ ᠪᠦᠷᠢᠯᠳᠦᠭᠦᠯᠪᠡ᠃      ᠣᠶᠢᠯᠠᠭᠠᠭᠰᠠᠨ ᠢᠶᠠᠷ᠂ 2016 ᠣᠨ ᠳᠤ ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠬᠤᠶᠠᠷ ᠱᠠᠲᠤᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠵᠤ᠂ ᠪᠦᠬᠦ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠶᠢ ᠪᠦᠷᠢᠨ ᠪᠦᠷᠭᠦᠭᠦᠯᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠠᠪᠤᠳᠠᠯ ᠳᠤᠮᠳᠠ ᠢᠲᠡᠭᠡᠮᠵᠢ ᠶᠢᠨ ᠬᠢᠨᠠᠨ ᠪᠠᠶᠢᠴᠠᠭᠠᠬᠤ ᠶᠢ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠭᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠰᠤᠯᠢᠯᠴᠠᠭᠠᠨ ᠤ ᠳᠤᠮᠳᠠ ᠭᠤᠷᠪᠠᠳᠤᠭᠠᠷ ᠡᠲᠡᠭᠡᠳ ᠠᠴᠠ ᠬᠠᠩᠭᠠᠭᠰᠠᠨ ᠢᠲᠡᠭᠡᠮᠵᠢ ᠶᠢᠨ ᠮᠡᠳᠡᠭᠦᠯᠦᠯᠲᠡ ᠶᠢ ᠳᠡᠯᠭᠡᠷᠡᠭᠦᠯᠬᠦ ᠪᠤᠯᠤᠨ᠎ᠠ᠃ ᠢᠲᠡᠭᠡᠮᠵᠢ ᠶᠢᠨ ᠱᠠᠩᠨᠠᠯ ᠲᠤᠷᠭᠠᠭᠤᠯᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠤ᠂ ᠢᠲᠡᠭᠡᠯ ᠢᠶᠠᠨ ᠰᠠᠬᠢᠬᠤ ᠬᠤᠯᠪᠤᠭᠠᠲᠤ ᠤᠷᠠᠮᠰᠢᠭᠤᠯᠤᠯ ᠤᠨ ᠲᠣᠭᠲᠠᠴᠠ ᠶᠢ ᠰᠤᠳᠤᠯᠤᠨ ᠪᠠᠶᠢᠭᠤᠯᠵᠤ᠂ ᠢᠲᠡᠭᠡᠯ ᠢᠶᠠᠨ ᠠᠯᠳᠠᠭᠰᠠᠨ ᠢ ᠬᠤᠯᠪᠣᠭᠠᠯᠠᠨ ᠲᠤᠷᠭᠠᠵᠤ ᠵᠠᠯᠬᠠᠭᠠᠬᠤ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ︽ᠤᠯᠠᠭᠠᠨ ᠨᠡᠷᠡᠰ︾᠎ ᠢ ᠨᠡᠶᠢᠳᠡ ᠳᠤ ᠵᠠᠷᠯᠠᠬᠤ ᠠᠷᠭ᠎ᠠ ᠶᠢ ᠰᠤᠳᠤᠯᠤᠨ ᠲᠤᠭᠲᠠᠭᠠᠨ᠎ᠠ᠃ ᠡᠭᠦᠨ ᠠᠴᠠ ᠭᠠᠳᠠᠨ᠎ᠠ᠂ ᠡᠨᠡ ᠵᠢᠯ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠠᠢ ᠤᠷᠤᠯᠠᠬᠤ  ᠨᠤᠮᠸᠠᠷ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠳᠠᠭᠠᠯᠠᠵᠤ ᠪᠠᠶᠢᠭ᠎ᠠ ᠬᠠᠭᠤᠴᠢᠨ ᠨᠤᠮᠸᠠᠷ ᠢ ᠰᠣᠯᠢᠬᠤ ᠠᠵᠢᠯ ᠢ ᠲᠦᠷᠭᠡᠳᠭᠡᠨ ᠪᠡᠶᠡᠯᠡᠬᠦᠯᠬᠦ ᠎ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号