4 ᠳ᠋ᠤᠭᠡᠷ ᠰᠠᠷ᠎ᠠ ᠶᠢᠨ 13 ᠤ ᠡᠳᠤᠷ᠂ ᠪᠦᠬᠦ ᠤᠷᠤᠨ ᠤ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠡ | ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠥᠵᠢᠯ ᠤᠨ ᠵᠤᠬᠢᠴᠠᠭᠤᠯᠬᠤ ᠲᠤᠭᠤᠢᠢᠯᠠᠩ ᠶᠠᠷᠢᠯᠴᠠᠬᠤ ᠬᠤᠷᠠᠯ | ᠬᠤᠷᠠᠯᠳᠤᠭᠤᠯᠵᠥ᠂ 12 ᠠᠶᠢᠮᠠᠭ ᠬᠤᠳᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ᠂ ᠮᠤᠵᠢ ᠶᠢᠨ | ᠲᠡᠰ ᠤᠨ ᠤᠳᠤᠷᠢᠳᠤᠯᠭ᠎ᠠ ᠶᠢᠨ ᠬᠠᠷᠢᠯᠴᠠᠬᠤ ᠴᠢᠭ᠋ ᠤᠨ ᠬᠤᠰᠢᠭᠤ ᠰᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ | ᠲᠠᠷᠤᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯᠯᠠᠬᠤ ᠬᠤᠷᠢᠶ᠎ᠠ᠂ | ᠶᠡᠭᠡ ᠲᠡᠭᠡᠳᠤ ᠰᠤᠷᠭᠠᠭᠤᠯᠢ ᠶᠢᠨ ᠠᠵᠢᠯᠯᠠᠬᠤ ᠬᠤᠷᠢᠶ᠎ᠠ᠂ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ | ᠬᠢᠨᠠᠯᠳᠠ ᠬᠠᠮᠢᠶᠠᠷᠤᠯᠳᠠ ᠶᠢᠨ ᠵᠦᠪᠯᠡᠯ ᠤᠨ ᠨᠠᠮ ᠤᠨ ᠬᠤᠷᠢᠶ᠎ᠠ ᠪᠦᠬᠦ ᠤᠷᠤᠨ ᠤ ︽ᠬᠤᠶᠠᠷ ᠢ ᠰᠤᠷᠤᠯᠴᠠᠵᠥ ᠬᠢᠷᠢ | ᠲᠡᠩᠴᠡᠭᠰᠡᠡ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠥᠵᠢᠯ ᠤᠨ ᠠᠵᠢᠯ ᠤᠨ ᠶᠠᠷᠢᠯᠴᠠᠬᠤ ᠬᠤᠷᠠᠯ ᠤᠨ | ᠵᠤᠷᠢᠭ ᠰᠠᠨᠠᠭ᠎ᠠ ᠶᠢᠨ ᠲᠤᠬᠠᠢ ᠶᠠᠷᠢᠯᠴᠠᠨ ᠰᠠᠨᠠᠯ ᠢᠶᠠᠨ ᠰᠤᠯᠢᠯᠴᠠᠵᠥ᠂ ᠨᠠᠶᠢᠳᠠᠪᠤᠷᠢᠵᠢᠯᠳᠡ ᠶᠢ ᠠᠬᠢᠭᠤᠯᠬᠤ ᠠᠵᠢᠯ ᠢ | ᠬᠠᠮᠳᠤ ᠪᠠᠷ ᠰᠤᠳᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ | ᠬᠡᠯᠳᠡᠰ ᠤᠨ ᠲᠠᠷᠤᠭ᠎ᠠ ᠯᠢ ᠫᠧᠩ ᠰᠢᠨ ᠬᠤᠷᠠᠯ ᠳᠤ ᠤᠷᠤᠯᠴᠠᠵᠥ ᠶᠠᠷᠢᠶ᠎ᠠ ᠲᠠᠯᠪᠢᠪᠠ᠃ | ᠯᠢ ᠫᠧᠩ ᠰᠢᠨ ᠵᠢᠭᠠᠵᠦ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ | ᠤᠷᠤᠨ ᠤ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠡ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ | ᠬᠦᠮᠥᠵᠢᠯ ᠳᠤ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠥ᠂ ᠰᠤᠷᠤᠯᠴᠠᠯᠭ᠎ᠠ ᠬᠦᠮᠥᠵᠢᠯ ᠤᠨ ᠬᠠᠷᠠᠯᠳᠡ | ᠱᠠᠭᠠᠷᠳᠠᠯᠭ᠎ᠠ᠂ ᠦᠨᠳᠦᠰᠦᠨ ᠠᠭᠤᠯᠭ᠎ᠠ᠂ ᠠᠷᠭ᠎ᠠ ᠵᠠᠮ ᠢ ᠲᠤᠳᠤᠷᠬᠠᠢᠢᠯᠠᠭᠰᠠᠠ ᠪᠠᠶᠢᠨ᠎ᠠ᠃ ᠪᠦᠬᠦ ᠤᠷᠤᠨ ᠤ ᠡᠯ᠎ᠡ | ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶᠂ ᠦᠨᠳᠦᠰᠦᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠬᠦᠨ ᠦᠵᠡᠯ ᠰᠠᠨᠠᠭ᠎ᠠ ᠪᠠᠨ ᠴᠢᠨᠠᠭᠰᠢᠳᠠ | ᠴᠢᠯᠥᠬᠡᠯᠡᠵᠥ᠂ ᠲᠠᠨᠢᠯᠳᠡ ᠪᠠᠨ ᠬᠦᠨᠵᠡᠬᠡᠶᠢᠷᠡᠬᠦᠯᠵᠥ᠂ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠡ ᠨᠠᠮ ᠤᠨ | ᠬᠡᠰᠢᠬᠦᠨ ᠪᠤᠯᠬᠤ︾ ᠰᠤᠷᠤᠯᠴᠠᠯᠭ᠎ᠠ ᠬᠦᠮᠥᠵᠢᠯ ᠢ ᠨᠠᠷᠢᠨ ᠬᠢᠨᠠᠮᠠᠭᠠᠢ ᠰᠠᠶᠢᠳᠤᠷ ᠲᠦᠯᠥᠪᠵᠢᠬᠦᠯᠵᠥ᠂ ᠰᠠᠶᠢᠳᠤᠷ | ᠵᠤᠬᠢᠶᠠᠨ ᠪᠠᠶᠢᠭᠤᠯᠵᠥ᠂ ᠰᠠᠶᠢᠳᠤᠷ ᠠᠬᠢᠭᠤᠯᠵᠥ᠂ ᠰᠤᠷᠤᠯᠴᠠᠯᠭ᠎ᠠ ᠬᠦᠮᠥᠵᠢᠯ ᠢ ᠦᠨᠡᠨᠬᠦ ᠴᠢᠩᠭ᠎ᠠ ᠠᠳᠬᠤᠵᠥ | ᠰᠠᠶᠢᠳᠤᠷ ᠠᠳᠬᠤᠵᠥ ᠦᠷ᠎ᠡ ᠪᠦᠳᠦᠮᠵᠢ ᠭᠠᠷᠭᠠᠬᠤ ᠬᠡᠷᠡᠭᠳᠡᠢ ᠬᠡᠪᠠ᠃ | ᠯᠢ ᠫᠧᠩ ᠰᠢᠨ ᠭᠤᠷᠪᠠᠨ ᠱᠠᠭᠠᠷᠳᠠᠯᠭ᠎ᠠ ᠲᠤᠷᠠᠳᠪᠠ᠃ ᠨᠢᠬᠡ ᠳᠤ᠂ ᠯᠠᠪᠳᠠᠭᠤᠨ ᠪᠠᠳᠤᠳᠠᠢ ᠬᠦᠨ ᠬᠦᠨᠵᠡᠬᠡᠢ | ︽ᠰᠤᠷᠤᠯᠴᠠᠬᠤ︾ ᠬᠡᠷᠡᠭᠳᠡᠢ᠃ ᠰᠤᠷᠤᠯᠴᠠᠯᠭ᠎ᠠ ᠶᠢᠨ ᠭᠤᠤᠯᠳᠠᠯᠭ᠎ᠠ ᠪᠤᠯ ᠨᠠᠮ ᠤᠨ ᠲᠦᠷᠢᠮ ᠨᠠᠮ ᠤᠨ ᠳᠤᠬᠳᠠᠭᠠᠯ ᠢ | ᠰᠤᠷᠤᠯᠴᠠᠵᠥ᠂ ᠰᠢᠷᠢᠰ ᠶᠠᠷᠢᠶ᠎ᠠ ᠶᠢ ᠰᠤᠷᠤᠯᠴᠠᠨ᠎ᠠ︔ ᠭᠤᠤᠯ ᠠᠷᠭ᠎ᠠ ᠪᠤᠯ ︽ᠲᠠᠪᠦ ᠨᠢᠬᠡ︾ ᠶᠢᠨ | ᠰᠤᠷᠤᠯᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠥ᠂ ᠨᠠᠮ ᠤᠨ ᠬᠡᠰᠢᠬᠦᠨ ᠤᠳᠤᠷᠢᠳᠬᠤ ᠺᠠᠳ᠋ᠷ ᠭᠠᠷᠠᠭ ᠪᠦᠷᠢ | ᠨᠢᠬᠡ ᠤᠳᠠᠭ᠎ᠠ ᠨᠠᠮ ᠤᠨ ᠡᠬᠦᠷ ᠤᠨ ᠰᠤᠷᠤᠯᠴᠠᠯᠭ᠎ᠠ ᠶᠢᠨ ᠬᠤᠷᠠᠯ ᠳᠤ ᠤᠷᠤᠯᠴᠠᠵᠥ᠂ ᠬᠠᠭᠠᠰ ᠰᠠᠷ᠎ᠠ ᠪᠦᠷᠢ ᠨᠢᠬᠡ | ᠤᠳᠠᠭ᠎ᠠ ᠬᠤᠤᠰ ᠠᠮᠠᠷᠠᠯᠳᠡ ᠶᠢᠨ ᠡᠳᠤᠷ ᠤᠨ ᠲᠠᠶᠢᠯᠤᠮᠵᠢ ᠳᠤ ᠤᠷᠤᠯᠴᠠᠵᠥ᠂ ᠰᠠᠷ᠎ᠠ ᠪᠦᠷᠢ ᠨᠢᠬᠡ ᠤᠳᠠᠭ᠎ᠠ | ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠵᠥ᠂ ᠬᠠᠭᠠᠰ ᠵᠢᠯ ᠪᠦᠷᠢ ᠠᠳᠠᠭ ᠲᠠᠭᠠᠨ | ᠨᠢᠬᠡ ᠤᠳᠠᠭ᠎ᠠ ᠨᠠᠮ ᠤᠨ ᠬᠢᠴᠢᠶᠡᠯ ᠤᠷᠤᠨ᠎ᠠ︔ ︽ᠭᠤᠷᠪᠠᠨ ᠬᠤᠷᠠᠯ ᠨᠢᠬᠡ ᠬᠢᠴᠢᠶᠡᠯ︾ ᠤᠨ ᠲᠦᠷᠢᠮ ᠢ | ᠨᠠᠶᠢᠳᠠᠪᠤᠷᠢᠵᠢᠭᠤᠯᠵᠥ ᠪᠦᠬᠦ ᠨᠠᠮ ᠤᠨ ᠬᠡᠰᠢᠬᠦᠨ ᠤ ᠰᠤᠷᠤᠯᠴᠠᠯᠭ᠎ᠠ ᠶᠢ ᠠᠳᠬᠤᠨ᠎ᠠ᠃ ᠬᠤᠶᠠᠷ ᠲᠤ᠂ ᠦᠳᠳᠡᠷ | ᠲᠦᠷᠭᠡᠨ ᠬᠦᠳᠡᠯᠥᠯᠴᠡᠵᠥ ︽ᠬᠢᠬᠦ︾ ᠬᠡᠷᠡᠭᠳᠡᠢ᠃ ᠪᠠᠶᠢᠩᠭᠤ ᠶᠢᠨ ᠴᠢᠨᠠᠷᠳᠠᠢ ᠬᠦᠮᠥᠵᠢᠯ ᠬᠡᠬᠦ ᠡᠨᠡᠬᠦ ᠦᠨᠳᠦᠰᠦᠨ | ᠪᠠᠶᠢᠷᠢ ᠲᠤᠭᠳᠠᠭᠠᠯᠳᠡ ᠶᠢ ᠵᠦᠪ ᠤᠯᠵᠥ᠂ ᠬᠢᠴᠢᠶᠡᠨ ᠴᠢᠷᠮᠠᠶᠢᠵᠥ᠂ ᠨᠢᠮᠪᠠᠢ ᠠᠳᠬᠤᠨ ᠪᠤᠳᠠᠳᠠᠢ ᠠᠳᠬᠤᠵᠥ᠂ | ᠨᠠᠮ ᠤᠨ ᠬᠡᠰᠢᠬᠦᠨ ᠤ ᠵᠤᠬᠢᠶᠠᠨ ᠪᠠᠶᠢᠭᠤᠯᠤᠯᠳᠠ ᠶᠢᠨ ᠬᠠᠷᠢᠴᠠᠭ᠎ᠠ ᠶᠢ ᠲᠦᠪᠯᠡᠷᠡᠬᠦᠯᠥᠨ ᠪᠠᠶᠢᠴᠠᠭᠠᠬᠤ ᠠᠵᠢᠯ ᠢ ᠨᠠᠷᠢᠨ | ᠬᠢᠨᠠᠮᠠᠭᠠᠢ ᠦᠷᠨᠢᠬᠦᠯᠵᠥ᠂ ᠦᠨᠳᠦᠰᠦᠨ ᠱᠠᠳᠤᠨ ᠤ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠤᠬᠢᠶᠠᠨ | ᠪᠠᠶᠢᠭᠤᠯᠤᠯᠳᠠ ᠳᠤ ᠤᠷᠢᠳᠡᠪᠡᠷ ᠴᠡᠭᠴᠡᠯᠡᠯᠳᠡ ᠬᠢᠵᠥ᠂ ᠠᠬᠢᠭᠤᠯᠬᠤ ᠠᠷᠭ᠎ᠠ ᠬᠡᠮᠵᠢᠶ᠎ᠡ ᠶᠢ ᠨᠢᠮᠪᠠᠢ ᠤᠬᠠᠭᠠᠯᠠᠵᠥ᠂ | ᠨᠠᠮ ᠤᠨ ᠬᠡᠰᠢᠬᠦᠨ ᠢ ᠠᠰᠠᠭᠤᠳᠠᠯ ᠲᠤᠷᠠᠳᠤᠨ ᠰᠤᠷᠤᠯᠴᠠᠬᠤ᠂ ᠠᠰᠠᠭᠤᠳᠠᠯ ᠳᠤ ᠴᠢᠭᠯᠡᠬᠦᠯᠥᠨ ᠦᠭᠡᠷᠡᠴᠢᠯᠡᠬᠦ᠂ | ᠰᠤᠷᠤᠯᠴᠠᠨ ᠰᠢᠩᠬᠡᠬᠡᠬᠦ᠂ ᠪᠤᠳᠠᠳᠠᠢ ᠦᠭᠡᠷᠡᠴᠢᠯᠡᠬᠦ᠂ ᠰᠠᠶᠢᠳᠤᠷ ᠬᠢᠬᠦ ᠪᠤᠯᠭᠠᠨ᠎ᠠ᠃ ᠭᠤᠷᠪᠠ ᠳᠤ᠂ ᠵᠢᠱᠢᠶ᠎ᠡ | ᠦᠵᠡᠬᠦᠯᠵᠥ ︽ᠲᠠᠶᠢᠴᠢᠯᠠᠬᠤ︾ ᠬᠡᠷᠡᠭᠳᠡᠢ᠃ ᠤᠳᠤᠷᠢᠳᠤᠯᠭ᠎ᠠ ᠲᠦᠷᠦᠬᠦᠯᠡᠬᠦ᠂ ᠲᠡᠭᠡᠲᠦ ᠱᠠᠳᠤ ᠨᠢ ᠲᠤᠤᠷᠠᠲᠦ | ᠱᠠᠳᠤ ᠪᠠᠨ ᠲᠠᠭᠠᠭᠤᠯᠬᠤ ᠶᠢ ᠪᠠᠷᠢᠮᠳᠠᠯᠠᠵᠥ᠂ ᠤᠳᠤᠷᠢᠳᠬᠤ ᠪᠠᠭ ᠤᠨ ᠲᠠᠶᠢᠴᠢᠯᠠᠬᠤ ᠦᠢᠯᠡᠳᠦᠯ ᠢ ᠰᠠᠶᠢᠳᠤᠷ | ᠪᠠᠳᠠᠷᠠᠭᠤᠯᠵᠥ᠂ ᠤᠳᠤᠷᠢᠳᠬᠤ ᠺᠠᠳ᠋ᠷ ᠤᠨ ᠬᠠᠷᠢᠯᠴᠠᠬᠤ ᠴᠢᠭ᠋ ᠤᠨ ᠬᠦᠳᠦᠯᠥᠨ ᠲᠠᠭᠠᠭᠤᠯᠬᠤ ᠦᠢᠯᠡᠳᠦᠯ ᠢ ᠰᠠᠶᠢᠳᠤᠷ | ᠪᠠᠳᠠᠷᠠᠭᠤᠯᠵᠥ᠂ ᠠᠵᠢᠯ ᠲᠦᠷᠦᠯ ᠤᠨ ᠰᠢᠰᠲ᠋ᠧᠮ ᠤᠨ ᠵᠢᠯᠤᠭᠤᠳᠬᠤ ᠦᠢᠯᠡᠳᠦᠯ ᠢ ᠰᠠᠶᠢᠳᠤᠷ ᠪᠠᠳᠠᠷᠠᠭᠤᠯᠵᠥ᠂ | ᠰᠤᠷᠤᠯᠴᠠᠯᠭ᠎ᠠ ᠬᠦᠮᠥᠵᠢᠯ ᠤᠨ ᠦᠨᠳᠤᠷ ᠴᠡᠭ ᠠᠴᠠ ᠡᠬᠢᠯᠡᠵᠥ᠂ ᠦᠨᠳᠤᠷ ᠪᠠᠷᠢᠮᠵᠢᠶ᠎ᠠ ᠪᠠᠷ ᠦᠷᠨᠢᠵᠥ᠂ ᠴᠢᠨᠠᠷ | ᠰᠠᠶᠢᠳᠠᠢ ᠪᠠᠷ ᠠᠬᠢᠬᠤ ᠶᠢ ᠦᠨᠡᠨᠬᠦ ᠪᠠᠳᠤᠯᠠᠬᠤ ᠬᠡᠷᠡᠭᠳᠡᠢ᠃ |