ᠨᠢᠭᠡᠳᠦᠭᠡᠷ ᠤᠯᠠᠷᠢᠯ ᠳᠤ ᠪᠦᠬᠦ ᠣᠷᠣᠨ ᠤ 60 ᠲᠦᠮᠡ ᠰᠢᠬᠠᠮ ᠡᠷᠦᠬᠡ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢᠳ 4.64 ᠳ᠋ᠦᠩᠰᠢᠭᠤᠷ ᠲᠦᠭᠦᠷᠢᠭ ᠤᠨ ᠥᠷᠲᠡᠭ ᠨᠡᠮᠡᠭᠳᠡᠯ ᠤᠨ ᠭᠠᠶᠢᠯᠢ ᠶᠢᠨ ᠬᠠᠷᠠᠭᠠᠯᠵᠠᠯ ᠬᠦᠷᠲᠡᠪᠡ
ᠨᠡᠶᠢᠲᠡᠯᠡᠭᠰᠡᠨ ᠴᠠᠭ᠄
2016/4/15
      ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠤᠯᠤᠰ ᠤᠨ ᠭᠠᠶᠢᠯᠢ ᠶᠢᠨ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠡᠭᠡᠳᠦ ᠬᠡᠮᠵᠢᠶᠡᠨ ᠠᠴᠠ ᠡᠭᠦᠰᠴᠦ᠂ ᠤᠯᠤᠰ ᠠᠴᠠ ᠪᠠᠭ᠎ᠠ ᠪᠢᠴᠢᠯ ᠭᠠᠶᠢᠯᠢ ᠲᠤᠰᠢᠶᠠᠭᠴᠢ ᠶᠢᠨ ᠦᠷᠲᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠤᠨ ᠲᠥᠰᠦᠭᠡᠯᠡᠨ ᠪᠣᠳᠤᠯᠲᠠ ᠶᠢ ᠤᠯᠠᠮ ᠰᠠᠶᠢᠲᠤᠷ ᠬᠢᠵᠦ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠭᠠᠶᠢᠯᠢ ᠲᠤᠰᠢᠶᠠᠬᠤ ᠵᠢᠯᠤᠭᠤᠳᠤᠯᠭ᠎ᠠ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠭᠤᠣᠯᠳᠠᠯᠭᠠᠲᠤ ᠠᠵᠢᠯ ᠪᠣᠯᠭᠠᠨ ᠲᠤᠰᠬᠠᠶᠢᠯᠠᠨ ᠰᠢᠮᠳᠠᠭᠤᠯᠤᠨ ᠵᠢᠯᠤᠭᠤᠳᠴᠤ᠂ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠂ ᠪᠦᠲᠦᠴᠡ ᠶᠢᠨ ᠴᠢᠨᠠᠷᠲᠠᠶ ᠭᠠᠶᠢᠯᠢ ᠬᠥᠩᠭᠡᠯᠡᠬᠦ ᠲᠦᠷᠦ ᠶᠢᠨ ᠪᠤᠳᠤᠯᠭ᠎ᠠ ᠶᠢᠨ ︽ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠦᠳᠡᠯᠭᠡᠬᠦ ᠬᠦᠴᠦᠨ ᠢ ᠨᠡᠮᠡᠭᠳᠡᠭᠦᠯᠬᠦ︾ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ ᠪᠥᠬᠦ ᠣᠷᠣᠨ ᠤ ᠪᠠᠭ᠎ᠠ ᠬᠡᠮᠵᠢᠶᠡᠨ ᠤ ᠭᠠᠶᠢᠯᠢ ᠲᠣᠰᠢᠶᠠᠭᠴᠢ ᠶᠢᠨ ᠦᠷᠲᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠠᠶᠢᠭ᠎ᠠ ᠠᠵᠤ ᠠᠬᠤᠶᠢᠯᠠᠯ ᠵᠢᠴᠢ ᠠᠵᠤ ᠠᠬᠤᠶᠢᠯᠠᠯ ᠤᠨ ᠪᠤᠰᠤ ᠨᠢᠭᠡᠴᠡ 8.56 ᠲᠦᠮᠡᠨ ᠡᠷᠦᠬᠡ ᠪᠠᠶᠢᠵᠤ᠂ ᠶᠡᠷᠦᠩᠬᠡᠶ ᠲᠣᠭᠠᠨ ᠤ 96.9%᠎ ᠶᠢ ᠡᠵᠡᠯᠡᠨ᠂ ᠪᠦᠷᠬᠦᠴᠡ ᠨᠢ 96.9% ᠬᠦᠷᠴᠦ᠂ 0.14 ᠳ᠋ᠦᠩᠰᠢᠭᠤᠷ ᠲᠥᠭᠦᠷᠢᠭ ᠤᠨ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠪᠡ︔ ᠪᠦᠬᠦ ᠣᠷᠣᠨ ᠤᠨ ᠦᠷᠳᠡᠭ ᠨᠡᠮᠡᠭᠳᠡᠯ ᠤᠨ ᠭᠠᠶᠢᠯᠢ ᠶᠢ ᠡᠬᠢᠯᠡᠨ ᠲᠠᠲᠠᠪᠤᠷᠢᠯᠠᠬᠤ ᠴᠡᠭ ᠠᠴᠠ ᠳᠣᠣᠭᠤᠷ ᠬᠤᠪᠢ ᠶᠢᠨ ᠦᠢᠯᠡᠳᠪᠦᠷᠢ ᠬᠤᠳᠠᠯᠳᠤᠭᠠᠴᠢᠨ 51.08 ᠲᠦᠮᠡᠨ ᠡᠷᠦᠬᠡ ᠪᠠᠶᠢᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ 98.15%᠎ ᠶᠢ ᠡᠵᠡᠯᠡᠨ᠂ 4.5 ᠳ᠋ᠦᠩᠰᠢᠭᠤᠷ ᠲᠥᠭᠦᠷᠢᠭ ᠤᠨ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠪᠡ᠃ ᠬᠤᠶᠠᠷ ᠵᠦᠢᠯ ᠢ ᠨᠡᠶᠢᠯᠡᠭᠦᠯᠦᠨ ᠪᠣᠳᠤᠪᠠᠯ ᠦᠷᠲᠡᠭ ᠨᠡᠮᠡᠭᠳᠡᠯ ᠤᠨ ᠭᠠᠶᠢᠯᠢ ᠶᠢᠨ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠶᠢ ᠬᠦᠷᠲᠡᠵᠦ ᠪᠠᠶᠢᠭ᠎ᠠ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢᠳ 59.64 ᠲᠦᠮᠡᠨ ᠡᠷᠦᠬᠡ ᠪᠠᠶᠢᠵᠤ᠂ ᠶᠡᠷᠦᠩᠬᠡᠶ ᠡᠷᠤᠭᠡ ᠶᠢᠨ ᠲᠣᠭᠠᠨ ᠤ 97.96%᠎ ᠶᠢ ᠡᠵᠡᠯᠡᠨ᠂ ᠨᠡᠶᠢᠲᠡ 4.64 ᠳ᠋ᠦᠩᠰᠢᠭᠤᠷ ᠲᠥᠭᠦᠷᠢᠭ ᠤᠨ ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号