| | | | | 2016 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ᠂ ᠬᠡᠰᠡᠭ ᠮᠤᠵᠢ ᠣᠷᠣᠨ ᠤ ᠤᠯᠤᠰ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠳᠤ ᠲᠠᠯᠪᠢᠬᠤ | ᠵᠢᠭᠡᠯᠡᠯᠭᠡ ᠶᠢ ᠵᠠᠯᠭᠠᠯᠳᠤᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠣᠷᠣᠨ ᠰᠠᠭᠤᠴᠠ ᠶᠢᠨ | ᠪᠠᠲᠤᠯᠠᠭ᠎ᠠ ᠶᠢᠨ ᠵᠤᠷᠭᠠᠨ ᠤ ᠳᠠᠷᠤᠭ᠎ᠠ ᠼᠤᠤ ᠶᠢᠨ ᠪᠢᠶᠤᠤ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ | ᠪᠠᠩᠬᠢ ᠶᠢᠨ ᠶᠡᠷᠦᠩᠬᠡᠶ ᠪᠠᠩᠬᠢ ᠶᠢᠨ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠡᠯᠲᠡᠰ ᠤᠨ | ᠳᠡᠳ᠋ ᠶᠡᠷᠦᠩᠬᠡᠶ ᠵᠠᠬᠢᠷᠤᠭᠴᠢ ᠮᠧᠩ ᠶᠠ ᠫᠢᠩ ᠬᠤᠷᠠᠯ ᠳᠤ ᠣᠷᠣᠯᠴᠠᠵᠤ᠂ ᠥᠪᠥᠷ ᠮᠣᠩᠭᠤᠯ᠂ ᠯᠢᠶᠣᠤᠨᠢᠩ᠂ | ᠵᠢᠶᠠᠩᠰᠢ᠂ ᠰᠧᠴᠤᠸᠠᠨ᠂ ᠨᠢᠩᠰᠢᠶᠠ᠂ ᠱᠠᠨᠰᠢ ᠵᠡᠷᠭᠡ 6 ᠮᠤᠵᠢ ︵ᠥᠪᠡᠷᠲᠡᠭᠡᠨ ᠵᠠᠰᠠᠬᠤ ᠣᠷᠣᠨ︶ ᠶᠢᠨ ᠣᠷᠣᠨ | ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠪᠣᠯᠤᠨ ᠤᠯᠤᠰ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠮᠤᠵᠢ ᠶᠢᠨ ᠬᠤᠪᠢᠶᠠᠷᠢ ᠪᠠᠩᠬᠢ ᠶᠢᠨ ᠬᠤᠪᠢᠳᠠᠨ ᠬᠠᠮᠢᠶᠠᠷᠴᠤ ᠪᠥᠬᠦᠢ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ ᠥᠪᠥᠷ ᠮᠣᠩᠭᠤᠯ ᠤᠨ ᠣᠷᠣᠨ ᠰᠠᠭᠤᠴᠠ ᠬᠤᠳᠠ | ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠴᠢᠨ ᠢ ᠬᠤᠷᠠᠯ ᠳᠤ ᠣᠷᠣᠯᠴᠠᠨ | ᠤᠭᠲᠤᠯᠭ᠎ᠠ ᠶᠢᠨ ᠶᠠᠷᠢᠶ᠎ᠠ ᠲᠠᠯᠪᠢᠪᠠ᠃ | ᠡᠨᠡ ᠤᠳᠠᠭᠠᠨ ᠤ ᠬᠤᠷᠠᠯ ᠤᠨ ᠭᠤᠣᠯ ᠡᠭᠦᠷᠭᠡ ᠪᠣᠯ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠤᠨ ᠱᠠᠭᠠᠷᠳᠠᠯᠭ᠎ᠠ ᠪᠣᠯᠣᠨ ᠪᠦᠬᠦ ᠤᠯᠤᠰ ᠤᠨ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠬᠦ ᠠᠵᠢᠯ ᠤᠨ ᠲᠤᠬᠠᠶ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠨᠡ ᠵᠢᠯ ᠤᠨ ᠰᠢᠨ᠎ᠡ ᠪᠠᠷ ᠪᠠᠷᠢᠬᠤ ᠭᠡᠵᠦ ᠪᠠᠶᠢᠭ᠎ᠠ ᠳᠦᠭᠦᠮ ᠪᠦᠳᠦᠭᠦᠯᠢᠭ ᠣᠷᠣᠨ | ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠳᠤ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠵᠢᠭᠡᠯᠡᠯᠭᠡ ᠶᠢ | ᠠᠰᠢᠭᠯᠠᠬᠤ ᠠᠵᠢᠯ ᠢ ᠲᠥᠷᠭᠡᠳᠬᠡᠬᠦ ᠠᠵᠢᠯ ᠪᠤᠯᠣᠨ᠎ᠠ᠃ | ᠥᠪᠥᠷ ᠮᠣᠩᠭᠤᠯ᠂ ᠯᠢᠶᠣᠤᠨᠢᠩ᠂ ᠵᠢᠶᠠᠩᠰᠢ᠂ ᠰᠧᠴᠤᠸᠠᠨ᠂ ᠨᠢᠩᠰᠢᠶᠠ᠂ ᠱᠠᠨᠰᠢ ᠵᠡᠷᠭᠡ 6 ᠮᠤᠵᠢ ︵ | ᠥᠪᠡᠷᠲᠡᠭᠡᠨ ᠵᠠᠰᠠᠬᠤ ᠣᠷᠣᠨ︶ ᠶᠢᠨ ᠲᠥᠯᠥᠭᠡᠯᠡᠭᠴᠢᠳ ᠨᠢ ᠳᠥᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠬᠦ ᠦᠢᠯᠡᠴᠢᠯᠡᠭᠡ ᠶᠢ ᠵᠠᠰᠠᠭ ᠤᠨ ᠣᠷᠳᠣᠨ ᠬᠤᠳᠠᠯᠳᠤᠨ ᠠᠪᠬᠤ ᠠᠷᠭ᠎ᠠ ᠬᠡᠮᠵᠢᠶ᠎ᠡ ᠵᠢᠴᠢ ᠳᠡᠮᠵᠢᠯᠭᠡ ᠶᠢᠨ | ᠠᠷᠭ᠎ᠠ ᠬᠡᠮᠵᠢᠶ᠎ᠡ ᠨᠡᠶᠢᠲᠡᠯᠡᠬᠦ᠂ 2016 ᠣᠨ ᠳᠤ ᠰᠢᠨ᠎ᠡ ᠪᠠᠷ ᠪᠠᠷᠢᠯᠭ᠎ᠠ ᠡᠬᠢᠯᠡᠬᠦ ᠭᠡᠵᠦ ᠪᠠᠶᠢᠭ᠎ᠠ ᠳᠥᠭᠦᠮ | ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ ᠶᠢᠨ | ᠪᠠᠩᠬᠢ ᠠᠴᠠ ᠵᠢᠭᠡᠯᠡᠯᠭᠡ ᠭᠤᠶᠤᠴᠢᠯᠠᠬᠤ ᠠᠷᠭ᠎ᠠ ᠬᠡᠯᠪᠡᠷᠢ᠂ ᠰᠢᠨ᠎ᠡ ᠪᠠᠷ ᠪᠠᠷᠢᠬᠤ ᠭᠡᠵᠦ ᠪᠠᠶᠢᠭ᠎ᠠ ᠳᠥᠭᠦᠮ | ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ ᠶᠢᠨ | ᠪᠠᠩᠬᠢ ᠠᠴᠠ ᠵᠢᠭᠡᠯᠡᠯᠭᠡ ᠲᠠᠯᠪᠢᠬᠤ ᠬᠡᠷᠡᠭᠴᠡᠭᠡ᠂ ᠲᠤᠰ ᠮᠤᠵᠢ ᠶᠢᠨ 2016 ᠣᠨ ᠳᠤ ᠰᠢᠨ᠎ᠡ ᠪᠠᠷ ᠪᠠᠷᠢᠬᠤ | ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠳᠤ ᠨᠡᠭᠡᠭᠡᠨ ᠬᠥᠭᠵᠢᠭᠦᠯᠦᠯᠲᠡ ᠶᠢᠨ | ᠪᠠᠩᠬᠢ ᠠᠴᠠ ᠢᠲᠡᠭᠡᠮᠵᠢᠯᠡᠬᠦ᠂ ᠵᠢᠭᠡᠯᠡᠯᠭᠡ ᠶᠢᠨ ᠭᠡᠷ᠎ᠡ ᠲᠣᠭᠲᠠᠭᠠᠬᠤ᠂ ᠵᠢᠭᠡᠯᠡᠯᠭᠡ ᠶᠢᠨ ᠮᠥᠩᠭᠦ ᠣᠯᠬᠤ ᠴᠠᠭ | ᠬᠤᠭᠤᠴᠠᠭ᠎ᠠ ᠶᠢᠨ ᠵᠢᠱᠢᠯᠲᠠ ᠵᠡᠷᠭᠡ ᠠᠰᠠᠭᠤᠳᠠᠯ ᠤᠨ ᠲᠤᠬᠠᠶ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠭᠰᠡᠨ | ᠪᠦᠭᠡᠳ ᠰᠠᠨᠠᠯ ᠢᠶᠠᠨ ᠰᠤᠯᠢᠯᠴᠠᠪᠠ᠃ | ᠲᠤᠰ ᠤᠳᠠᠭᠠᠨ ᠤ ᠬᠤᠷᠠᠯ ᠨᠢ ᠮᠠᠨ ᠤ ᠣᠷᠣᠨ ᠤ ᠡᠨᠡ ᠵᠢᠯ ᠤᠨ ᠳᠥᠭᠦᠮ ᠪᠦᠳᠦᠭᠦᠯᠢᠭ ᠣᠷᠣᠨ | ᠰᠠᠭᠤᠴᠠ ᠶᠢ ᠥᠭᠡᠷᠡᠴᠢᠯᠡᠬᠦ ᠠᠵᠢᠯ ᠤᠨ ︽ᠡᠷᠲᠡ ᠲᠣᠬᠢᠷᠠᠭᠤᠯᠵᠤ᠂ ᠡᠷᠲᠡ ᠡᠬᠢᠯᠡᠭᠦᠯᠵᠦ᠂ ᠡᠷᠲᠡ ᠦᠷ᠎ᠡ | ᠪᠦᠲᠦᠮᠵᠢ ᠤᠯᠬᠤ︾ ᠶᠡᠷᠦᠩᠬᠡᠶ ᠱᠠᠭᠠᠷᠳᠠᠯᠭ᠎ᠠ ᠶᠢᠨ ᠨᠠᠶᠢᠳᠠᠪᠤᠷᠵᠢᠭᠤᠯᠤᠯᠲᠠ ᠳᠤ ᠢᠳᠡᠪᠬᠢᠲᠡᠶ ᠲᠦᠯᠬᠢᠨ ᠠᠬᠢᠭᠤᠯᠬᠤ | ᠦᠢᠯᠡᠳᠦᠯ ᠦᠵᠡᠭᠦᠯᠵᠡᠶ᠃ | |