ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2016/4/15
     — — ᠪᠠᠷᠢᠮᠵᠢᠶᠠᠵᠢᠭᠤᠯᠤᠯᠲᠠ ᠶᠢᠨ ᠠᠵᠢᠯ ᠠᠴᠠ ︽ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾᠎ ᠳᠤ ᠦᠵᠡᠭᠦᠯᠦᠭᠰᠡᠨ ᠦᠢᠯᠡᠴᠢᠯᠡᠭᠡ ᠶᠢ ᠭᠦᠢᠴᠡᠳ ᠨᠤᠲᠠᠯᠠᠪᠠ
     ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠪᠠᠷᠢᠮᠵᠢᠶᠠᠵᠢᠭᠤᠯᠤᠯᠲᠠ ᠶᠢᠨ ᠠᠵᠢᠯ ᠠᠴᠠ ︽ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾᠎ ᠳᠤ ᠦᠵᠡᠭᠦᠯᠦᠭᠰᠡᠨ ᠦᠢᠯᠡᠴᠢᠯᠡᠭᠡ ᠶᠢ ᠭᠦᠢᠴᠡᠳ ᠨᠤᠲᠠᠯᠠᠪᠠ
     ᠴᠠᠩ ᠵᠢᠶᠦ᠋ᠨ ᠵᠧᠩ ᠨᠠᠷ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠳᠤ ᠬᠦᠷᠴᠦ᠂ ᠰᠢᠨ᠎ᠡ ᠬᠤᠲᠠ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃      2016 ᠣᠨ ᠤ 4 ᠳ᠋ᠦ᠋ᠭᠡᠷ ᠰᠠᠷ᠎ᠠ ᠶᠢᠨ 12᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠨᠠᠷ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠳᠤ ᠬᠦᠷᠴᠦ᠂ ᠰᠢᠨ᠎ᠡ ᠬᠤᠲᠠ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠪᠠᠶᠢᠴᠠᠭᠠᠬᠤ ᠳᠤᠭᠤᠶᠢᠯᠠᠩ ᠤᠨ ᠬᠢᠨ ︽ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾᠎ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠦᠢᠯᠡᠴᠢᠯᠡᠬᠦ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠬᠤ ᠵᠡᠷᠭᠡ ᠠᠭᠤᠯᠭ᠎ᠠ ᠪᠠᠷ ᠬᠡᠰᠡᠭ ᠠᠵᠤ ᠠᠬᠤᠶᠢᠯᠠᠯ ᠲᠠᠢ ᠶᠠᠷᠢᠯᠴᠠᠬᠤ ᠬᠤᠷᠠᠯ ᠬᠢᠪᠡ᠃ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠶᠠᠷᠢᠯᠴᠠᠬᠤ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ︽ᠭᠤᠷᠪᠠᠨ ᠦᠨᠡᠮᠯᠡᠯ ᠢ ᠨᠢᠭᠡᠳᠬᠡᠬᠦ︾᠂ ︽ᠨᠢᠭᠡ ᠦᠨᠡᠮᠯᠡᠯ ᠨᠢᠭᠡ ᠨᠣᠮᠧᠷ︾᠎ ᠢ  ᠬᠡᠷᠡᠭᠵᠢᠭᠦᠯᠬᠦ ᠥᠭᠡᠷᠡᠴᠢᠯᠡᠯᠲᠡ ᠨᠢ ᠡᠬᠢᠨ ᠤ ᠬᠤᠭᠤᠴᠠᠭᠠᠨ ᠳᠠᠭᠠᠨ ᠠᠮᠵᠢᠯᠲᠠ ᠣᠯᠪᠠ᠃ ᠠᠵᠢᠯ ᠶᠠᠪᠤᠳᠠᠯ ᠭᠦᠢᠴᠡᠳᠬᠡᠬᠦ ᠳᠡᠰ ᠳᠠᠷᠠᠭᠠᠯᠠᠯ ᠢ ᠳᠥᠭᠦᠮᠴᠢᠯᠡᠬᠦ᠂ ᠴᠠᠭ ᠢ ᠪᠣᠭᠤᠨᠢᠰᠬᠠᠬᠤ᠂ ᠪᠦᠲᠦᠮᠵᠢ ᠶᠢ ᠳᠡᠭᠡᠭᠰᠢᠯᠡᠭᠦᠯᠬᠦ ᠪᠠᠷ ᠳᠠᠮᠵᠢᠭᠠᠳ᠂ ᠠᠵᠤ ᠠᠬᠤᠶᠢᠯᠠᠯ ᠤᠨ ᠳᠠᠷᠤᠭᠠᠰᠤ ᠢ ᠪᠦᠲᠦᠮᠵᠢᠲᠡᠶ ᠪᠠᠷ ᠬᠥᠩᠭᠡᠷᠡᠭᠦᠯᠵᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠪᠡ᠃ ᠡᠭᠦᠨ ᠳᠤ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠪᠠᠷᠢᠮᠵᠢᠶᠠᠵᠢᠭᠤᠯᠤᠯᠲᠠ ᠶᠢᠨ ᠲᠠᠯ᠎ᠠ ᠪᠠᠷ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠦᠯᠡᠮᠵᠢ ᠤᠯᠠᠨ ᠬᠢᠪᠡ᠂ ᠵᠢᠱᠢᠶᠡᠯᠡᠪᠡᠯ᠂ ᠮᠧᠩ ᠶᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠦᠨ ᠲᠡᠵᠢᠭᠡᠨ ᠦᠷᠡᠵᠢᠭᠦᠯᠬᠦ᠂ ᠬᠤᠤ ᠶᠤᠸᠠᠨ ᠨᠠᠨᠤᠮᠤᠲᠷ ᠤᠨ ᠥᠷᠥᠯᠲᠡ ᠶᠢ ᠡᠰᠡᠷᠭᠦᠴᠡᠬᠦ ᠰᠢᠨ᠎ᠡ ᠮᠠᠲ᠋ᠧᠷᠢᠶᠠᠯ ᠤᠨ ᠤᠯᠤᠰ ᠤᠨ ᠪᠠᠷᠢᠮᠵᠢᠶᠠᠲᠤ ᠰᠤᠳᠤᠯᠤᠨ ᠦᠢᠯᠡᠳᠬᠦ᠂ ᠳ᠋ᠠ ᠲᠠᠩ ᠺᠣᠮᠫᠠᠨᠢ ᠶᠢᠨ ᠡᠬᠢ ᠪᠠᠶᠠᠯᠢᠭ ᠢ ᠣᠷᠴᠢᠯᠳᠤᠭᠤᠯᠤᠨ ᠬᠡᠷᠡᠭᠯᠡᠬᠦ ᠪᠠᠷᠢᠮᠵᠢᠶ᠎ᠠ ᠶᠢᠨ ᠰᠤᠳᠤᠯᠤᠯᠲᠠ ᠵᠡᠷᠭᠡ ᠨᠢ ᠪᠦᠷ ᠲᠣᠪᠤᠶᠢᠮ᠎ᠠ ᠠᠮᠵᠢᠯᠲᠠ ᠣᠯᠤᠭᠰᠠᠨ ᠪᠠᠶᠢᠨ᠎ᠠ᠃ ᠴᠠᠩ ᠵᠢᠶᠦ᠋ᠨ ᠵᠧᠩ ᠬᠦᠰᠡᠭᠰᠡᠨ ᠨᠢ᠂ ᠪᠠᠷᠢᠮᠵᠢᠶᠠᠵᠢᠭᠤᠯᠤᠯᠲᠠ ᠶᠢᠨ ᠠᠵᠢᠯ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠳᠠᠷᠤᠶᠢᠬᠠᠨ ᠲᠠᠭᠠᠨ ᠤᠷᠤᠭᠰᠢᠯᠠᠵᠤ᠂ ᠪᠠᠷᠢᠮᠵᠢᠶᠠᠵᠢᠭᠤᠯᠤᠭᠰᠠᠨ ᠠᠷᠭ᠎ᠠ ᠪᠠᠷᠢᠯ ᠢᠶᠠᠷ ᠵᠠᠬ᠎ᠠ ᠳᠡᠯᠭᠡᠭᠦᠷ ᠪᠣᠯᠤᠨ ᠠᠵᠤ ᠠᠬᠤᠶᠢᠯᠠᠯ ᠤᠨ ᠳᠤᠲᠠᠭᠤ ᠲᠠᠯ᠎ᠠ ᠶᠢ ᠨᠥᠬᠦᠵᠦ᠂ ᠦᠷ᠎ᠡ ᠠᠰᠢᠭ ᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ︽ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾᠎ ᠳᠤ ᠬᠦᠴᠦᠨ ᠴᠢᠳᠠᠯ ᠢᠶᠠᠨ ᠵᠣᠷᠢᠭᠤᠯᠬᠤ ᠬᠡᠷᠡᠭᠲᠡᠶ ᠭᠡᠪᠡ᠃
      ᠴᠠᠩ ᠵᠢᠶᠦ᠋ᠨ ᠵᠧᠩ ᠨᠠᠷ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠲᠠᠢ ᠶᠠᠷᠢᠯᠴᠠᠬᠤ ᠬᠤᠷᠠᠯ ᠬᠢᠵᠦ ᠪᠠᠶᠢᠭ᠎ᠠ ᠨᠢ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号