ᠣᠶᠢᠷ᠎ᠠ ᠳᠤ᠂ ᠥᠪᠥᠷ ᠮᠣᠩᠭᠤᠯ ᠤᠨ ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ ᠳᠡᠭᠡᠭᠰᠢᠯᠡᠨ᠂ | ᠪᠦᠬᠦ ᠣᠷᠣᠨ ᠦᠨᠳᠦᠰᠦᠨ ᠳᠡᠭᠡᠨ ᠬᠠᠪᠤᠷ ᠤᠨ ᠤᠯᠠᠷᠢᠯ ᠳᠤ ᠤᠷᠤᠭᠰᠠᠨ ᠪᠤᠯᠪᠠᠴᠤ᠂ ᠬᠤᠷ᠎ᠠ ᠲᠤᠨᠳᠠᠰᠤ ᠪᠠᠭ᠎ᠠ᠂ | ᠡᠭᠦᠨ ᠤ ᠬᠠᠮᠲᠤ ᠬᠠᠪᠤᠷ ᠤᠨ ᠤᠯᠠᠷᠢᠯ ᠤᠨ ᠶᠡᠭᠡ ᠰᠠᠯᠬᠢᠨ ᠠᠴᠠ ᠪᠤᠯᠵᠤ᠂ ᠤᠢ ᠰᠢᠭᠤᠶ ᠨᠤᠲᠤᠭ ᠪᠡᠯᠴᠢᠭᠡᠷ ᠤᠨ | ᠭᠠᠯ ᠤᠨ ᠠᠶᠤᠯ ᠤᠨ ᠲᠦᠭᠰᠢᠭᠦᠷᠢ ᠶᠡᠭᠡᠳᠪᠡ᠃ ᠣᠳᠣᠬᠠᠨ ᠳᠤ᠂ ᠪᠦᠬᠦ ᠣᠷᠣᠨ ᠤ ᠬᠤᠶᠠᠷ ᠬᠤᠪᠢ ᠠᠴᠠ | ᠳᠡᠭᠡᠭᠰᠢᠬᠢ ᠨᠤᠲᠤᠭ ᠪᠡᠯᠴᠢᠭᠡᠷ ᠲᠤ ᠬᠥᠩᠭᠡᠨ ᠠᠴᠠ ᠳᠤᠮᠳᠠ ᠬᠡᠮᠵᠢᠶᠡᠨ ᠤ ᠭᠠᠩ ᠬᠠᠭᠤᠷᠠᠶ ᠴᠠᠭ ᠠᠭᠤᠷ ᠢᠯᠡᠷᠡᠪᠡ᠃ | ᠬᠤᠶᠢᠰᠢᠳᠠ ᠵᠢᠭᠳᠡ ᠪᠤᠰᠤ ᠬᠤᠷ᠎ᠠ ᠲᠤᠨᠳᠠᠰᠤ ᠶᠢᠨ ᠨᠦᠯᠦᠭᠡ ᠠᠴᠠ᠂ ᠵᠡᠭᠦᠨ ᠪᠡᠶ᠎ᠡ ᠶᠢᠨ ᠭᠠᠵᠠᠷ ᠣᠷᠣᠨ ᠤ ᠭᠠᠩ | ᠬᠠᠭᠰᠠᠷᠠᠭᠠᠨ ᠨᠠᠮᠳᠠᠵᠤ᠂ ᠳᠤᠮᠳᠠ ᠪᠡᠶ᠎ᠡ ᠪᠤᠯᠤᠨ ᠪᠠᠷᠠᠭᠤᠨ ᠪᠡᠶ᠎ᠡ ᠶᠢᠨ ᠭᠠᠩ ᠬᠠᠭᠰᠠᠷᠠᠭᠠᠨ ᠦᠡᠭᠦᠯᠵᠢᠯᠡᠨ | ᠶᠡᠬᠡᠳᠦᠨᠡ᠃ ᠰᠠᠨᠠᠭᠤᠯᠬᠤ ᠨᠢ᠂ ᠡᠯ᠎ᠡ ᠭᠠᠵᠠᠷ ᠤᠷᠤᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠬᠠᠮᠢᠶᠠᠷᠤᠯᠲᠠ ᠪᠠᠨ | ᠴᠢᠩᠭᠠᠳᠬᠠᠬᠤ ᠶᠢᠨ ᠬᠠᠮᠲᠤ ᠭᠠᠩ ᠬᠠᠨᠰᠠᠷᠭᠠᠨ ᠲᠠᠢ ᠲᠡᠮᠡᠴᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | | 4 ᠳ᠋ᠤᠭᠡᠷ ᠰᠠᠷ᠎ᠠ ᠶᠢᠨ ᠳᠤᠮᠳᠠᠴᠢ ᠠᠴᠠ ᠨᠠᠰᠢ᠂ ᠥᠪᠥᠷ ᠮᠣᠩᠭᠤᠯ ᠤᠨ ᠠᠭᠠᠷ ᠤᠨ ᠳᠤᠯᠠᠭᠠᠨ ᠲᠦᠷᠭᠡᠨ ᠢᠶᠠᠷ | ᠳᠡᠭᠡᠭᠰᠢᠯᠡᠵᠦ᠂ ᠪᠦᠬᠦ ᠣᠷᠣᠨ ᠤ ᠶᠡᠬᠡᠩᠬᠢ ᠭᠠᠵᠠᠷ ᠤᠷᠤᠨ ᠤ ᠬᠠᠮᠤᠭ ᠤᠨ ᠥᠨᠳᠥᠷ ᠠᠭᠠᠷ ᠤᠨ ᠳᠤᠯᠠᠭᠠᠨ 20 | ℃ ᠠᠴᠠ ᠳᠡᠭᠡᠭᠰᠢᠯᠡᠪᠡ᠂ ᠣᠳᠣᠬᠠᠨ ᠳᠤ᠂ ᠪᠦᠬᠦ ᠣᠷᠣᠨ ᠤ ᠤᠯᠤᠰ ᠤᠨ ᠲᠡᠰ ᠤᠨ 119 ᠴᠠᠭ ᠠᠭᠤᠷ ᠤᠨ | ᠦᠷᠳᠡᠭᠡ ᠠᠴᠠ ᠨᠡᠶᠢᠳᠡ 96 ᠴᠠᠭ ᠠᠭᠤᠷ ᠤᠨ ᠦᠷᠲᠡᠭᠡ ᠨᠢ ᠬᠠᠪᠤᠷ ᠤᠨ ᠤᠯᠠᠷᠢᠯ ᠳᠤ ᠣᠷᠣᠵᠤ᠂ ᠪᠥᠬᠦ ᠣᠷᠣᠨ | ᠦᠨᠳᠦᠰᠦᠨ ᠳᠡᠭᠡᠨ ᠬᠠᠪᠤᠷ ᠤᠨ ᠤᠯᠠᠷᠢᠯ ᠳᠤ ᠤᠷᠤᠭᠰᠠᠨ ᠪᠠᠶᠢᠨ᠎ᠠ᠃ ᠭᠡᠪᠡᠴᠦ᠂ 4 ᠳ᠋ᠤᠭᠡᠷ ᠰᠠᠷ᠎ᠠ ᠶᠢᠨ ᠡᠬᠢ ᠪᠠᠷ | ᠪᠦᠬᠦ ᠣᠷᠣᠨ ᠤ ᠬᠤᠷ᠎ᠠ ᠲᠤᠨᠳᠠᠰᠤ ᠪᠠᠭ᠎ᠠ ᠪᠠᠶᠢᠵᠤ᠂ ᠭᠠᠩ ᠬᠠᠭᠰᠠᠷᠭᠠᠨᠲᠤ ᠴᠠᠭ ᠠᠭᠤᠷ ᠦᠳᠲᠡᠷ ᠲᠦᠷᠭᠡᠨ | ᠨᠡᠮᠡᠭᠳᠡᠪᠡ᠃ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠮᠠᠲ᠋ᠧᠷᠢᠶᠠᠯ ᠢ ᠦᠨᠳᠦᠰᠦᠯᠡᠪᠡᠯ᠂ 4 ᠳ᠋ᠤᠭᠡᠷ | ᠰᠠᠷ᠎ᠠ ᠶᠢᠨ 12 ᠤᠨ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ ᠤᠯᠠᠭᠠᠨᠬᠠᠳᠠ | ᠬᠤᠲᠠ ᠶᠢᠨ ᠬᠤᠶᠢᠲᠤ ᠪᠡᠶ᠎ᠡ ᠳᠤ ᠳᠤᠮᠳᠠ ᠠᠴᠠ ᠳᠡᠭᠡᠭᠰᠢᠬᠢ ᠬᠡᠮᠵᠢᠶᠡᠨ ᠤ ᠭᠠᠩ ᠬᠠᠭᠰᠠᠷᠭᠠᠨᠲᠤ ᠴᠠᠭ ᠠᠭᠤᠷ | ᠲᠤᠬᠢᠶᠠᠯᠳᠤᠵᠤ᠂ ᠳᠤᠮᠳᠠ ᠪᠠ ᠬᠥᠩᠭᠡᠪᠲᠦᠷ ᠭᠠᠩ ᠬᠠᠭᠤᠷᠠᠶ ᠴᠠᠭ ᠠᠭᠤᠷ ᠤᠨ ᠲᠠᠯᠠᠪᠠᠶ ᠨᠢ ᠲᠤᠰ ᠪᠦᠷᠢ 5.4 | ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠ 21.1 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ | ᠲᠤᠰ ᠲᠤᠰ ᠪᠦᠬᠦ ᠣᠷᠣᠨ ᠤ ᠪᠦᠬᠦ ᠲᠠᠯᠠᠪᠠᠶ ᠶᠢᠨ 4.6% ᠪᠠ17.8% ᠶᠢ ᠡᠵᠡᠯᠡᠪᠡ᠃ | ᠡᠭᠦᠨ ᠤ ᠬᠠᠮᠲᠤ᠂ ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠴᠠᠰᠤ | ᠬᠠᠶᠢᠯᠵᠤ᠂ ᠨᠢᠳᠤᠨᠤᠨ ᠤ ᠬᠤᠭ ᠨᠠᠪᠴᠢ ᠨᠡᠯᠢᠶᠡᠳ ᠶᠡᠭᠡ ᠪᠠᠶᠢᠬᠤ ᠳᠡᠭᠡᠷ᠎ᠡ ᠡᠪᠡᠰᠦ ᠪᠡᠯᠴᠢᠭᠡᠷ ᠨᠤᠭᠤᠭᠠᠷᠠᠭᠠᠳᠤᠢ | ᠪᠤᠯᠬᠤᠷ᠂ ᠪᠦᠬᠦ ᠣᠷᠣᠨ ᠤ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠪᠠᠶᠢᠳᠠᠯ | ᠨᠡᠯᠢᠶᠡᠳ ᠬᠦᠨᠳᠦ ᠨᠣᠴᠢᠲᠠᠶ ᠪᠠᠶᠢᠨ᠎ᠠ᠃ ᠭᠠᠨᠭ᠌ ᠬᠠᠭᠤᠷᠠᠢ ᠴᠠᠭ ᠠᠭᠤᠷ ᠤᠨ ᠨᠦᠯᠦᠭᠡ ᠪᠠᠷ᠂ | ᠤᠷᠭᠤᠮᠠᠯ ᠬᠤᠴᠢᠯᠭ᠎ᠠ ᠶᠢᠨ ᠠᠪᠤᠯᠴᠠᠬᠤ ᠬᠡᠮᠵᠢᠶ᠎ᠡ ᠶᠡᠭᠡ ᠪᠠᠷ ᠨᠡᠮᠡᠭᠳᠡᠵᠡᠶ᠂ ᠳᠠᠭᠠᠭᠤᠯᠢ ᠣᠳᠣᠨ ᠤ ᠠᠯᠤᠰ | ᠡᠵᠡᠮᠰᠢᠯ ᠤᠨ ᠬᠢᠨᠠᠨ ᠬᠡᠮᠵᠢᠯᠲᠡ ᠶᠢᠨ ᠮᠠᠲ᠋ᠧᠷᠢᠶᠠᠯ ᠠᠴᠠ ᠦᠵᠡᠪᠡᠯ᠂ ᠤᠢᠢᠷ᠎ᠠ ᠶᠢᠨ ᠬᠡᠳᠦᠨ ᠡᠳᠦᠷ ᠲᠤ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ᠂ ᠮᠤᠷᠢᠨᠳᠠᠪᠠᠭ᠎ᠠ ᠥᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ᠂ | ᠵᠡᠭᠦᠨ ᠦᠵᠦᠮᠦᠴᠢᠨ ᠬᠤᠰᠢᠭᠤ ᠳᠤ ᠴᠥᠮ ᠥᠨᠳᠥᠷ ᠬᠠᠯᠠᠭᠤᠨ ᠤ ᠪᠠᠶᠢᠳᠠᠯ ᠢᠯᠡᠷᠡᠭᠰᠡᠨ ᠲᠤᠯᠠ᠂ | ᠠᠩᠬᠠᠷᠤᠯ ᠳᠠᠭᠠᠨ ᠠᠪᠬᠤ ᠴᠢᠬᠤᠯᠠᠲᠠᠶ᠃ | ᠡᠯ᠎ᠡ ᠵᠦᠢᠯ ᠤᠨ ᠪᠠᠶᠢᠳᠠᠯ ᠤᠨ ᠵᠠᠳᠠᠯᠤᠯᠲᠠ ᠶᠢ ᠬᠤᠷᠢᠶᠠᠩᠭᠤᠶᠢᠯᠠᠪᠠᠯ᠂ ᠣᠳᠣᠬᠠᠨ ᠳᠤ ᠬᠥᠯᠥᠨ ᠪᠤᠶᠢᠷ | ᠬᠤᠲᠠ ᠶᠢᠨ ᠵᠡᠭᠦᠨ ᠡᠮᠦᠨ᠎ᠡ ᠪᠡᠶ᠎ᠡ᠂ ᠬᠢᠩᠭᠠᠨ ᠠᠶᠢᠮᠠᠭ ᠤᠨ ᠬᠤᠶᠢᠲᠤ ᠪᠡᠶ᠎ᠡ᠂ ᠰᠢᠯᠢ ᠶᠢᠨ ᠭᠤᠣᠯ ᠠᠶᠢᠮᠠᠭ ᠤᠨ | ᠬᠤᠶᠢᠲᠤ ᠪᠡᠶ᠎ᠡ᠂ ᠲᠦᠩᠯᠢᠶᠣᠤ ᠶᠢᠨ ᠬᠡᠰᠡᠭ ᠭᠠᠵᠠᠷ᠂ ᠤᠯᠠᠭᠠᠨᠬᠠᠳᠠ ᠶᠢᠨ ᠳᠤᠮᠳᠠ ᠪᠡᠶ᠎ᠡ ᠶᠢᠨ ᠭᠠᠯ ᠤᠨ | ᠠᠶᠤᠯ ᠤᠨ ᠵᠡᠷᠭᠡ ᠳᠡᠰ ᠨᠢ ᠥᠨᠳᠥᠷ ᠪᠦᠭᠡᠳ ᠠᠮᠠᠷᠬᠠᠨ ᠠᠪᠤᠯᠴᠠᠬᠤ᠂ ᠠᠮᠠᠷᠬᠠᠨ ᠰᠢᠲᠠᠬᠤ ᠳᠠᠯᠳᠠ ᠭᠠᠯ ᠤᠨ | ᠠᠶᠤᠯ ᠤᠷᠤᠰᠢᠵᠤ ᠪᠠᠶᠢᠨ᠎ᠠ᠃ ᠢᠷᠡᠬᠦ ᠭᠤᠷᠪᠠᠨ ᠡᠳᠦᠷ ᠢ ᠤᠷᠢᠳᠴᠢᠯᠠᠨ ᠦᠵᠡᠪᠡᠯ᠂ ᠵᠡᠭᠦᠨ ᠪᠡᠶ᠎ᠡ ᠶᠢᠨ ᠶᠡᠬᠡᠩᠬᠢ | ᠭᠠᠵᠠᠷ ᠲᠤ ᠪᠠᠭ᠎ᠠ ᠠᠴᠠ ᠳᠤᠮᠳᠠ ᠵᠡᠷᠭᠡ ᠶᠢᠨ ᠪᠣᠷᠣᠭᠠᠨ ᠣᠷᠣᠨ᠎ᠠ᠂ ᠳᠤᠮᠳᠠ ᠪᠠᠷᠠᠭᠤᠨ ᠪᠡᠶ᠎ᠡ ᠶᠢᠨ ᠭᠠᠵᠠᠷ | ᠣᠷᠣᠨ ᠤ ᠰᠠᠯᠬᠢᠨ ᠤ ᠬᠦᠴᠦ ᠨᠡᠯᠢᠶᠡᠳ ᠶᠡᠭᠡ ᠪᠠᠶᠢᠵᠤ᠂ ᠪᠠᠷᠠᠭᠤᠨ ᠠᠴᠠ 4᠂ 5 ᠳᠡᠰ ᠠᠴᠠ 6 ᠳᠡᠰ ᠤᠨ ᠰᠠᠯᠬᠢ | ᠲᠠᠢ᠂ ᠰᠠᠯᠬᠢ ᠪᠣᠷᠣᠭᠠᠨ ᠤ ᠳᠠᠷᠠᠭ᠎ᠠ ᠪᠦᠬᠦ ᠣᠷᠣᠨ ᠤ ᠶᠡᠬᠡᠩᠬᠢ ᠭᠠᠵᠠᠷ ᠤᠷᠤᠨ ᠤ ᠠᠭᠠᠷ ᠤᠨ ᠳᠤᠯᠠᠭᠠᠨ 4 — 6 | ℃ ᠪᠠᠭᠤᠷᠠᠬᠤ ᠪᠣᠯᠤᠨ᠎ᠠ᠃ ᠲᠤᠬᠠᠶ ᠶᠢᠨ ᠦᠶ᠎ᠡ ᠳᠤ᠂ ᠵᠡᠭᠦᠨ ᠪᠡᠶ᠎ᠡ ᠶᠢᠨ ᠶᠡᠬᠡᠩᠬᠢ ᠭᠠᠵᠠᠷ ᠣᠷᠣᠨ ᠬᠤᠷ᠎ᠠ | ᠲᠣᠨᠣᠳᠠᠰᠤ ᠶᠢᠨ ᠨᠦᠯᠦᠭᠡᠯᠡᠯ ᠠᠴᠠ ᠭᠠᠯ ᠤᠨ ᠠᠶᠤᠯ ᠤᠨ ᠲᠡᠰ ᠨᠢ ᠪᠠᠭᠤᠷᠠᠬᠤ ᠪᠤᠯᠪᠠᠴᠤ᠂ ᠶᠡᠭᠡ ᠬᠢᠩᠭᠠᠨ | ᠳᠠᠪᠠᠭᠠᠨ ᠤ ᠰᠢᠭᠤᠶᠢᠲᠤ ᠣᠷᠣᠨ᠂ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ ᠶᠢᠨ ᠨᠤᠲᠤᠭ ᠪᠡᠯᠴᠢᠭᠡᠷ᠂ ᠵᠡᠭᠦᠨ | ᠪᠡᠶ᠎ᠡ ᠶᠢᠨ ᠲᠠᠷᠢᠶᠠᠯᠠᠬᠤ ᠣᠷᠣᠨ ᠤ ᠭᠠᠯ ᠤᠨ ᠠᠶᠤᠯ ᠤᠨ ᠲᠠᠰ ᠡᠳᠦᠶ ᠲᠡᠳᠦᠶ ᠳᠡᠭᠡᠭᠰᠢᠯᠡᠵᠦ᠂ ᠭᠠᠯ ᠲᠦᠢᠮᠡᠷ | ᠭᠠᠷᠬᠤ ᠪᠤᠯᠤᠯᠴᠠᠭ᠎ᠠ ᠲᠠᠢ ᠤᠴᠢᠷ ᠠᠴᠠ᠂ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ | ᠴᠢᠬᠤᠯᠠᠲᠠᠶ᠃ ᠡᠭᠦᠨ ᠤ ᠬᠠᠮᠲᠤ᠂ ᠵᠡᠭᠦᠨ ᠪᠡᠶ᠎ᠡ ᠶᠢᠨ ᠭᠠᠵᠠᠷ ᠣᠷᠣᠨ ᠤ ᠭᠠᠩ ᠬᠠᠭᠰᠠᠷᠠᠭᠠᠨ ᠲᠠᠢ ᠴᠠᠭ ᠠᠭᠤᠷ | ᠵᠤᠬᠢᠬᠤ ᠬᠡᠮᠵᠢᠶ᠎ᠡ ᠪᠠᠷ ᠨᠠᠮᠳᠠᠵᠤ᠂ ᠳᠤᠮᠳᠠ ᠪᠡᠶ᠎ᠡ ᠪᠤᠯᠤᠨ ᠪᠠᠷᠠᠭᠤᠨ ᠪᠡᠶ᠎ᠡ ᠶᠢᠨ ᠭᠠᠵᠠᠷ ᠣᠷᠣᠨ ᠤ ᠭᠠᠩ | ᠬᠠᠭᠰᠠᠷᠭᠠᠨᠲᠤ ᠴᠠᠭ ᠠᠭᠤᠷ ᠦᠷᠭᠦᠯᠵᠢᠯᠡᠨ ᠨᠡᠮᠡᠭᠳᠡᠬᠦ ᠪᠤᠯᠤᠨ᠎ᠠ᠃ ᠰᠠᠨᠠᠭᠤᠯᠬᠤ ᠨᠢ᠂ ᠡᠯ᠎ᠡ ᠭᠠᠵᠠᠷ ᠤᠷᠤᠨ ᠴᠠᠭ | ᠠᠭᠤᠷ ᠤᠨ ᠪᠠᠶᠢᠳᠠᠯ ᠪᠣᠯᠤᠨ ᠲᠠᠷᠢᠶᠠᠨ ᠭᠠᠵᠠᠷ ᠤᠨ ᠬᠥᠷᠥᠰᠥᠨ ᠤ ᠴᠢᠬᠢᠭ ᠤᠨ ᠪᠠᠶᠢᠳᠠᠯ ᠤᠨ ᠬᠤᠪᠢᠷᠠᠯᠲᠠ ᠶᠢ | ᠨᠠᠷᠢᠨ ᠠᠩᠬᠠᠷᠴᠤ᠂ ᠭᠠᠩ ᠬᠠᠭᠰᠠᠷᠭᠠᠨ ᠲᠠᠢ ᠲᠡᠮᠡᠴᠡᠬᠦ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ | ᠃ ᠡᠭᠦᠨ ᠤ ᠬᠠᠮᠲᠤ ᠪᠠᠰᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠬᠦᠮᠦᠨ ᠤ | ᠦᠢᠯᠡ ᠠᠴᠠ ᠪᠤᠯᠬᠤ ᠭᠠᠯ ᠲᠦᠢᠮᠡᠷ ᠢ ᠰᠡᠷᠭᠡᠶᠢᠯᠡᠬᠦ ᠪᠠᠷ ᠭᠤᠣᠯ ᠪᠤᠯᠭᠠᠬᠤ ᠬᠡᠷᠡᠭᠲᠠᠢ᠃ |