ᠥᠪᠥᠷ ᠮᠣᠩᠭᠤᠯ 2016 ᠣᠨ ᠤ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠢ ᠠᠬᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ  ᠸᠠᠩ ᠢᠤᠢ ᠮᠢᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2016/4/15
     4 ᠳ᠋ᠤᠭᠡᠷ ᠰᠠᠷ᠎ᠠ ᠶᠢᠨ 13᠎ ᠤ ᠡᠳᠦᠷ᠂ ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠡᠯ᠎ᠡ ᠭᠠᠵᠠᠷ ᠤᠨ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠳᠤᠷᠰᠢᠯᠭ᠎ᠠ ᠶᠢ ᠳ᠋ᠦᠩᠨᠡᠵᠤ᠂ 2016 ᠤᠨ ᠤ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠢ ᠠᠬᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠳᠡᠳ᠋ ᠳᠠᠷᠢᠭᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠨ ᠶᠠᠷᠢᠶ᠎ᠠ ᠳᠠᠯᠪᠢᠪᠠ᠃      ᠸᠠᠩ ᠢᠤᠢ ᠮᠢᠩ ᠵᠢᠭᠠᠵᠤ ᠭᠠᠷᠭᠠᠭᠰᠠᠨ ᠨᠢ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠪᠤᠯ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ ᠪᠠᠶᠢᠭᠤᠯᠤᠯ ᠳᠤᠭᠳᠠᠴᠠ ᠶᠢᠨ ᠴᠢᠬᠤᠯᠠ ᠶᠡᠭᠡ ᠰᠢᠨ᠎ᠠ ᠡᠭᠦᠳᠦᠯᠲᠡ ᠪᠤᠯᠤᠨ᠎ᠠ᠃ ᠢᠨᠵᠧᠨᠧᠷᠢᠩ ᠢ ᠡᠬᠢᠯᠡᠨ ᠬᠡᠷᠡᠭᠵᠢᠭᠦᠯᠦᠭᠰᠡᠨ ᠠᠴᠠ ᠨᠠᠰᠢᠬᠢ 2 ᠵᠢᠯ ᠭᠠᠷᠤᠢ ᠶᠢᠨ ᠬᠤᠭᠤᠴᠠᠭᠠᠨ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠵᠢᠯᠤᠭᠤᠳᠤᠯᠭ᠎ᠠ ᠳᠤᠤᠷ᠎ᠠ᠂ ᠶᠠᠳᠠᠭᠤ ᠶᠢ ᠳᠡᠳᠭᠦᠭᠦ ᠠᠯᠪᠠᠨ ᠭᠡᠷ ᠪᠤᠯᠤᠨ ᠳᠠᠷᠢᠶᠠᠯᠠᠩ ᠤᠨ ᠪᠠᠩᠬᠢ ᠰᠡᠳᠬᠢᠴᠡ ᠶᠢᠨ ᠰᠢᠨ᠎ᠠ ᠶᠢ ᠡᠭᠦᠳᠴᠦ᠂ ᠳᠤᠭᠳᠠᠴᠠ ᠪᠠᠨ ᠳᠡᠭᠦᠯᠳᠡᠷᠵᠢᠭᠦᠯᠵᠤ᠂ ᠠᠶᠢᠮᠠᠭ ᠬᠤᠲᠠ ᠬᠤᠰᠢᠭᠤ ᠰᠢᠶᠠᠨ ᠤᠳᠤᠷᠢᠳᠤᠯᠭ᠎ᠠ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠢᠨᠵᠧᠨᠧᠷᠢᠩ ᠤᠨ ᠠᠵᠢᠯ ᠢᠯᠡᠳᠳᠡ ᠠᠮᠵᠢᠯᠳᠠ ᠣᠯᠵᠣ᠂ ᠶᠠᠳᠠᠭᠤ ᠠᠴᠠ ᠠᠩᠬᠢᠵᠢᠷᠠᠭᠤᠯᠬᠤ ᠰᠢᠪᠲᠦᠯᠦᠯᠲᠡ ᠶᠢ ᠲᠦᠯᠬᠢᠨ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠠᠢ᠃      ᠸᠠᠩ ᠢᠤᠢ ᠮᠢᠩ ᠱᠠᠭᠠᠷᠳᠠᠭᠰᠠᠨ ᠨᠢ᠂ ᠡᠯ᠎ᠠ ᠱᠠᠳᠤᠨ ᠤ ᠵᠠᠰᠠᠭ ᠤᠨ ᠤᠷᠳᠤᠨ ᠵᠢᠴᠢ ᠶᠠᠳᠠᠭᠤ ᠶᠢ ᠳᠡᠳᠭᠦᠭᠦ ᠠᠯᠪᠠᠨ ᠬᠡᠷ᠂ ᠳᠠᠷᠢᠶᠠᠯᠠᠩ ᠤᠨ ᠪᠠᠩᠬᠢ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠢ ᠴᠢᠬᠤᠯᠠ ᠭᠤᠣᠯᠳᠠᠯᠭ᠎ᠠ ᠪᠣᠯᠭᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠶᠠᠳᠠᠭᠤ ᠠᠴᠠ ᠠᠩᠬᠢᠵᠢᠷᠠᠭᠤᠯᠬᠤ ᠰᠢᠪᠲᠦᠯᠦᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠶᠠᠳᠠᠭᠤ ᠶᠢ ᠳᠡᠳᠭᠦᠭᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠤᠨ ᠪᠥᠷᠬᠦᠴᠡ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ︔ ᠮᠦᠩᠭᠦᠨ ᠭᠦᠢᠯᠭᠡᠭᠡ ᠪᠠᠷ ᠶᠠᠳᠠᠭᠤ ᠶᠢ ᠣᠨᠣᠪᠴᠢᠲᠠᠢ ᠳᠡᠳᠭᠦᠭᠦ ᠶᠢ ᠨᠠᠶᠢᠳᠠᠪᠤᠷᠢᠵᠢᠭᠤᠯᠵᠤ᠂ ᠶᠠᠳᠠᠭᠤ ᠶᠢ ᠳᠡᠳᠭᠦᠭᠦ ᠪᠡᠯᠡ ᠮᠥᠡᠭᠭᠦ ᠶᠢ ᠵᠠᠩᠭᠢᠯᠠᠭ᠎ᠠ ᠶᠢᠨ ᠭᠠᠵᠠᠷ ᠬᠡᠷᠡᠭᠯᠡᠵᠦ᠂ ᠲᠣᠬᠢᠲᠠᠢ ᠠᠰᠢᠭᠯᠠᠬᠤ ᠬᠡᠷᠡᠭᠲᠡᠢ᠃ ᠲᠦᠭᠰᠢᠭᠦᠷᠢ ᠶᠢ ᠡᠵᠡᠮᠳᠡᠭᠦ ᠡᠷᠴᠢᠮ ᠢᠶᠠᠨ ᠴᠢᠩᠭᠠᠷᠠᠭᠤᠯᠵᠤ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠪᠠ ᠡᠵᠡᠮᠳᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠦᠭᠰᠢᠭᠦᠷᠢ ᠶᠢᠨ ᠨᠥᠬᠦᠪᠦᠷᠢ ᠥᠭᠬᠦ ᠲᠥᠷᠦ ᠶᠢᠨ ᠪᠣᠳᠣᠯᠭ᠎ᠠ᠂ ᠪᠠᠩᠭᠢ ᠶᠢᠨ ᠬᠠᠮᠢᠶ᠎ᠡ ᠪᠥᠬᠦᠢ ᠲᠥᠷᠦ ᠶᠢᠨ ᠪᠣᠳᠣᠯᠭ᠎ᠠ ᠶᠢ ᠢᠳᠡᠪᠬᠢᠲᠡᠢ ᠠᠰᠢᠭᠯᠠᠨ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ︔ ᠬᠤᠯᠪᠤᠭᠠᠲᠤ ᠬᠤᠷᠠᠯᠳᠤᠭᠠᠨ ᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠤᠨ ᠳᠤᠮᠳᠠᠬᠢ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠰᠣᠳᠣᠯᠣᠨ ᠰᠢᠢᠳᠪᠦᠷᠢᠯᠡᠵᠦ᠂ ᠢᠨᠵᠧᠨᠧᠷᠢᠩ ᠤᠨ ᠵᠣᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠠᠢ᠃      ᠬᠤᠷᠠᠯ ᠳᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠭᠦᠭᠦ ᠠᠯᠪᠠᠨ ᠬᠡᠷ᠂ ᠳᠤᠮᠳᠠᠳᠤ ᠣᠯᠣᠰ ᠤᠨ ᠳᠠᠷᠢᠶᠠᠯᠠᠩ ᠤᠨ ᠪᠠᠩᠬᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠬᠢ ᠬᠠᠮᠳᠤᠷᠠᠨ 2013 — 2015 ᠤᠨ ᠤ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠤᠨ ᠳᠡᠷᠢᠭᠦᠨ ᠤ ᠬᠠᠮᠳᠤ᠂ ᠳᠡᠷᠢᠭᠦᠨ ᠤ ᠬᠤᠪᠢ ᠬᠦᠮᠦᠨ ᠪᠣᠯᠣᠨ ᠵᠠᠭᠪᠤᠷ ᠤᠨ ᠰᠢᠨ᠎ᠠ ᠶᠢ ᠡᠭᠦᠳᠦᠭᠰᠡᠨ ᠨᠡᠶᠢᠳᠡᠯᠢᠭ ᠵᠢᠱᠢᠶ᠎ᠡ ᠶᠢ ᠰᠠᠶᠢᠰᠢᠶᠠᠨ ᠬᠦᠬᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号