ᠪᠥᠬᠦ ᠣᠷᠣᠨ ᠤ ᠤᠰᠤᠨ ᠠᠰᠢᠭᠯᠠᠯᠲᠠ ᠶᠢᠨ ᠪᠦᠳᠦᠬᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠤᠨ ᠬᠤᠷᠠᠯ ᠬᠢᠵᠦ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠲᠥᠯᠬᠢᠨ ᠠᠬᠢᠭᠤᠯᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2016/4/18
     2016 ᠣᠨ ᠤ  ᠳ᠋ᠦ᠋ᠭᠡᠷ 4 ᠰᠠᠷ᠎ᠠ ᠶᠢᠨ 12᠎ ᠤ ᠡᠳᠦᠷ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠠᠴᠠ ᠬᠥᠬᠡᠬᠤᠲᠠ ᠳᠤ ᠪᠥᠬᠦ ᠣᠷᠣᠨ ᠤ ᠤᠰᠤᠨ ᠠᠰᠢᠭᠯᠠᠯᠲᠠ ᠶᠢᠨ ᠪᠦᠳᠦᠬᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠤᠨ᠂ ᠪᠦᠬᠦ ᠤᠯᠤᠰ ᠤᠨ ᠤᠰᠤᠨ ᠠᠰᠢᠭᠯᠠᠯᠲᠠ ᠶᠢᠨ ᠲᠢᠩᠬᠢᠮ ᠲᠣᠪᠴᠢᠶᠠᠨ ᠳᠠᠷᠤᠭ᠎ᠠ ᠨᠠᠷ ᠤᠨ ᠬᠤᠷᠠᠯ ᠪᠠ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠵᠢᠴᠢ ᠤᠰᠤᠨ ᠠᠰᠢᠭᠯᠠᠯᠲᠠ ᠶᠢᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ︽12·5︾᠎ ᠶᠢᠨ ᠬᠤᠭᠤᠴᠠᠭᠠᠨ ᠤ ᠤᠰᠤᠨ ᠠᠰᠢᠭᠯᠠᠯᠲᠠ ᠶᠢᠨ ᠪᠦᠳᠦᠬᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢᠶᠠᠨ ᠳ᠋ᠦᠩᠨᠡᠨ᠂ ᠤᠰᠤᠨ ᠠᠰᠢᠭᠯᠠᠯᠲᠠ ᠶᠢᠨ ᠪᠦᠳᠦᠬᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠵᠠᠳᠠᠯᠤᠨ ᠮᠠᠭᠠᠳᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠭᠤᠣᠯᠳᠠᠯᠭᠠᠲᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠭᠤᠣᠯᠳᠠᠯᠭᠠᠲᠤ ᠲᠥᠷᠥᠯ ᠵᠦᠢᠯ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠢᠤᠢ ᠴᠠᠩ ᠵᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠡᠦ ᠯᠢ ᠮᠢᠩ ᠬᠤᠷᠠᠯ ᠡᠷᠭᠢᠯᠡᠪᠡ᠃      ᠢᠤᠢ ᠴᠠᠩ ᠵᠢᠶᠠᠨ ᠵᠢᠭᠠᠵᠤ ᠭᠠᠷᠭᠠᠭᠰᠠᠨ ᠨᠢ᠂ ︽12·5︾᠎ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠲᠦᠷᠭᠡᠳᠬᠡᠬᠦ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽12·5︾᠎ ᠤᠨ ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠂ ᠢᠯᠡᠳᠲᠡ ᠦᠷ᠎ᠡ ᠪᠦᠲᠦᠮᠵᠢ ᠣᠯᠪᠠ ᠭᠡᠪᠡ᠃      ᠢᠤᠢ ᠴᠠᠩ ᠵᠢᠶᠠᠨ ᠱᠠᠭᠠᠷᠳᠠᠭᠰᠠᠨ ᠨᠢ᠂ ︽13·5︾᠎ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ 22 ᠵᠦᠢᠯ ᠤᠨ ᠭᠤᠣᠯᠳᠠᠯᠭᠠᠲᠤ ᠤᠰᠤᠨ ᠠᠰᠢᠭᠯᠠᠯᠲᠠ ᠶᠢᠨ ᠲᠥᠷᠥᠯ ᠵᠦᠢᠯ ᠢ ᠬᠦᠴᠦ ᠪᠠᠨ ᠲᠥᠪᠯᠡᠷᠡᠭᠦᠯᠦᠨ ᠪᠦᠲᠦᠭᠡᠨ ᠪᠠᠶᠢᠭᠤᠯᠵᠤ᠂ ᠡᠭᠦᠨ ᠤ ᠳᠣᠲᠤᠷ᠎ᠠ ᠤᠯᠤᠰ ᠤᠨ ᠤᠰᠤ ᠠᠷᠪᠢᠯᠠᠨ ᠤᠰᠤ ᠬᠠᠩᠭᠠᠬᠤ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠯᠥᠪᠵᠢᠭᠦᠯᠭᠡ ᠳᠤ ᠵᠢᠭᠰᠠᠭᠠᠭᠰᠠᠨ 12 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠲᠥᠷᠭᠡᠳᠬᠡᠨ ᠠᠬᠢᠭᠤᠯᠵᠤ᠂ ᠪᠦᠲᠦᠭᠡᠨ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠰ ᠵᠢᠯ ᠤᠨ ᠲᠥᠪ ᠤᠨ ᠪᠡᠯᠡ ᠣᠷᠣᠭᠤᠯᠤᠯᠲᠠ ᠶᠢᠨ ᠲᠦᠯᠦᠪᠯᠡᠭᠡᠨ ᠤ ᠪᠡᠶᠡᠯᠡᠭᠦᠯᠬᠦ ᠨᠣᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠂ ᠪᠤᠰᠤᠳ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠰ ᠵᠢᠯ ᠤᠨ ᠲᠥᠪ ᠤᠨ ᠪᠡᠯᠡ ᠣᠷᠣᠭᠤᠯᠤᠯᠲᠠ ᠶᠢᠨ ᠲᠦᠯᠦᠪᠯᠡᠭᠡᠨ ᠤ ᠪᠡᠶᠡᠯᠡᠭᠦᠯᠬᠦ ᠨᠣᠷᠮ᠎ᠠ ᠶᠢ 80%᠎ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ 2016 ᠣᠨ ᠳᠤ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ ᠭᠤᠣᠯᠳᠠᠯᠭᠠᠲᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠥᠷᠭᠡᠳᠬᠡᠵᠦ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠡᠷᠴᠢᠮᠯᠡᠨ ᠪᠠᠶᠢᠭᠤᠯᠬᠤ ᠬᠡᠷᠡᠭᠲᠡᠶ᠃ ᠬᠤᠶᠠᠷ ᠲᠤ ᠪᠥᠳᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢᠶᠠᠨ ᠰᠢᠨᠡᠴᠢᠯᠡᠵᠦ᠂ ᠪᠦᠳᠦᠭᠡᠠ ᠪᠠᠶᠢᠭᠤᠯᠤᠯᠲᠠ ᠶᠢᠨ ᠡᠮᠬᠢ ᠵᠢᠷᠤᠮ ᠢ ᠵᠢᠷᠤᠮᠵᠢᠭᠤᠯᠬᠤ ᠬᠡᠷᠡᠭᠲᠡᠶ᠃ ᠲᠦᠷᠪᠡ ᠳᠤ ᠪᠠᠷᠢᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠲᠠᠪᠤ ᠳᠤ ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠦᠬᠦᠷᠦᠮ ᠤᠨ ᠠᠮᠢ ᠠᠬᠤᠶ ᠶᠢ ᠬᠠᠮᠠᠭᠠᠯᠠᠬᠤ ᠬᠡᠷᠡᠭᠲᠡᠢ᠃ ᠵᠢᠷᠭᠤᠭ᠎ᠠ ᠳᠤ ᠪᠥᠳᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠡᠷᠴᠢᠮᠯᠡᠨ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ᠂ ᠤᠷᠳᠤᠰ ᠬᠤᠳᠠ᠂ ᠬᠠᠲᠤᠨ ᠭᠤᠣᠯ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠡᠶᠢᠲᠡᠯᠢᠭ ᠴᠢᠨᠠᠷ ᠲᠠᠢ ᠶᠠᠷᠢᠶ᠎ᠠ ᠲᠠᠯᠪᠢᠨ᠂ ᠲᠦᠯᠦᠪᠯᠡᠯᠭᠡ ᠡᠳ᠋ ᠤᠨ ᠶᠠᠪᠤᠳᠠᠯ ᠤᠨ ᠭᠠᠵᠠᠷ ᠠᠴᠠ 2016 ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠲᠣᠬᠢᠷᠠᠭᠤᠯᠤᠭᠰᠠᠨ ᠪᠠᠶᠢᠳᠠᠯ ᠢ ᠮᠡᠳᠡᠭᠡᠯᠡᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠶᠠᠷᠢᠯᠴᠠᠭ᠎ᠠ ᠰᠣᠯᠢᠯᠴᠠᠭ᠎ᠠ ᠦᠷᠨᠢᠭᠦᠯᠪᠡ᠃      ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠤᠰᠤᠨ ᠤ ᠶᠠᠪᠤᠳᠠᠯ ᠤᠨ ︵ᠤᠰᠤᠨ ᠠᠰᠢᠭᠯᠠᠯᠲᠠ ᠶᠢᠨ︶ ᠲᠣᠪᠴᠢᠶ᠎ᠠ᠂ ᠲᠥᠯᠥᠪᠯᠡᠭᠡ ᠳᠤ ᠠᠰ ᠲᠠᠭᠠᠨ ᠵᠢᠭᠰᠠᠭᠠᠭᠰᠠᠨ ᠬᠤᠳᠠ ᠶᠢᠨ ᠡᠯ᠎ᠡ ᠤᠰᠤᠨ ᠤ ᠶᠠᠪᠤᠳᠠᠯ ᠤᠨ ᠲᠣᠪᠴᠢᠶᠠᠨ ᠤ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ᠂ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠰᠠᠯᠠᠭ᠎ᠠ ᠶᠢᠨ ᠳᠠᠷᠤᠭ᠎ᠠ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠥᠪᠰᠢᠨ ᠳᠤ ᠬᠢᠨᠠᠯᠲᠠ ᠲᠠᠯᠪᠢᠬᠤ ᠦᠷᠲᠡᠭᠡᠨ ᠳᠠᠷᠤᠭ᠎ᠠ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠭᠡᠷ ᠵᠢᠴᠢ ᠲᠢᠩᠬᠢᠮ ᠤᠨ ᠬᠠᠷᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠨᠡᠶᠢᠲᠡ 80 ᠭᠠᠷᠤᠶ ᠬᠥᠮᠦᠨ ᠬᠤᠷᠠᠯ ᠳᠤ ᠣᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号