ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽13·5︾᠎ ᠶᠢᠨ ᠬᠤᠭᠤᠴᠠᠭᠠᠨ ᠳᠤ ᠪᠡᠭᠡᠵᠢᠩ ᠬᠤᠲᠠ ᠶᠢᠨ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠲᠤᠰᠠᠯᠠᠬᠤ ᠵᠢᠴᠢ ᠪᠡᠭᠡᠵᠢᠩ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠳ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠠᠵᠢᠯ ᠢ ᠡᠬᠢᠯᠡᠭᠦᠯᠬᠦ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2016/4/15
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽13·5︾᠎ ᠶᠢᠨ ᠬᠤᠭᠤᠴᠠᠭᠠᠨ ᠳᠤ ᠪᠡᠭᠡᠵᠢᠩ ᠬᠤᠲᠠ ᠶᠢᠨ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠲᠤᠰᠠᠯᠠᠬᠤ ᠵᠢᠴᠢ ᠪᠡᠭᠡᠵᠢᠩ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠳ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠠᠵᠢᠯ ᠢ ᠡᠬᠢᠯᠡᠭᠦᠯᠬᠦ ᠬᠤᠷᠠᠯ ᠢ ᠬᠤᠷᠠᠯᠳᠤᠪᠠ
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠬᠢᠭᠡᠳ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠪᠡᠳᠡᠬᠢ ᠬᠠᠪᠤᠳᠠᠷ ᠤᠨ ᠡᠮᠨᠡᠯᠭᠡ ᠶᠢᠨ ᠬᠤᠷᠢᠶ᠎ᠠ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠳᠡᠬᠢ ᠬᠠᠪᠤᠳᠠᠷ ᠤᠨ ᠡᠮᠨᠡᠯᠭᠡ ᠶᠢᠨ ᠬᠤᠷᠢᠶ᠎ᠠ ᠡᠮᠨᠡᠯᠭᠡ ᠶᠢᠨ ᠬᠤᠷᠢᠶᠠᠳ ᠢ ᠲᠦᠯᠦᠭᠡᠯᠡᠨ ︽︿13·5﹀ ᠪᠡᠭᠡᠵᠢᠩ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠳ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠲᠦᠰᠦᠪᠯᠡᠯ ᠤᠨ ᠬᠡᠯᠡᠯᠴᠡᠭᠡᠷ︾ ᠲᠤᠭᠲᠠᠪᠠ
     2016ᠤᠨ ᠤ 4 ᠳ᠋ᠦ᠋ᠭᠡᠷ ᠰᠠᠷ᠎ᠠ ᠶᠢᠨ11᠎ ᠤ ᠡᠳᠦᠷ᠂ ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠲᠠᠢ ᠬᠠᠮᠲᠤᠷᠠᠨ ︽13·5︾᠎ ᠶᠢᠨ ᠬᠤᠭᠤᠴᠠᠭᠠᠨ ᠳᠤ ᠭᠤᠷᠪᠠᠨ ᠱᠠᠲᠤᠨ ᠤ ᠡᠮᠨᠡᠯᠭᠡ ᠶᠢᠨ ᠬᠤᠷᠢᠶᠠᠳ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠤᠰᠠᠯᠠᠬᠤ ᠵᠢᠴᠢ ᠪᠡᠭᠡᠵᠢᠩ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠳ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠠᠵᠢᠯ ᠢ ᠡᠬᠢᠯᠡᠭᠦᠯᠬᠦ ᠬᠤᠷᠠᠯ ᠢ ᠬᠤᠷᠠᠯᠳᠤᠭᠤᠯᠪᠠ᠃ ᠬᠤᠷᠠᠯ ᠢ ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠮᠣᠣ ᠢᠦᠢ ᠳᠡᠳ᠋ ᠡᠷᠬᠢᠯᠡᠭᠴᠢ ᠡᠷᠬᠢᠯᠡᠪᠡ᠂ ᠪᠡᠭᠡᠵᠢᠩ ᠬᠤᠲᠠ ᠶᠢᠨ 47 ᠲᠤᠰᠠᠯᠠᠬᠤ ᠡᠮᠨᠡᠯᠭᠡ ᠶᠢᠨ ᠬᠤᠷᠢᠶ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 88 ᠳᠡᠮᠵᠢᠭᠦᠯᠬᠦ ᠡᠮᠨᠡᠯᠭᠡ ᠶᠢᠨ ᠬᠤᠷᠢᠶᠠᠨ ᠤ ᠭᠤᠣᠯ ᠤᠳᠤᠷᠢᠳᠤᠯᠭ᠎ᠠ᠂ ᠳᠡᠮᠵᠢᠭᠦᠯᠬᠦ ᠬᠤᠰᠢᠭᠤ ᠰᠢᠶᠠᠨ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ 200 ᠭᠠᠷᠤᠢ ᠬᠤᠯᠪᠣᠭᠳᠠᠯ ᠪᠦᠬᠦᠢ ᠬᠦᠮᠦᠰ ᠬᠤᠷᠠᠯ ᠳᠤ ᠤᠷᠤᠯᠴᠠᠵᠤ᠂ ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠹᠠᠩ ᠯᠠᠶ ᠶᠢᠩ ᠪᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠡᠸᠤ ᠶᠠᠩ ᠰᠢᠶᠣᠣ ᠬᠤᠢ ᠬᠤᠷᠠᠯ ᠳᠤ ᠣᠷᠣᠯᠴᠠᠵᠤ ᠲᠤᠰ ᠲᠤᠰ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠹᠠᠩ ᠯᠠᠶ ᠶᠢᠩ ᠡᠷᠬᠢᠯᠡᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠡᠸᠤ ᠶᠠᠩ ᠰᠢᠶᠣᠣ ᠬᠤᠢ ᠡᠷᠬᠢᠯᠡᠭᠴᠢ ᠲᠠᠢ ᠮᠤᠵᠢ ᠶᠢᠨ ᠬᠤᠭᠤᠷᠣᠨᠳᠣᠬᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ ᠠᠵᠢᠯ ᠤᠨ ᠬᠡᠯᠡᠯᠴᠡᠭᠡᠷ ᠲᠤᠭᠲᠠᠪᠠ᠃ ᠲᠤᠰᠠᠯᠠᠬᠤ ᠡᠮᠨᠡᠯᠭᠡ ᠶᠢᠨ ᠬᠤᠷᠢᠶᠠᠨ ᠤ ᠲᠥᠯᠥᠭᠡᠯᠡᠭᠴᠢ ᠲᠤᠰ ᠲᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠰᠢᠶᠠᠨ ᠤ ᠡᠮᠨᠡᠯᠭᠡ ᠶᠢᠨ ᠬᠤᠷᠢᠶ᠎ᠠ ᠲᠠᠢ ᠭᠤᠷᠪᠠᠨ ᠱᠠᠲᠤᠨ ᠤ ᠡᠮᠨᠡᠯᠭᠡ ᠶᠢᠨ ᠬᠤᠷᠢᠶᠠᠳ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠶᠠᠳᠠᠭᠤ ᠬᠦᠴᠢᠷᠳᠡᠯᠲᠡᠶ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠲᠤᠰᠠᠯᠠᠬᠤ ᠬᠠᠷᠢᠭᠤᠴᠠᠯᠭ᠎ᠠ ᠶᠢᠨ ᠪᠢᠴᠢᠭ ᠪᠣᠯᠤᠨ ᠮᠤᠵᠢ ᠶᠢᠨ ᠬᠤᠭᠤᠷᠤᠨᠳᠤᠬᠢ ᠡᠮᠨᠡᠯᠭᠡ ᠶᠢᠨ ᠬᠤᠷᠢᠶᠠᠳ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠬᠡᠯᠡᠯᠴᠡᠭᠡᠷ ᠲᠤᠭᠲᠠᠪᠠ︔ ᠤᠯᠠᠭᠠᠨᠬᠠᠳᠠ ᠶᠢᠨ ᠬᠡᠰᠢᠭᠲᠡᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠳᠠᠷᠤᠭ᠎ᠠ᠂ ᠪᠡᠭᠡᠵᠢᠩ ᠤᠨ ᠴᠤᠤᠶᠠᠩ ᠡᠮᠨᠡᠯᠭᠡ ᠶᠢᠨ ᠬᠤᠷᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠲᠤᠰ ᠪᠦᠷᠢ ᠳᠡᠮᠵᠢᠭᠦᠯᠬᠦ ᠡᠮᠨᠡᠯᠭᠡ ᠶᠢᠨ ᠬᠤᠷᠢᠶ᠎ᠠ ᠪᠣᠯᠤᠨ ᠲᠤᠰᠠᠯᠠᠬᠤ ᠡᠮᠨᠡᠯᠭᠡ ᠶᠢᠨ ᠬᠤᠷᠢᠶ᠎ᠠ ᠶᠢ ᠲᠦᠯᠦᠭᠡᠯᠡᠨ ᠣᠪᠣᠷ ᠢᠶᠠᠨ ᠢᠯᠡᠳᠬᠡᠵᠦ᠂ ᠤᠯᠤᠰ ᠪᠠ ᠬᠤᠶᠠᠷ ᠭᠠᠵᠠᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ ᠠᠵᠢᠯ ᠢ ᠡᠷᠡᠰ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠤᠨ᠎ᠠ ᠭᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠡᠸᠤ ᠶᠠᠩ ᠰᠢᠶᠣᠣ ᠬᠤᠢ ᠡᠷᠬᠢᠯᠡᠭᠴᠢ ᠬᠤᠶᠠᠷ ᠭᠠᠵᠠᠷ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠠᠵᠢᠯ ᠤᠨ ᠲᠡᠤᠬᠡ ᠶᠢ ᠡᠷᠭᠢᠴᠡᠭᠦᠯᠵᠦ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠠᠵᠢᠯ ᠤᠨ ᠦᠷ᠎ᠡ ᠪᠦᠲᠦᠭᠡᠯ ᠢ ᠳᠡᠭᠡᠳᠦ  ᠬᠡᠮᠵᠢᠶ᠎ᠡ ᠪᠠᠷ ᠦᠨᠡᠯᠡᠵᠦ᠂ ᠪᠡᠭᠡᠵᠢᠩ ᠥᠪᠥᠷ ᠮᠣᠩᠭᠤᠯ ᠤᠨ ᠬᠤᠭᠤᠷᠣᠨᠳᠣᠬᠢ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠯᠴᠠᠬᠤ ᠠᠵᠢᠯ 1993 ᠣᠨ ᠳᠤ ᠡᠬᠢᠯᠡᠵᠦ᠂ 2009 ᠣᠨ ᠠᠴᠠ ᠨᠠᠰᠢ᠂ ᠪᠡᠭᠡᠵᠢᠩ ᠬᠤᠲᠠ ᠶᠢᠨ ᠭᠤᠷᠪᠠᠨ ᠱᠠᠲᠤᠨ ᠤ 26 ᠡᠮᠨᠡᠯᠭᠡ ᠶᠢᠨ ᠬᠤᠷᠢᠶ᠎ᠠ ᠮᠠᠨ ᠤ ᠣᠷᠣᠨ ᠤ 36 ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ ᠪᠠᠷ ᠲᠤᠭᠲᠠᠵᠤ᠂ ᠨᠡᠶᠢᠲᠡ 4000 ᠭᠠᠷᠤᠶ ᠡᠮᠴᠢ ᠲᠣᠮᠢᠯᠠᠨ᠂ ᠡᠪᠡᠳᠴᠢᠲᠡᠨ ᠢ 50 ᠭᠠᠷᠤᠶ ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ 1.8 ᠲᠦᠮᠡ ᠭᠠᠷᠤᠶ ᠮᠡᠰᠡ ᠵᠠᠰᠠᠯ ᠬᠢᠵᠦ᠂ 9000 ᠭᠠᠷᠤᠢ ᠮᠡᠰᠡ ᠵᠠᠰᠠᠯ ᠤᠨ ᠦᠵᠡᠭᠦᠯᠦᠯᠭᠡ ᠶᠢᠨ ᠬᠢᠴᠢᠶᠡᠯ ᠤᠷᠤᠵᠤ᠂ 6000 ᠭᠠᠷᠤᠶ ᠤᠳᠠᠭ᠎ᠠ ᠲᠤᠰᠬᠠᠶ ᠰᠡᠳᠦᠪᠲᠦ ᠲᠠᠶᠢᠯᠤᠮᠵᠢ ᠬᠢᠵᠦ᠂ 2 ᠲᠦᠮᠡ ᠭᠠᠷᠤᠢ ᠤᠳᠠᠭ᠎ᠠ ᠡᠪᠡᠳᠴᠢᠲᠡᠨ ᠢ ᠪᠠᠶᠢᠴᠠᠭᠠᠬᠤ ᠵᠢᠭᠠᠨ ᠰᠤᠷᠭᠠᠯᠲᠠ ᠬᠢᠵᠦ᠂ ᠳᠡᠮᠵᠢᠭᠦᠯᠬᠦ ᠡᠮᠨᠡᠯᠭᠡ ᠶᠢᠨ ᠬᠤᠷᠢᠶ᠎ᠠ ᠶᠢ ᠬᠠᠪᠰᠤᠷᠴᠤ ᠰᠢᠨ᠎ᠡ ᠮᠡᠷᠭᠡᠵᠢᠯ᠂ ᠰᠢᠨ᠎ᠡ ᠲᠤᠬᠠᠶᠢᠯᠠᠭᠰᠠᠨ ᠠᠵᠢᠯ ᠢ 2000 ᠰᠢᠬᠠᠮ ᠵᠦᠢᠯ ᠤᠳᠠᠭ᠎ᠠ ᠦᠷᠨᠢᠭᠦᠯᠵᠦ᠂ ᠦᠪᠡᠷᠮᠢᠴᠡ ᠤᠨᠴᠠᠯᠢᠭᠳᠤ ᠲᠤᠰᠬᠠᠶ ᠮᠡᠷᠭᠡᠵᠢᠯ ᠤᠨ ᠰᠠᠯᠠᠭ᠎ᠠ ᠶᠢ 1000 ᠪᠠᠶᠢᠭᠤᠯᠵᠤ᠂ 6000 ᠭᠠᠷᠤᠢ ᠬᠥᠮᠦᠨ ᠢ ᠳᠠᠪᠲᠠᠨ ᠪᠣᠯᠪᠠᠰᠤᠷᠠᠭᠤᠯᠵᠤ᠂ 600 ᠭᠠᠷᠤᠶ ᠬᠤᠪᠤᠷ ᠴᠤᠬᠠᠭ ᠴᠢᠳᠠᠪᠤᠷᠢᠲᠠᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠵᠡᠷᠭᠡ ᠡᠯ᠎ᠡ ᠲᠦᠷᠦᠯ ᠤᠨ ᠮᠡᠷᠭᠡᠵᠢᠯ ᠤᠨ ᠠᠵᠢᠯᠳᠡᠠ ᠢ ᠪᠤᠯᠪᠠᠰᠤᠷᠠᠭᠤᠯᠤᠨ᠂ ᠬᠠᠮᠢᠶᠠᠷᠤᠯᠲᠠ ᠶᠢᠨ ᠲᠥᠷᠥᠯ ᠤᠨ ᠪᠣᠯᠪᠠᠰᠤᠷᠠᠯ ᠤᠨ ᠠᠩᠭᠢ ᠶᠢ 6 ᠬᠤᠭᠤᠴᠠᠭ᠎ᠠ ᠡᠷᠬᠢᠯᠡᠵᠦ᠂ ᠳᠡᠮᠵᠢᠭᠦᠯᠬᠦ ᠡᠮᠨᠡᠯᠭᠡ ᠶᠢᠨ ᠬᠤᠷᠢᠶ᠎ᠠ ᠳᠤ 630 ᠲᠦᠮᠡᠨ ᠲᠦᠬᠦᠷᠢᠭ ᠲᠤᠰᠠᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号