ᠰᠤᠷᠪᠤᠯᠵᠢᠯᠠᠭᠴᠢ ᠣᠷᠴᠢᠮᠬᠠᠨ ᠬᠤᠷᠠᠯᠳᠤᠭᠰᠠᠨ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠲᠦᠷᠦᠯ ᠢ | ᠲᠦᠯᠬᠢᠨ ᠠᠬᠢᠭᠤᠯᠬᠤ ᠶᠡᠭᠡ ᠬᠤᠷᠠᠯ ᠠᠴᠠ ᠤᠶᠢᠯᠭᠠᠭᠰᠠᠨ ᠨᠢ᠂ ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ | ︽ᠨᠡᠭᠦᠷᠡᠰᠦᠨ ᠤ ᠠᠵᠢᠯ ᠲᠥᠷᠥᠯ ᠤᠨ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠨ᠂ | ᠬᠦᠴᠢᠷᠳᠡᠯ ᠠᠴᠠ ᠠᠩᠭᠢᠵᠢᠷᠠᠵᠤ ᠬᠥᠭᠵᠢᠯᠲᠡ ᠶᠢ ᠪᠡᠶᠡᠯᠡᠭᠦᠯᠬᠦ ᠲᠤᠬᠠᠢ ᠠᠩᠬ᠎ᠠ ᠠᠯᠬᠤᠮ ᠤᠨ ᠲᠥᠰᠦᠯ︾ ᠢ | ᠨᠢᠭᠡᠨᠲᠡ ᠰᠤᠳᠤᠯᠤᠨ ᠲᠣᠭᠲᠠᠭᠠᠵᠤ᠂ 3 ᠠᠴᠠ 5 ᠵᠢᠯ ᠤᠨ ᠳᠣᠲᠤᠷ᠎ᠠ ᠴᠢᠷᠮᠠᠶᠢᠵᠤ ᠪᠠᠶᠢᠭᠠᠳ ᠨᠡᠭᠦᠷᠡᠰᠦᠨ ᠤ ᠠᠵᠢᠯ | ᠲᠥᠷᠦᠯ ᠤᠨ 1.79 ᠳ᠋ᠦᠩᠰᠢᠭᠤᠷ ᠲᠣᠨ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠬᠦ ᠪᠠᠷ | ᠪᠠᠶᠢᠨ᠎ᠠ᠃ ᠡᠭᠦᠨ ᠳᠤ᠂ 4959 ᠲᠦᠮᠡᠨ ᠲᠣᠨ ᠦᠢᠯᠡᠳᠪᠦᠷᠢᠯᠡᠯ ᠤᠨ ᠴᠢᠳᠠᠪᠤᠷᠢ ᠶᠢ ᠬᠥᠲᠥᠯᠥᠨ ᠵᠢᠯᠣᠭᠤᠳᠴᠤ | ᠤᠬᠤᠷᠢᠨ ᠭᠠᠷᠭᠠᠯᠭᠠᠨ᠎ᠠ︔ 276 ᠠᠵᠢᠯᠯᠠᠬᠤ ᠡᠳᠦᠷ ᠤᠨ ᠲᠤᠭ᠎ᠠ ᠪᠠᠷ ᠦᠢᠯᠡᠳᠪᠦᠷᠢᠯᠡᠯ ᠤᠨ ᠴᠢᠳᠠᠪᠤᠷᠢ ᠶᠢ | ᠳᠠᠬᠢᠨ ᠬᠢᠨᠠᠨ ᠲᠣᠭᠲᠠᠭᠠᠵᠤ᠂ ᠬᠦᠲᠦᠯᠦᠨ ᠵᠢᠯᠤᠭᠤᠳᠴᠤ ᠪᠠᠶᠢᠭᠠᠳ ᠦᠢᠯᠡᠳᠪᠦᠷᠢᠯᠡᠬᠦ ᠬᠡᠮᠵᠢᠶ᠎ᠡ ᠶᠢ 1.29 | ᠳ᠋ᠦᠩᠰᠢᠭᠤᠷ ᠲᠣᠨ ᠪᠠᠭᠠᠰᠬᠠᠨ᠎ᠠ᠃ | ᠥᠪᠥᠷ ᠮᠣᠩᠭᠤᠯ ᠪᠣᠯ ᠪᠦᠬᠦ ᠤᠯᠤᠰ ᠤᠨ ᠡᠨᠧᠷᠭᠢ ᠶᠢᠨ ᠪᠠᠲᠤᠯᠠᠭ᠎ᠠ ᠶᠢᠨ ᠭᠤᠣᠯ ᠰᠠᠭᠤᠷᠢᠨ ᠭᠠᠵᠠᠷ ᠮᠦᠨ᠂ | ᠲᠡᠭᠦᠨ ᠤ ᠨᠡᠭᠦᠷᠡᠰᠦᠨ ᠤ ᠠᠵᠢᠯ ᠲᠥᠷᠥᠯ ᠨᠢ ᠬᠤᠶᠢᠴᠢ ᠬᠦᠭᠵᠢᠭᠰᠡᠨ ᠢᠯᠡ ᠲᠣᠳᠣ ᠳᠠᠪᠠᠭᠤᠯᠢᠭ ᠲᠠᠢ ᠪᠠᠶᠢᠵᠤ᠂ | ᠨᠡᠭᠦᠷᠡᠰᠦᠨ ᠠᠭᠤᠷᠬᠠᠶ ᠶᠢᠨ ᠮᠡᠷᠭᠡᠵᠢᠯ ᠤᠨ ᠲᠤᠨᠤᠭ ᠲᠥᠬᠦᠭᠡᠷᠦᠮᠵᠢ᠂ ᠠᠶᠤᠯᠭᠦᠶ ᠦᠢᠯᠡᠳᠪᠦᠷᠢᠯᠡᠯ ᠤᠨ ᠬᠢᠷᠢ | ᠲᠥᠪᠰᠢᠨ ᠵᠡᠷᠭᠡ ᠨᠢ ᠪᠦᠷ ᠪᠦᠬᠦ ᠤᠯᠤᠰ ᠤᠨ ᠲᠡᠷᠢᠭᠦᠨ ᠪᠠᠶᠢᠷᠢᠨ ᠳᠤ ᠣᠷᠣᠰᠢᠵᠤ᠂ ᠣᠯᠠᠩᠬᠢ ᠨᠢ ᠪᠦᠷ | ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠳᠤ ᠬᠠᠷᠢᠶᠠᠯᠠᠭᠳᠠᠨ᠎ᠠ᠃ ᠪᠦᠷᠢᠳᠬᠡᠯ ᠢ ᠦᠨᠳᠦᠰᠦᠯᠡᠪᠡᠯ᠂ ᠣᠳᠣ | ᠪᠦᠬᠦ ᠤᠷᠤᠨ ᠳᠤ ᠨᠢᠭᠡᠨᠲᠡ ᠪᠠᠶᠢᠭᠤᠯᠵᠤ ᠳᠠᠭᠤᠰᠤᠭᠰᠠᠨ ᠪᠠ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠶ ᠨᠡᠶᠢᠲᠡ | 611 ᠪᠠᠶᠢᠵᠤ᠂ ᠶᠡᠷᠦᠩᠬᠡᠶ ᠦᠢᠯᠡᠳᠪᠦᠷᠢᠯᠡᠯ ᠤᠨ ᠴᠢᠳᠠᠪᠤᠷᠢ ᠨᠢ 13.16 ᠳ᠋ᠦᠩᠰᠢᠭᠤᠷ ᠲᠣᠨ ᠪᠣᠯᠤᠨ᠎ᠠ︔ ᠪᠥᠬᠦ | ᠣᠷᠣᠨ ᠤ ᠨᠡᠭᠦᠷᠡᠰᠦᠨ ᠠᠭᠤᠷᠬᠠᠶ ᠶᠢᠨ ᠳᠤᠮᠳᠠᠴᠢ ᠬᠡᠪᠴᠢᠶ᠎ᠡ ᠨᠢ ᠵᠢᠯ ᠪᠦᠷᠢ 196 ᠲᠦᠮᠡᠨ ᠲᠣᠨ᠂ ᠪᠦᠬᠦ | ᠤᠯᠤᠰ ᠤᠨ ᠬᠢᠷᠢ ᠲᠥᠪᠰᠢᠨ ᠤ 5.6 ᠳᠠᠬᠢᠨ ᠪᠣᠯᠤᠨ᠎ᠠ︔ ᠨᠡᠭᠦᠷᠡᠰᠦ ᠭᠠᠷᠭᠠᠬᠤ ᠮᠧᠬᠠᠨᠢᠭᠵᠢᠭᠤᠯᠤᠯᠲᠠ ᠶᠢᠨ | ᠨᠤᠷᠮ᠎ᠠ ᠨᠢ 95% ᠳᠤ ᠬᠦᠷᠴᠦ᠂ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ 20 ᠵᠠᠭᠤᠨ ᠤ ᠴᠡᠭ | ᠦᠨᠳᠦᠷ ᠪᠠᠶᠢᠨ᠎ᠠ᠃ | ᠤᠯᠤᠰ ᠤᠨ ︽ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠬᠦ︾ ᠡᠭᠦᠷᠭᠡ ᠵᠢᠴᠢ ᠮᠠᠨ ᠤ | ᠣᠷᠣᠨ ᠤ ᠪᠣᠳᠠᠲᠠᠢ ᠪᠠᠶᠢᠳᠠᠯ ᠶᠣᠰᠤᠭᠠᠷ᠂ ᠮᠠᠨ ᠤ ᠣᠷᠣᠨ ᠤ ᠨᠡᠭᠦᠷᠡᠰᠦᠨ ᠤ ᠠᠵᠢᠯ ᠲᠥᠷᠥᠯ ᠳᠤ | ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠬᠦ ᠬᠢᠭᠡᠳ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠤᠨ᠂ ᠬᠡᠯᠪᠡᠷᠢ ᠶᠢ ᠨᠢ ᠬᠤᠪᠢᠷᠠᠭᠤᠯᠵᠤ ᠲᠡᠰ ᠳᠡᠪᠰᠢᠬᠦ ᠶᠢ ᠤᠶᠠᠯᠳᠤᠭᠤᠯᠵᠦ᠂ ᠡᠮᠬᠢᠯᠡᠨ ᠨᠡᠶᠢᠯᠡᠭᠦᠯᠵᠦ | ᠲᠡᠬᠢᠨ ᠵᠣᠬᠢᠶᠠᠨ ᠪᠠᠶᠢᠭᠤᠯᠬᠤ᠂ ᠦᠢᠯᠡᠳᠪᠦᠷᠢᠯᠡᠯ ᠤᠨ ᠴᠢᠳᠠᠪᠤᠷᠢ ᠶᠢ ᠰᠣᠯᠢᠬᠤ᠂ ᠰᠢᠯᠢᠳᠡᠭᠵᠢᠭᠦᠯᠦᠨ ᠲᠡᠰ | ᠳᠡᠪᠰᠢᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠ ᠣᠨᠴᠠ ᠥᠨᠳᠥᠷ | ᠳᠠᠷᠤᠯᠲᠠᠲᠤ ᠭᠠᠳᠠᠭᠰᠢ ᠬᠦᠷᠭᠡᠬᠦ ᠴᠠᠬᠢᠯᠭᠠᠨ ᠭᠠᠷᠭᠠᠬᠤ ᠴᠢᠬ ᠤᠨ ᠪᠥᠳᠥᠭᠡᠨ ᠪᠠᠶᠢᠭᠤᠯᠤᠯᠲᠠ ᠶᠢ ᠠᠰᠢᠭᠯᠠᠵᠤ᠂ | ᠨᠡᠭᠦᠷᠡᠰᠦ ᠶᠢ ᠲᠤᠰ ᠭᠠᠵᠠᠷ ᠲᠤᠨᠢ ᠬᠤᠪᠢᠷᠠᠭᠤᠯᠬᠤ ᠶᠢ ᠴᠢᠩᠭᠠᠳᠬᠠᠨ᠂ ᠦᠢᠯᠡᠳᠪᠦᠷᠢᠯᠡᠯ ᠤᠨ ᠦᠯᠡᠭᠦᠦ | ᠴᠢᠳᠠᠪᠤᠷᠢ ᠶᠢ ᠪᠦᠲᠦᠮᠵᠢᠲᠡᠢ ᠦᠭᠡᠶᠢᠰᠬᠡᠵᠦ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠶ ᠪᠠᠶᠢᠬᠤ ᠶᠢ | ᠪᠡᠶᠡᠯᠡᠭᠦᠯᠦᠨ᠎ᠡ᠃ ᠡᠭᠦᠨ ᠤ ᠬᠠᠮᠲᠤ᠂ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢᠨ ᠲᠣᠬᠠᠢ ᠭᠡᠪᠡᠯ᠂ ᠮᠠᠨ ᠤ | ᠣᠷᠣᠨ ᠨᠢ ᠰᠢᠭᠰᠢᠭᠳᠡᠭᠦᠯᠬᠦ᠂ ᠬᠥᠲᠥᠯᠥᠨ ᠵᠢᠯᠣᠭᠤᠳᠴᠤ ᠤᠬᠤᠷᠢᠨ ᠭᠠᠷᠭᠠᠬᠤ᠂ ᠬᠡᠮᠵᠢᠶ᠎ᠡ ᠶᠢ ᠨᠢ ᠪᠠᠭᠠᠰᠬᠠᠵᠤ | ᠰᠣᠯᠢᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠠᠬᠢᠨ ᠵᠣᠬᠢᠶᠠᠨ ᠪᠠᠶᠢᠭᠤᠯᠬᠤ᠂ ᠰᠢᠯᠢᠳᠡᠭᠵᠢᠭᠦᠯᠦᠨ ᠲᠡᠰ | ᠳᠡᠪᠰᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠡᠷᠡᠰ ᠰᠢᠭᠤᠷᠬᠠᠢ | ᠪᠠᠷ ︽ᠡᠭᠦᠳᠡ ᠪᠠᠨ ᠴᠡᠪᠡᠷᠯᠡᠨ᠎ᠡ︾᠃ | ᠲᠥᠰᠦᠯ ᠤᠨ ᠶᠣᠰᠣᠭᠠᠷ᠂ ᠥᠪᠥᠷ ᠮᠣᠩᠭᠤᠯ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠯ ᠤᠨ ᠴᠢᠳᠠᠪᠤᠷᠢ ᠶᠢ | ᠴᠢᠩᠭ᠎ᠠ ᠡᠵᠡᠮᠰᠢᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠨᠡᠭᠦᠷᠡᠰᠦᠨ ᠠᠭᠤᠷᠬᠠᠶ ᠶᠢᠨ ᠪᠦᠳᠦᠭᠡᠨ | ᠪᠠᠶᠢᠭᠤᠯᠤᠯᠲᠠ ᠶᠢ ᠲᠣᠬᠢᠲᠠᠶ ᠰᠢᠢᠳᠪᠦᠷᠢᠯᠡᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠦᠢᠯᠡᠳᠪᠦᠷᠢᠯᠡᠬᠦ | ᠬᠡᠮᠵᠢᠶ᠎ᠡ ᠶᠢ ᠪᠠᠭᠠᠰᠬᠠᠨ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠵᠦ ᠴᠢᠳᠠᠬᠤ ᠮᠦᠷᠲᠡᠭᠡᠨ ᠦᠢᠯᠡᠳᠪᠦᠷᠢᠯᠡᠯ ᠢ ᠲᠣᠭᠲᠠᠭᠤᠨ | ᠪᠠᠶᠢᠯᠭᠠᠨ᠎ᠠ᠃ ᠡᠶᠢᠮᠦ ᠠᠴᠠ᠂ ᠥᠪᠥᠷ ᠮᠣᠩᠭᠤᠯ ᠵᠥᠪᠰᠢᠶᠡᠷᠡᠭᠡᠳᠦᠶ ᠪᠠᠷ ᠤᠷᠢᠳᠠᠪᠠᠷ ᠪᠠᠶᠢᠭᠤᠯᠤᠭᠰᠠᠨ 23 | ᠨᠡᠭᠦᠷᠡᠰᠦᠨ ᠠᠭᠤᠷᠬᠠᠶ ᠶᠢ ᠴᠥᠮ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠤᠭᠠᠯᠭᠠᠨᠠ︔ | ᠡᠷᠬᠢᠨ ᠲᠣᠭᠤᠷᠢᠨ ᠤ ᠮᠤᠵᠢ ᠣᠷᠣᠨ ᠤ ᠠᠷᠭ᠎ᠠ ᠬᠡᠯᠪᠡᠷᠢ ᠪᠠᠷ ᠯᠠᠪᠯᠠᠯᠲᠠ ᠪᠣᠯᠭᠠᠨ᠂ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠ ᠭᠠᠷᠠᠭ ᠤᠨ ᠡᠳᠦᠷ ᠦᠢᠯᠡᠳᠪᠦᠷᠢᠯᠡᠭᠦᠯᠬᠦ ᠦᠭᠡᠢ︔ ᠤᠯᠤᠰ ᠤᠨ | ᠬᠤᠯᠪᠣᠭᠳᠠᠯ ᠪᠦᠬᠦᠢ ᠱᠠᠩᠨᠠᠯ ᠨᠥᠬᠦᠪᠥᠷᠢ ᠶᠢᠨ ᠪᠡᠯᠡ ᠮᠥᠩᠭᠦ᠂ ᠡᠳ᠋ ᠤᠨ ᠵᠠᠰᠠᠭ ᠤᠨ ᠭᠠᠶᠢᠯᠢ ᠶᠢᠨ ᠳᠡᠮᠵᠢᠯᠭᠡ᠂ | ᠮᠥᠩᠭᠦᠨ ᠭᠦᠢᠯᠭᠡᠭᠡᠨ ᠤ ᠳᠡᠮᠵᠢᠯᠭᠡ᠂ ᠠᠵᠢᠯᠲᠠᠨ ᠠᠵᠢᠯᠴᠢᠨ ᠤ ᠲᠥᠪᠬᠢᠨᠡᠭᠦᠯᠦᠭᠡ᠂ ᠤᠯᠤᠰ ᠤᠨ ᠭᠠᠵᠠᠷ ᠰᠢᠷᠣᠶ᠂ | ᠣᠷᠴᠢᠨ ᠲᠣᠭᠤᠷᠢᠨ ᠤ ᠬᠠᠮᠠᠭᠠᠯᠠᠯᠲᠠ᠂ ᠶᠠᠰᠤ ᠴᠢᠨᠠᠷ᠂ ᠠᠮᠤᠷ ᠲᠦᠪᠰᠢᠨ ᠵᠡᠷᠭᠡ ᠨᠠᠢᠮᠠᠨ ᠲᠠᠯ᠎ᠠ ᠶᠢᠨ ᠢᠵᠢ | ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠤ ᠪᠠᠶᠢᠷᠢ ᠶᠢ ᠰᠣᠯᠢᠵᠤ ᠰᠠᠯᠭᠠᠨ ᠲᠣᠬᠢᠷᠠᠭᠤᠯᠬᠤ᠂ ᠦᠨᠳᠦᠰᠦᠨ ᠠᠮᠢᠳᠤᠷᠠᠯ ᠢ ᠪᠠᠲᠤᠯᠠᠬᠤ ᠵᠡᠷᠭᠡ | ᠠᠵᠢᠯ ᠢ ᠰᠠᠶᠢᠲᠤᠷ ᠬᠢᠬᠦ ᠪᠣᠯᠤᠨ᠎ᠠ᠃ |