ᠲᠠᠯ᠎ᠠ ᠨᠣᠲᠤᠭ ᠤᠨ ᠪᠣᠯᠵᠤᠭ᠎ᠠ᠄ ᠥᠪᠥᠷ ᠮᠣᠩᠭᠤᠯ ᠤᠨ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠲᠢᠶᠠᠨᠵᠢᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2016/4/15
           ᠡᠨᠡ ᠤᠳᠠᠭ᠎ᠠ ᠶᠢᠨ ᠪᠡᠭᠡᠵᠢᠩ ᠲᠢᠶᠠᠨᠵᠢᠨ ᠡᠾᠧᠪᠸᠢ ᠳᠤ ᠬᠤᠷᠠᠯᠳᠤᠭᠤᠯᠤᠭᠰᠠᠨ ᠲᠠᠨᠢᠯᠴᠠᠭᠤᠯᠬᠤ ᠬᠤᠷᠠᠯ ᠤᠨ ᠵᠣᠷᠢᠯᠭ᠎ᠠ ᠪᠣᠯ ᠡᠯ᠎ᠡ ᠠᠶᠢᠮᠠᠭ ᠬᠤᠳᠠ ᠨᠤᠭᠤᠳ ᠲᠤᠰ ᠭᠠᠵᠠᠷ ᠤᠨ ᠭᠤᠣᠯ ᠦᠢᠯᠡᠳᠬᠦᠨ᠂ ᠵᠠᠮ ᠱᠤᠭᠤᠮ᠂ ᠦᠨ᠎ᠡ ᠬᠠᠩᠰᠢ ᠶᠢ ᠨᠠᠷᠢᠨ ᠲᠣᠳᠣᠷᠬᠠᠶ ᠲᠠᠨᠢᠯᠴᠠᠭᠤᠯᠵᠤ᠂ 2016 ᠣᠨ ᠤ ᠬᠠᠮᠢᠶ᠎ᠠ ᠪᠦᠬᠦᠢ ᠵᠢᠭᠤᠯᠴᠢᠯᠠᠯ ᠤᠨ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠪᠠ ᠬᠠᠷᠢᠭᠤᠯᠬᠤ᠂ ᠠᠶᠠᠨᠴᠢᠨ ᠤ ᠢᠷᠡᠯᠲᠡ ᠶᠢᠨ ᠭᠠᠵᠠᠷ ᠢ ᠨᠡᠮᠡᠭᠳᠡᠭᠦᠯᠬᠦ ᠎ ᠳᠤ ᠴᠢᠭᠯᠡᠭᠦᠯᠦᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠠᠵᠤ ᠦᠢᠯᠡᠰ ᠢ ᠲᠠᠨᠢᠯᠴᠠᠭᠤᠯᠪᠠ᠃ ᠬᠤᠷᠠᠯ ᠎ ᠳᠤ ᠣᠷᠣᠯᠴᠠᠭᠰᠠᠨ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠺᠣᠮᠫᠠᠨᠢ ᠨᠤᠭᠤᠳ ᠲᠤᠰ ᠲᠤᠰ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠢᠯᠡᠰ ᠲᠤ ᠭᠦᠨ ᠳᠤᠷ᠎ᠠ ᠰᠣᠨᠢᠷᠬᠠᠯ ᠪᠠ ᠢᠲᠡᠭᠡᠯ ᠲᠡᠭᠦᠯᠳᠡᠷ ᠪᠠᠶᠢᠵᠤ᠂ ᠠᠬᠤᠢ ᠲᠠᠯᠠᠪᠠᠢ ᠳᠤ ᠬᠤᠶᠢᠨ᠎ᠠ ᠬᠤᠶᠢᠨ᠎ᠠ ᠠᠴᠠ ᠪᠠᠨ ᠭᠡᠷ᠎ᠡ ᠲᠣᠭᠲᠠᠭᠰᠠᠨ ᠪᠠᠶᠢᠨ᠎ᠠ᠃      ᠡᠯ᠎ᠡ ᠠᠶᠢᠮᠠᠭ ᠬᠤᠳᠠ ᠵᠢᠭᠤᠯᠴᠢᠯᠠᠯ ᠤᠨ ᠦᠢᠯᠡᠳᠬᠦᠨ᠂  ᠵᠠᠮ ᠱᠤᠭᠤᠮ᠂ ᠵᠢᠭᠤᠯᠴᠢᠯᠠᠯ ᠤᠨ ᠲᠦᠷᠦ ᠶᠢᠨ ᠪᠤᠳᠤᠯᠭ᠎ᠠ ᠶᠢ ᠲᠠᠨᠢᠯᠴᠠᠭᠤᠯᠤᠭᠰᠠᠨ ᠠᠴᠠ ᠭᠠᠳᠠᠨ᠎ᠠ᠂ ᠲᠤᠰ ᠤᠳᠠᠭᠠᠨ ᠤ ᠲᠠᠨᠢᠯᠴᠠᠭᠤᠯᠬᠤ ᠬᠤᠷᠠᠯ ᠨᠢ ᠪᠠᠰᠠ ᠮᠣᠩᠭᠤᠯ ᠦᠨᠳᠦᠰᠦᠲᠡᠨ ᠤ ᠵᠠᠩ ᠦᠢᠯᠡ ᠶᠢ ᠲᠤᠤᠱᠯᠠᠭᠤᠯᠪᠠ᠃ ᠬᠤᠷᠠᠯ ᠤᠨ ᠲᠠᠯᠠᠪᠠᠢ ᠳᠤ ᠣᠷᠣᠮᠠᠭᠴᠠ᠂ ᠮᠣᠩᠭᠤᠯ ᠬᠤᠪᠴᠠᠰᠤ ᠴᠢᠮᠡᠭᠯᠡᠯ ᠲᠠᠢ ᠭᠤᠶᠣ ᠬᠡᠦᠬᠡᠨᠴᠦᠳ ᠬᠤᠷᠠᠯ ᠳᠤ ᠢᠷᠡᠭᠰᠡᠨ ᠡᠷᠬᠢᠮ ᠬᠦᠨᠳᠦᠳᠦ ᠵᠣᠴᠢᠳ ᠲᠤ ᠬᠠᠳᠠᠬ ᠪᠠᠷᠢᠵᠤ᠂ ᠬᠦᠨᠳᠦᠳᠬᠡᠯ ᠳᠡᠪᠰᠢᠭᠦᠯᠪᠡ︔ ᠢᠷᠠᠭᠤ ᠴᠡᠭᠡᠯᠬᠡᠨ ᠮᠣᠷᠢᠨ ᠬᠤᠭᠤᠷ ᠤᠨ ᠡᠭᠡᠰᠢᠭ︔ ᠣᠷᠭᠢᠯᠤᠮ᠎ᠠ ᠬᠠᠯᠠᠭᠤᠨ ᠦᠨᠳᠦᠰᠦᠲᠡᠨ ᠤ ᠪᠥᠵᠢᠭ︔ ᠬᠤᠷᠠᠯ ᠤᠨ ᠲᠠᠯᠠᠪᠠᠢ ᠨᠢ ᠶᠠᠭ ᠥᠷᠭᠡᠨ ᠠᠭᠤᠳᠠᠮ ᠲᠠᠯ᠎ᠠ ᠨᠤᠲᠤᠭ ᠲᠤ ᠪᠠᠶᠢᠭ᠎ᠠ ᠰᠢᠭ᠋ ᠪᠠᠶᠢᠯ᠎ᠠ᠃      ᠪᠡᠭᠡᠵᠢᠩ ᠲᠢᠶᠠᠨᠵᠢᠨ ᠡᠾᠧᠪᠸᠢ ᠶᠢ ᠲᠣᠭᠤᠷᠢᠭᠰᠠᠨ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ ᠤᠨ ᠣᠷᠣᠨ ᠢ ᠭᠤᠣᠯᠳᠠᠯᠭ᠎ᠠ ᠲᠠᠢ ᠰᠣᠩᠭᠤᠨ ᠲᠠᠨᠢᠯᠴᠠᠭᠤᠯᠵᠤ᠂ ᠪᠡᠭᠡᠵᠢᠩ ᠲᠢᠶᠠᠨᠵᠢᠨ ᠾᠧᠪᠸᠢ ᠶᠢᠨ ᠵᠢᠭᠤᠯᠴᠢᠯᠠᠭᠴᠢᠳ ᠎ ᠲᠤ ᠵᠣᠷᠢᠭᠵᠢᠭᠤᠯᠵᠤ ᠪᠠᠶᠢᠯ᠎ᠠ᠃      ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠪᠡᠭᠡᠵᠢᠩ ᠲᠢᠶᠠᠨᠵᠢᠨ ᠾᠧᠪᠧᠶ᠂ ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ ᠭᠤᠣᠯ ᠪᠣᠯᠬᠤ ᠲᠠᠯ᠎ᠠ ᠨᠣᠲᠤᠭ᠂ ᠮᠥᠰᠥ ᠴᠠᠰᠤ ᠵᠡᠷᠭᠡ ᠦᠢᠯᠡᠳᠬᠦᠨ ᠪᠠ ᠵᠠᠮ ᠱᠤᠭᠤᠮ ᠳᠤ ᠴᠢᠭᠯᠡᠭᠦᠯᠪᠡ᠃ ᠪᠡᠭᠡᠵᠢᠩ ᠲᠢᠶᠠᠨᠵᠢᠨ ᠡᠾᠧᠪᠸᠢ ᠶᠢᠨ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ ᠤᠨ ᠣᠷᠣᠨ ᠪᠣᠯ ᠶᠠᠭ ᠡᠨᠡ ᠬᠦ ᠪᠠᠶᠢᠯᠳᠤᠬᠤ ᠪᠤᠳᠤᠯᠭ᠎ᠠ ᠶᠢᠨ ᠪᠣᠳᠠᠲᠠᠶ ᠢᠯᠡᠷᠡᠯ ᠮᠥᠨ᠂ ᠤᠯᠠᠭᠠᠨᠴᠠᠪ᠂ ᠰᠢᠯᠢ ᠶᠢᠨ ᠭᠤᠣᠯ᠂ ᠤᠯᠠᠭᠠᠨᠬᠠᠳᠠ ᠶᠢᠨ ᠭᠠᠵᠠᠷ ᠣᠷᠣᠨ ᠢ ᠬᠠᠮᠤᠷᠴᠤ᠂ ᠲᠠᠯ᠎ᠠ ᠨᠤᠲᠤᠭ᠂ ᠮᠣᠩᠭᠤᠯ ᠰᠣᠶᠣᠯ᠂ ᠤᠯᠠᠭᠠᠨᠬᠠᠳᠠ ᠶᠢᠨ ᠰᠣᠶᠣᠯ᠂ ᠯᠢᠶᠣᠤ ᠶᠢᠨ ᠰᠣᠶᠣᠯ᠂ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠭᠳᠡᠯ᠂ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠢᠶᠠᠷ ᠭᠤᠣᠯ ᠪᠣᠯᠭᠠᠭᠰᠠᠨ ᠵᠢᠭᠤᠯᠴᠢᠯᠠᠯ ᠤᠨ ᠣᠷᠣᠨ ᠪᠦᠰᠡ ᠪᠣᠯᠣᠨ᠎ᠠ᠃ ᠡᠭᠦᠨ ᠳᠤ᠂ ᠨᠡᠯᠢᠶᠡᠳ ᠨᠡᠷᠡᠲᠡᠶ ᠦᠵᠡᠮᠵᠢᠲᠦ ᠣᠷᠣᠨ ᠨᠢ ᠰᠢᠯᠢ ᠶᠢᠨ ᠭᠤᠣᠯ ᠤᠨ ᠲᠠᠯ᠎ᠠ ᠨᠤᠲᠤᠭ᠂ ᠳᠠᠯᠠᠢ ᠨᠠᠭᠤᠷ ᠂ ᠠᠰᠠᠭᠲᠤ ᠶᠢᠨ ᠴᠢᠯᠠᠭᠤᠨ ᠣᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠵᠡᠷᠭᠡ ᠵᠢᠭᠤᠯᠴᠢᠯᠠᠯ ᠤᠨ ᠦᠵᠡᠮᠵᠢᠲᠦ ᠣᠷᠣᠨ ᠪᠠᠶᠢᠪᠠ᠃      ᠥᠩᠭᠡᠷᠡᠭᠰᠡᠨ ᠤ ᠬᠥᠮᠦᠰ ᠤᠨ ᠰᠠᠭᠤᠭᠳᠠᠯ ᠳᠤ᠂ ᠥᠪᠥᠷ ᠮᠣᠩᠭᠤᠯ ᠤᠨ ᠵᠢᠭᠤᠯᠴᠢᠯᠠᠯ ᠨᠢ ᠡᠬᠢ ᠪᠠᠶᠠᠯᠢᠭ ᠢᠶᠠᠷ ᠭᠤᠣᠯ ᠪᠣᠯᠭᠠᠵᠤ᠂ ᠦᠢᠯᠡᠳᠬᠦᠨ ᠨᠢ ᠡᠯᠪᠡᠭ ᠪᠠᠶᠠᠯᠢᠭ ᠪᠢᠰᠢ ᠪᠠᠶᠢᠪᠠ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠎ ᠲᠠᠢ ᠨᠢᠭᠲᠠ ᠤᠶᠠᠯᠳᠤᠭᠤᠯᠤᠨ᠂ ᠥᠪᠡᠷ ᠤᠨ ᠡᠬᠢ ᠪᠠᠶᠠᠯᠢᠭ ᠤᠨ ᠣᠨᠴᠠᠯᠢᠭ ᠪᠠ ᠪᠦᠬᠦ ᠴᠠᠷᠠᠭ᠎ᠠ ᠶᠢᠨ ᠵᠢᠭᠤᠯᠴᠢᠯᠠᠯ ᠤᠨ ᠣᠨᠣᠯᠵᠢᠬᠤᠨ ᠲᠠᠢ ᠪᠠᠨ ᠤᠶᠠᠯᠳᠤᠭᠤᠯᠵᠤ᠂ ︽643X︾ ᠨᠡᠷᠡᠳᠤ ᠳᠡᠮᠳᠡᠭ ᠤᠨ ᠰᠢᠰᠲ᠋ᠧᠮᠵᠢ ᠶᠢ ᠳᠤᠷᠠᠳᠪᠠ᠃      ᠡᠨᠡ ᠤᠳᠠᠭᠠᠨ ᠤ ︽ᠲᠠᠯ᠎ᠠ ᠨᠤᠲᠤᠭ ᠤᠨ ᠪᠣᠯᠵᠤᠭ᠎ᠠ︾ ᠰᠢᠷᠢᠰ ᠲᠠᠨᠢᠯᠴᠠᠭᠤᠯᠬᠤ ᠬᠤᠷᠠᠯ ᠳᠡᠭᠡᠷ᠎ᠡ ᠡᠯ᠎ᠡ ᠠᠶᠢᠮᠠᠭ ᠬᠤᠳᠠ ᠨᠤᠭᠤᠳ ᠲᠤᠬᠠᠶ ᠶᠢᠨ ᠭᠠᠵᠠᠷ ᠤᠨ ᠭᠤᠣᠯ ᠦᠢᠯᠡᠳᠬᠦᠨ᠂ ᠵᠠᠮ ᠱᠤᠭᠤᠮ᠂ ᠦᠨ᠎ᠡ ᠬᠠᠩᠰᠢ ᠶᠢᠨ ᠲᠠᠨᠢᠯᠴᠠᠭᠤᠯᠭ᠎ᠠ ᠪᠠ 2016 ᠣᠨ ᠤ ᠬᠠᠮᠢᠶ᠎ᠠ ᠪᠦᠬᠦᠢ ᠵᠢᠭᠤᠯᠴᠢᠯᠠᠯ ᠤᠨ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠳᠤ ᠴᠢᠭᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ︾᠎ ᠤᠨ ︽643 X︾ ᠨᠡᠷᠡᠳᠤ ᠳᠡᠮᠳᠡᠭ ᠤᠨ ᠰᠢᠰᠲ᠋ᠧᠮᠵᠢ ᠶᠢ ᠳᠡᠯᠭᠡᠷᠡᠭᠦᠯᠬᠦ ᠪᠠᠶᠢᠯᠳᠤᠬᠤ ᠪᠤᠳᠤᠯᠭ᠎ᠠ ᠶᠢ ᠵᠢᠷᠤᠮᠯᠠᠨ᠂ ᠳᠥᠷᠪᠡᠨ ᠲᠣᠮᠣ ᠣᠷᠣᠨ ᠪᠦᠰᠡ ᠶᠢᠨ ᠨᠡᠷᠡᠲᠦ ᠲᠡᠮᠳᠡᠭ ᠪᠣᠯᠤᠨ ᠭᠤᠷᠪᠠᠳᠤᠭᠠᠷ ᠳᠡᠰ ᠤᠨ ᠨᠡᠷᠡᠲᠦ ᠲᠡᠮᠳᠡᠭ ᠤᠨ ᠵᠠᠮ ᠱᠤᠭᠤᠮ ᠳᠤ ᠴᠥᠮ ᠮᠠᠰᠢ ᠪᠠᠶᠠᠯᠢᠭ ᠠᠭᠤᠯᠭ᠎ᠠ ᠢᠯᠡᠷᠡᠵᠦ ᠪᠣᠢ᠃ ᠡᠭᠦᠨ ᠳᠤ᠂ ᠪᠠᠷᠠᠭᠤᠨ ᠬᠤᠶᠢᠲᠤ ᠣᠷᠣᠨ ᠤ ᠬᠠᠳᠤᠨ ᠭᠤᠣᠯ᠂ ᠴᠡᠯᠡᠭᠡᠷ ᠲᠠᠯ᠎ᠠ᠂ ᠬᠠᠭᠠᠨ ᠡᠵᠡᠳ ᠤᠨ ᠣᠩᠭᠤᠨ ᠵᠡᠷᠭᠡ ᠴᠢᠬᠤᠯᠠ ᠡᠯᠧᠮᠧᠨ᠋ᠲ ᠢᠶᠠᠷ ᠭᠤᠣᠯ ᠪᠣᠯᠭᠠᠭᠰᠠᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠪᠡ︔ ᠪᠦᠸᠧᠬᠠᠶ ᠲᠠᠩᠭᠢᠰ ᠢ ᠲᠣᠭᠤᠷᠢᠭᠰᠠᠨ ᠣᠷᠣᠨ ᠪᠦᠰᠡ ᠶᠢᠨ ᠭᠤᠣᠯ ᠲᠠᠯ᠎ᠠ ᠨᠤᠲᠤᠭ ᠂ ᠮᠥᠰᠥ ᠴᠠᠰᠤ ᠵᠡᠷᠭᠡ ᠦᠢᠯᠡᠳᠬᠦᠨ ᠪᠠ ᠵᠠᠮ ᠱᠤᠭᠤᠮ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠨᠡ ᠬᠦ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠮᠥᠰᠥ ᠴᠠᠰᠤᠨ ᠤ ᠵᠢᠭᠤᠯᠴᠢᠯᠠᠯ ᠲᠠᠢ ᠨᠡᠶᠢᠯᠡᠵᠦ︔ ᠵᠡᠭᠦᠨ ᠬᠤᠶᠢᠲᠤ ᠣᠷᠣᠨ ᠲᠡᠰᠢ ᠴᠢᠭᠯᠡᠭᠦᠯᠦᠨ᠂ ᠲᠤᠰ ᠪᠡᠶ᠎ᠡ ᠶᠢᠨ ᠮᠥᠰᠥ ᠴᠠᠰᠤ ᠪᠠ ᠲᠠᠯ᠎ᠠ ᠨᠤᠲᠤᠭ ᠤᠨ ᠠᠮᠢ ᠠᠬᠤᠶ ᠶᠢᠨ ᠳᠠᠪᠠᠭᠤᠯᠢᠭ ᠲᠠᠯ᠎ᠠ ᠪᠠᠨ ᠦᠷᠭᠦᠯᠵᠢᠯᠡᠨ ᠪᠠᠳᠠᠷᠠᠭᠤᠯᠵᠤ᠂ ᠶᠡᠭᠡ ᠭᠤᠪᠢ ᠶᠢᠨ ᠵᠠᠩ ᠦᠢᠯᠡ ᠪᠠ ᠠᠯᠠᠱᠠ ᠶᠢᠨ ᠨᠢᠭᠤᠴᠠ ᠪᠠᠷᠲᠠᠭ᠎ᠠ ᠶᠢᠨ ᠰᠢᠨᠵᠢᠯᠡᠭᠡ ᠵᠡᠷᠭᠡ ᠰᠢᠨ᠎ᠡ ᠳᠤᠷ᠎ᠠ ᠰᠣᠨᠢᠷᠬᠠᠯ ᠪᠠ ᠰᠣᠩᠭᠤᠯᠲᠠ ᠶᠢ ᠨᠡᠮᠡᠵᠡᠢ᠃ ᠪᠦᠬᠦ ᠤᠯᠠᠷᠢᠯ ᠤᠨ ᠵᠢᠭᠤᠯᠴᠢᠯᠠᠯ ᠤᠨ ᠰᠠᠭᠤᠷᠢᠨ ᠳᠡᠭᠡᠷ᠎ᠡ᠂ ᠥᠪᠥᠷ ᠮᠣᠩᠭᠤᠯ ᠣᠷᠣᠨ ᠪᠦᠰᠡ ᠶᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠪᠠᠷ ᠴᠥᠮ ᠦᠯᠡᠮᠵᠢ ᠣᠯᠠᠨ ᠠᠶᠠᠨᠴᠢᠨ ᠤ ᠢᠷᠡᠯᠲᠡ ᠶᠢᠨ ᠭᠠᠵᠠᠷ ᠤᠨ ᠬᠤᠯᠪᠣᠭᠳᠠᠯ ᠪᠦᠬᠦᠢ ᠦᠡᠭᠬᠡ ᠦᠵᠡᠮᠵᠢ ᠪᠠ ᠰᠣᠶᠣᠯ ᠢ ᠭᠦᠢᠴᠡᠳ ᠵᠣᠯᠭᠠᠭᠤᠯᠵᠤ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠠᠷ ᠬᠦᠴᠦᠯᠡᠨ ᠴᠢᠷᠮᠠᠶᠢᠵᠤ ᠪᠣᠢ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠥᠪᠡᠷ ᠤᠨ ᠡᠬᠢ ᠪᠠᠶᠠᠯᠢᠭ ᠤᠨ ᠣᠨᠴᠠᠯᠢᠭ ᠪᠠ ᠪᠦᠬᠦ ᠴᠠᠷᠠᠭ᠎ᠠ ᠶᠢᠨ ᠵᠢᠭᠤᠯᠴᠢᠯᠠᠯ ᠤᠨ ᠣᠨᠣᠯᠵᠢᠬᠤᠨ ᠲᠠᠢ ᠤᠶᠠᠯᠳᠤᠭᠤᠯᠵᠤ᠂ ᠲᠡᠰᠦᠷᠡᠯᠳᠠ ᠤᠢᠭᠡᠢ ᠰᠢᠨ᠎ᠡ ᠶᠢ ᠡᠭᠦᠳᠬᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠵᠠᠢ᠂ ᠡᠨᠡ ᠨᠢ ᠮᠥᠨ ᠴᠦ ᠮᠠᠨ ᠤ ᠮᠠᠰᠢ ᠲᠦᠷᠭᠡᠨ ᠬᠥᠭᠵᠢᠭᠰᠡᠨ ᠤ ᠴᠢᠬᠤᠯᠠ ᠰᠢᠯᠲᠠᠭᠠᠨ ᠪᠣᠯᠤᠨ᠎ᠠ︾᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠤᠳᠤᠷᠢᠳᠤᠯᠭ᠎ᠠ ︽ᠡᠨᠡ ᠤᠳᠠᠭ᠎ᠠ ᠶᠢᠨ ᠲᠠᠨᠢᠯᠴᠠᠭᠤᠯᠬᠤ ᠬᠤᠷᠠᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠳᠡᠰ ᠳᠡᠪᠰᠢᠬᠦ ᠪᠠ ᠬᠡᠯᠪᠡᠷᠢ ᠪᠠᠨ ᠬᠤᠪᠢᠷᠠᠭᠤᠯᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠪᠦᠬᠦ ᠤᠯᠤᠰ ᠲᠡᠷᠡᠴᠢᠯᠡᠨ ᠳᠡᠯᠡᠬᠡᠶ ᠶᠢᠨ ᠲᠠᠪᠴᠠᠩ ᠲᠤ ᠭᠠᠷᠬᠤ ᠴᠢᠬᠤᠯᠠ ᠱᠠᠳᠤ ᠪᠣᠯᠵᠤ᠂ ᠤᠯᠠᠮ ᠠᠷᠪᠢᠨ ᠬᠥᠮᠥᠰ ᠥᠪᠥᠷ ᠮᠣᠩᠭᠤᠯ ᠢ ᠣᠶᠢᠯᠠᠭᠠᠵᠤ᠂ ᠥᠪᠥᠷ ᠮᠣᠩᠭᠤᠯ ᠳᠤ ᠢᠷᠡᠵᠦ ᠥᠪᠥᠷ ᠮᠣᠩᠭᠤᠯ ᠤᠨ ᠥᠩᠭᠡ ᠦᠵᠡᠮᠵᠢ ᠪᠠ ᠵᠠᠩ ᠵᠠᠩᠰᠢᠯ ᠢ ᠣᠶᠢᠯᠭᠠᠨ᠎ᠠ ᠭᠡᠳᠡᠭ ᠢ ᠪᠢ ᠢᠲᠡᠭᠡᠵᠦ ᠪᠠᠶᠢᠨ᠎ᠠ︾ ᠭᠡᠵᠦ ᠢᠯᠡᠷᠬᠡᠶᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号