ᠵᠠᠩ ᠯᠢ᠄  ᠦᠨᠳᠦᠰᠦᠨ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠤᠯᠠᠨ ᠲᠦᠮᠡᠨ ᠤ ᠲᠡᠷᠭᠡᠳᠡᠬᠢ ᠢᠯᠵᠢᠷᠠᠯ ᠤᠨ ᠠᠰᠠᠭᠤᠳᠠᠯ ᠢ ᠬᠦᠴᠦᠯᠠᠨ ᠰᠠᠶᠢᠳᠤᠷ ᠰᠢᠢᠳᠪᠤᠷᠢᠯᠡᠬᠦ ᠬᠡᠷᠡᠭᠳᠡᠢ
ᠨᠡᠶᠢᠲᠡᠯᠡᠭᠰᠡᠨ ᠴᠠᠭ᠄
2016/4/14
      4 ᠳ᠋ᠤᠭᠡᠷ ᠰᠠᠷ᠎ᠠ ᠶᠢᠨ 11᠎ ᠤ ᠡᠳᠤᠷ ᠠᠴᠠ 12᠎ ᠤᠨ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ  ᠎ ᠶᠢᠨ ᠱᠦᠵᠢ ᠵᠠᠩ ᠯᠢ ᠬᠦᠬᠡᠬᠤᠳᠠ ᠶᠢᠨ ᠲᠤᠭᠳᠠᠬᠤ ᠰᠢᠶᠠᠨ ᠪᠤᠯᠤᠨ ᠴᠢᠩ ᠱᠦᠢ ᠡᡁᠧ ᠰᠢᠶᠠᠨ ᠳᠤ ᠬᠦᠷᠴᠦ᠂ ᠠᠵᠥ ᠠᠬᠤᠢ ᠨᠡᠶᠢᠭᠡᠮ ᠤᠨ ᠬᠦᠭᠵᠢᠯᠳᠡ ᠪᠤᠯᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠪᠠᠶᠢᠳᠠᠯ ᠢ ᠰᠢᠨᠵᠢᠯᠠᠨ ᠪᠠᠶᠢᠴᠠᠭᠠᠪᠠ᠃      ᠲᠤᠭᠳᠠᠬᠤ ᠰᠢᠶᠠᠨ ᠳᠤ᠂ ᠵᠠᠩ ᠯᠢ ᠤᠷᠢᠳ ᠬᠤᠵᠢᠳ ᠰᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠤᠯᠤᠨ ᠱᠤᠸᠠᠩ ᠡᡁᠧ ᠪᠠᠯᠭᠠᠰᠤ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠳᠤ ᠬᠦᠷᠴᠦ᠂ ᠦᠨᠳᠦᠰᠦᠨ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠡᠷᠬᠢᠨ ᠦᠵᠡᠵᠥ᠂ ᠦᠨᠳᠦᠰᠦᠨ ᠱᠠᠳᠤᠨ ᠤ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠢᠷᠠᠯ ᠢ ᠡᠰᠡᠷᠬᠦᠴᠡᠬᠦ ᠠᠵᠢᠯ ᠢ ᠦᠷᠨᠢᠬᠦᠯᠵᠥ ᠪᠠᠶᠢᠭ᠎ᠠ ᠪᠠᠶᠢᠳᠠᠯ ᠢ ᠤᠢᠢᠯᠠᠭᠠᠵᠥ᠂ ᠤᠯᠠᠨ ᠢ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠭᠠᠷᠠᠢ ᠬᠡᠵᠥ ᠵᠤᠷᠢᠬᠵᠢᠭᠤᠯᠪᠠ᠃ ᠵᠠᠩ ᠯᠢ ᠪᠠᠰᠠ ᠲᠤᠭᠳᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ᠂ ᠳ᠋ᠠ ᠲᠠᠩ ᠲᠤᠬᠳᠠᠬᠤ ᠎ ᠶᠢᠨ ᠴᠠᠬᠢᠯᠭᠠᠨ ᠤ ᠦᠷᠳᠡᠭᠡ ᠶᠢᠨ ᠲᠠᠪᠤᠳᠤᠭᠠᠷ ᠬᠤᠭᠤᠴᠠᠭᠠᠨ ᠤ ᠲᠦᠷᠦᠯ ᠵᠦᠢᠯ᠂ ᠴᠠᠩ ᠱᠧᠩ ᠠᠮᠢᠳᠤ ᠪᠤᠳᠠᠰ ᠎ ᠤᠨ ᠡᠮ ᠦᠢᠯᠡᠳᠬᠦ ᠤᠷᠴᠢᠨ ᠲᠤᠭᠤᠷᠢᠨ ᠢ ᠬᠠᠮᠠᠭᠠᠯᠠᠨ ᠵᠠᠰᠠᠬᠤ ᠲᠦᠷᠦᠯ ᠵᠦᠢᠯ ᠵᠡᠷᠬᠡ ᠳᠤ ᠬᠦᠨᠵᠡᠬᠡᠢ ᠪᠠᠶᠢᠴᠠᠭᠠᠨ ᠰᠤᠳᠤᠯᠤᠯᠳᠠ ᠬᠢᠵᠥ᠂ ᠠᠵᠥ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠤᠢᠢᠯᠠᠭᠠᠵᠥ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠤᠨᠤᠰᠪᠠ᠃ ᠴᠢᠩ ᠱᠦᠢ ᠡᡁᠧ ᠰᠢᠶᠠᠨ ᠳᠤ ᠪᠠᠶᠢᠴᠠᠭᠠᠨ ᠰᠤᠳᠤᠯᠤᠯᠳᠡ ᠬᠢᠬᠦ ᠳᠡᠭᠡᠨ᠂ ᠵᠠᠩ ᠯᠢ ᠬᠤᠩ ᠡᡁᠧ ᠪᠠᠯᠭᠠᠰᠤ ᠶᠢᠨ ᠢ ᠵᠢᠶᠠᠨ ᠹᠠᠩ ᠲᠤᠰᠬᠤᠨ ᠵᠡᠷᠬᠡ ᠲᠤᠰᠬᠤᠨ ᠪᠠᠯᠭᠠᠰᠤ᠂ ᠨᠡᠶᠢᠭᠡᠮ ᠲᠤᠭᠤᠷᠢᠭ ᠲᠤ ᠬᠦᠨᠵᠡᠬᠡᠶᠢᠷᠡᠵᠥ᠂ ᠲᠠᠷᠢᠶᠠᠨ ᠵᠠᠬ᠎ᠠ ᠳᠤ ᠬᠦᠷᠴᠦ᠂ ᠲᠠᠷᠢᠶᠠᠴᠢᠨ ᠠᠶᠢᠯ ᠢᠶᠠᠷ ᠤᠷᠤᠵᠥ᠂ ︽ᠠᠷᠪᠠ ᠎ ᠶᠢ ᠪᠦᠷᠢᠨ ᠪᠦᠷᠬᠦᠬᠦᠯᠬᠦ︾ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠥ᠂ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠰᠤᠯᠢᠯᠴᠠᠪᠠ᠃      ᠪᠠᠶᠢᠴᠠᠭᠠᠨ ᠰᠤᠳᠤᠯᠤᠯᠳᠠ ᠬᠢᠬᠦ ᠬᠤᠭᠤᠴᠠᠭᠠᠨ ᠳᠠᠭᠠᠨ᠂ ᠵᠠᠩ ᠯᠢ ᠳᠤᠭᠳᠠᠬᠤ ᠰᠢᠶᠠᠨ ᠪᠤᠯᠤᠨ ᠴᠢᠩ ᠱᠦᠢ ᠡᠾᠧ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠢᠴᠢ ᠬᠠᠷᠢᠶ᠎ᠠ ᠬᠡᠰᠡᠭ ᠰᠢᠶᠠᠩ ᠪᠠᠯᠭᠠᠰᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠤᠮᠢᠯᠠᠨ ᠰᠠᠭᠤᠯᠭᠠᠭᠰᠠᠠ ᠪᠠᠶᠢᠭᠤᠯᠭ᠎ᠠ ᠵᠡᠷᠭᠡ ᠦᠨᠳᠦᠰᠦᠨ ᠱᠠᠳᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠠ ᠪᠠᠶᠢᠴᠠᠭᠠᠬᠤ ᠺᠠᠳ᠋ᠷ ᠲᠠᠢ ᠶᠠᠷᠢᠯᠴᠠᠵᠤ᠂ ᠠᠵᠢᠯ  ᠎ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ ᠲᠡᠷᠡ ᠵᠢᠭᠠᠵᠦ ᠭᠠᠷᠭᠠᠬᠰᠠᠨ ᠨᠢ᠂ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠡ ᠪᠠ ᠵᠤᠬᠢᠶᠠᠨ ᠪᠠᠶᠢᠭᠤᠯᠵᠥ ᠤᠳᠤᠷᠢᠳᠤᠭᠰᠠᠠ ᠢᠶᠠᠷ᠂ ︽ᠪᠦᠬᠦ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠦᠨᠳᠦᠰᠦᠨ ᠱᠠᠳᠤᠨ ᠤ ᠰᠠᠭᠤᠷᠢ ᠪᠦᠳᠦᠭᠡᠨ ᠪᠠᠶᠢᠭᠤᠯᠤᠯᠳᠠ ᠶᠢᠨ ᠤᠨ︾᠎ ᠤ ᠬᠦᠴᠦᠲᠠᠢ ᠠᠬᠢᠭᠤᠯᠭ᠎ᠠ ᠪᠠᠷ ᠳᠠᠮᠵᠢᠨ᠂ ᠰᠤᠮᠦ ᠰᠢᠶᠠᠩ ᠪᠠᠯᠭᠠᠰᠤᠨ ᠤ ᠳᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢ ᠨᠢᠭᠡᠨᠲᠡ ᠨᠡᠶᠢᠳᠡᠮ ᠪᠠᠶᠢᠭᠤᠯᠪᠠ᠂ ᠡᠨᠡᠬᠦ ᠡᠩᠨᠡᠭᠡ ᠶᠢᠨ ᠦᠢᠯᠡᠳᠦᠯ ᠢ ᠬᠡᠷᠬᠢᠨ ᠪᠠᠳᠠᠷᠠᠭᠤᠯᠬᠤ ᠪᠤᠢ᠂ ᠡᠨᠡ ᠪᠤᠯ ᠤᠳᠤᠬᠠᠨ ᠤ ᠪᠢᠳᠠᠨ ᠤ ᠭᠦᠨᠵᠡᠭᠡᠢ ᠰᠤᠳᠤᠯᠤᠨ ᠰᠢᠢᠳᠪᠦᠷᠢᠯᠡᠬᠦ ᠴᠢᠬᠤᠯᠠ ᠠᠰᠠᠭᠤᠳᠠᠯ ᠪᠤᠯᠤᠨ᠎ᠠ᠃ ᠦᠨᠳᠦᠰᠦᠨ ᠱᠠᠳᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ  ᠎ ᠤᠨ ᠪᠠᠶᠢᠭᠤᠯᠤᠮᠵᠢ ᠲᠤᠭᠳᠠᠴᠠ ᠶᠢ ᠢᠳᠡᠪᠬᠢᠲᠡᠢ ᠡᠷᠢᠯᠬᠢᠯᠡᠨ ᠲᠡᠭᠦᠯᠳᠡᠷᠵᠢᠬᠦᠯᠵᠦ᠂ ᠡᠩᠨᠡᠭᠡ ᠶᠢᠨ ᠲᠤᠰᠬᠠᠢᠢᠵᠢᠭᠰᠠᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠥ᠂ ᠤᠯᠠᠨ ᠲᠦᠮᠡᠨ ᠤ ᠲᠡᠷᠭᠡᠳᠡᠬᠢ ᠲᠦᠪ ᠪᠤᠰᠤ ᠰᠤᠷᠳᠠᠯ ᠪᠤᠯᠤᠨ ᠢᠯᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠦᠨᠡᠨᠬᠦ ᠬᠤᠪᠢᠷᠠᠯᠳᠠ ᠭᠠᠷᠭᠠᠬᠤ ᠪᠠᠷ ᠳᠠᠮᠵᠢᠨ ᠤᠯᠠᠨ ᠲᠦᠮᠡᠨ ᠳᠤ ᠢᠯᠵᠢᠷᠡᠯ ᠢ ᠡᠰᠡᠷᠭᠦᠴᠡᠭᠰᠡᠨ ᠠᠰᠢᠭ ᠢ ᠡᠳ᠋ᠯᠡᠭᠦᠯᠵᠥ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠤᠨ ᠤᠯᠠᠨ ᠲᠦᠮᠡᠨ ᠤ ᠰᠠᠭᠤᠷᠢ ᠶᠢ ᠪᠠᠬᠢᠵᠢᠬᠦᠯᠬᠦ ᠬᠡᠷᠡᠭᠲᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号