| | | ᠤᠶᠢᠷ᠎ᠠ ᠳᠤ᠂ 2016 ᠣᠨ ᠤ ᠪᠦᠬᠦ ᠣᠷᠣᠨ ᠤ ᠰᠤᠷᠤᠭᠴᠢᠳ ᠢ ᠲᠡᠳᠬᠦᠨ ᠲᠤᠰᠠᠯᠠᠬᠤ ᠲᠥᠪ ᠤᠨ | ᠡᠷᠬᠢᠯᠡᠭᠴᠢ ᠨᠠᠷ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ | ᠲᠢᠩᠬᠢᠮ ᠤᠨ ᠳᠡᠳ᠋ ᠳᠠᠷᠤᠭ᠎ᠠ ᠸᠠᠩ ᠬᠤᠢ ᠵᠦᠩ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠪᠦᠬᠦ | ᠣᠷᠣᠨ ᠤ 12 ᠠᠶᠢᠮᠠᠭ ᠬᠤᠲᠠ᠂ ᠡᠷᠢᠶᠡᠨ ᠬᠤᠳᠠ᠂ ᠮᠠᠨᠵᠤᠤᠷ ᠬᠤᠶᠠᠷ ᠠᠰ ᠲᠠᠭᠠᠨ ᠲᠥᠯᠥᠪᠯᠡᠭᠡ ᠲᠠᠢ | ᠬᠤᠲᠠ ᠶᠢᠨ ᠬᠤᠪᠢᠳᠠᠨ ᠬᠠᠮᠢᠶᠠᠷᠴᠤ ᠪᠠᠶᠢᠭ᠎ᠠ ᠲᠣᠪᠴᠢᠶᠠᠨ ᠤ ᠳᠠᠷᠤᠭ᠎ᠠ᠂ ᠰᠤᠷᠤᠭᠴᠢᠳ ᠢ ᠲᠡᠳᠬᠦᠨ ᠲᠤᠰᠠᠯᠠᠬᠤ | ᠲᠥᠪ ᠤᠨ ᠡᠷᠬᠢᠯᠡᠭᠴᠢ ᠬᠤᠷᠠᠯ ᠳᠤ ᠣᠷᠣᠯᠴᠠᠭᠰᠠᠨ ᠪᠦᠭᠡᠳ ᠲᠤᠷᠰᠢᠯᠭ᠎ᠠ ᠪᠠᠨ ᠰᠣᠯᠢᠯᠴᠠᠵᠤ᠂ ᠤᠯᠤᠰ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠬᠡᠷᠡᠭᠯᠡᠭᠴᠢᠳ ᠤᠨ ᠲᠠᠪᠤᠳᠤᠭᠠᠷ | ᠭᠠᠵᠠᠷ ᠪᠠ ᠲᠢᠩᠬᠢᠮ ᠤᠨ ᠬᠤᠯᠪᠣᠭᠳᠠᠯ ᠪᠥᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | ᠸᠠᠩ ᠳᠡᠳ᠋ ᠲᠢᠩᠬᠢᠮ ᠤᠨ ᠳᠠᠷᠤᠭ᠎ᠠ ᠶᠠᠷᠢᠶᠠᠨ ᠳᠠᠭᠠᠨ ᠥᠩᠭᠡᠷᠡᠭᠰᠡᠨ ᠨᠢᠭᠡ ᠵᠢᠯ ᠤᠨ ᠲᠤᠷᠰᠢ᠂ ᠢᠯᠠᠩᠭᠤᠶ᠎ᠠ | ︽12·5︾ ᠶᠢᠨ ᠬᠤᠭᠤᠴᠠᠭᠠᠨ ᠳᠠᠬᠢ ᠮᠠᠨ ᠤ ᠣᠷᠣᠨ ᠤ ᠰᠤᠷᠤᠭᠴᠢᠳ ᠢ ᠲᠡᠳᠬᠦᠨ ᠲᠤᠰᠠᠯᠠᠬᠤ ᠠᠵᠢᠯ ᠤᠨ | ᠠᠮᠵᠢᠯᠲᠠ ᠶᠢ ᠭᠦᠢᠴᠡᠳ ᠨᠤᠳᠠᠯᠠᠭᠠᠳ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ᠰᠤᠷᠭᠠᠨ ᠬᠥᠮᠦᠵᠢᠯ ᠤᠨ | ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ | ᠬᠤᠶᠢᠰᠢᠳᠠ ᠶᠢᠨ ᠨᠢᠭᠡ ᠬᠤᠭᠤᠴᠠᠭᠠᠨ ᠳᠤ᠂ ᠰᠤᠷᠤᠭᠴᠢ ᠶᠢ ᠲᠡᠳᠬᠦᠨ ᠲᠤᠰᠠᠯᠠᠬᠤ ᠠᠵᠢᠯ ᠤᠨ ᠡᠭᠦᠷᠭᠡ ᠨᠡᠩ | ᠨᠦᠰᠡᠷ ᠬᠦᠨᠳᠦ᠂ ᠬᠠᠷᠢᠭᠤᠴᠠᠯᠭ᠎ᠠ ᠨᠡᠩ ᠬᠠᠲᠠᠭᠤ ᠪᠡᠷᠬᠡ᠂ ᠡᠭᠦᠷᠭᠡ ᠨᠡᠩ ᠢᠷᠠᠭᠤ ᠠᠯᠳᠠᠷᠲᠠᠶ ᠪᠤᠯᠵᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠬᠠᠮᠠᠭᠠᠯᠠᠵᠤ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ | ᠠᠬᠢᠭᠤᠯᠬᠤ ᠳᠡᠭᠡᠳᠦ ᠬᠡᠮᠵᠢᠶᠡᠨ ᠠᠴᠠ ᠪᠦᠬᠦ ᠣᠷᠣᠨ ᠤ ᠲᠤᠰᠠᠯᠠᠬᠤ ᠹᠷᠣᠨᠲ ᠲᠠᠬᠢ ᠨᠥᠬᠦᠳ ᠢ ᠱᠠᠭᠠᠷᠳᠠᠵᠤ᠂ | ᠰᠤᠷᠤᠭᠴᠢᠳ ᠢ ᠲᠡᠳᠬᠦᠨ ᠲᠤᠰᠠᠯᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠲᠠᠰᠤᠷᠠᠯᠳᠠ ᠦᠭᠡᠢ ᠴᠢᠩᠭᠠᠳᠬᠠᠵᠤ ᠰᠠᠶᠢᠲᠤᠷ ᠬᠢᠬᠦ ᠬᠡᠷᠡᠭᠲᠡᠢ ᠭᠡᠪᠡ᠃ | ᠸᠠᠩ ᠳᠡᠳ᠋ ᠲᠢᠩᠬᠢᠮ ᠤᠨ ᠳᠠᠷᠤᠭ᠎ᠠ ᠴᠢᠬᠤᠯᠠᠴᠢᠯᠠᠭᠰᠠᠨ ᠨᠢ᠂ 2016 ᠣᠨ ᠪᠤᠯ ︽13·5︾ ᠶᠢᠨ | ᠡᠬᠢᠯᠡᠯᠲᠡ ᠶᠢᠨ ᠵᠢᠯ ᠮᠦᠨ᠂ ᠪᠦᠬᠦ ᠣᠷᠣᠨ ᠤ ᠡᠯ᠎ᠡ ᠱᠠᠲᠤᠨ ᠤ ᠲᠤᠰᠠᠯᠠᠬᠤ ᠹᠷᠣᠨᠲ ᠤᠨ ᠨᠥᠬᠦᠳ | ᠬᠥᠭᠵᠢᠯᠲᠡ ᠶᠢᠨ ᠰᠢᠨ᠎ᠡ ᠤᠨᠤᠯᠵᠢᠬᠤᠨ ᠢ ᠪᠠᠲᠤ ᠪᠠᠬᠢ ᠪᠤᠢ ᠪᠣᠯᠭᠠᠨ ᠨᠠᠶᠢᠳᠠᠪᠤᠷᠢᠵᠢᠭᠤᠯᠵᠤ᠂ ︽ᠭᠡᠷ ᠪᠦᠯᠢ ᠶᠢᠨ | ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠡᠳᠬᠦᠨ ᠲᠤᠰᠠᠯᠠᠬᠤ ᠶᠢ ᠪᠦᠬᠦᠨ ᠢ ᠬᠠᠮᠤᠷᠬᠤ ᠶᠢ ᠪᠡᠶᠡᠯᠡᠬᠦᠯᠬᠦ︾ | ᠪᠠᠷ ᠬᠠᠷᠠᠯᠲᠠ ᠪᠤᠯᠭᠠᠬᠤ ᠲᠠᠢ ᠨᠢᠭᠲᠠ ᠤᠶᠠᠯᠳᠤᠭᠤᠯᠤᠨ᠂ ᠲᠡᠳᠬᠦᠨ ᠲᠤᠰᠠᠯᠠᠬᠤ ᠠᠷᠭ᠎ᠠ ᠮᠠᠶ᠋ᠢᠭ ᠢᠶᠠᠨ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠨᠠᠷᠢᠯᠢᠭ ᠤᠨᠤᠪᠴᠢᠲᠠᠢ ᠪᠠᠷ ᠲᠤᠰᠠᠯᠠᠬᠤ︾ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ ᠲᠤᠰᠠᠯᠠᠬᠤ ᠡᠩᠨᠡᠭᠡᠨ ᠤ ᠪᠦᠲᠦᠭᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ | ᠬᠢᠨᠠᠨ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠢ ᠲᠡᠳᠬᠦᠬᠦ | ᠵᠢᠭᠡᠯᠡᠯᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠲᠡᠳᠬᠦᠨ ᠲᠤᠰᠠᠯᠠᠬᠤ ᠲᠦᠷᠦ ᠶᠢᠨ ᠪᠤᠲᠤᠯᠭ᠎ᠠ ᠪᠠ | ᠦᠷ᠎ᠡ ᠪᠦᠲᠦᠭᠡᠯ ᠢ ᠤᠬᠠᠭᠤᠯᠬᠤ ᠡᠷᠴᠢᠮ ᠢ ᠴᠢᠩᠭᠠᠷᠠᠭᠤᠯᠵᠤ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯ ᠲᠠᠢ | ᠰᠤᠷᠤᠭᠴᠢᠳ ᠢ ᠲᠡᠳᠬᠦᠨ ᠲᠤᠰᠠᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | ᠬᠤᠷᠠᠯ ᠳᠡᠭᠡᠷ᠎ᠡ᠂ ᠸᠠᠩ ᠳᠡᠳ᠋ ᠲᠢᠩᠬᠢᠮ ᠤᠨ ᠳᠠᠷᠤᠭ᠎ᠠ ᠮᠠᠨ ᠤ ᠣᠷᠣᠨ ᠤ ︽ᠰᠤᠷᠭᠠᠨ ᠬᠦᠮᠦᠵᠢᠯ ᠢᠶᠠᠷ | ᠶᠠᠳᠠᠭᠤ ᠶᠢ ᠲᠡᠳᠬᠦᠬᠦ︾ ᠠᠵᠢᠯ ᠳᠤ ᠲᠤᠰᠬᠠᠶ ᠪᠠᠶᠢᠷᠢᠯᠠᠭᠤᠯᠤᠯᠲᠠ ᠬᠢᠵᠦ᠂ ᠴᠢᠬᠤᠯᠠᠴᠢᠯᠠᠨ ᠵᠢᠭᠠᠵᠤ | ᠭᠠᠷᠭᠠᠭᠰᠠᠨ ᠨᠢ᠄ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠣᠯ ᠮᠠᠨ ᠤ ᠣᠷᠣᠨ ᠤ ︽13·5︾ ᠶᠢᠨ | ᠬᠤᠭᠤᠴᠠᠭᠠᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ | ᠮᠥᠨ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠲᠥᠷᠥ ᠶᠢᠨ ᠴᠢᠬᠤᠯᠠ ᠡᠭᠦᠷᠭᠡ | ᠪᠤᠯᠬᠤᠷ᠂ ᠡᠯ᠎ᠡ ᠭᠠᠵᠠᠷ ᠣᠷᠣᠨ ᠨᠤᠭᠤᠳ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠤᠨ ᠴᠢᠬᠤᠯᠠ | ᠴᠢᠨᠠᠷ ᠢ ᠭᠦᠢᠴᠡᠳ ᠲᠠᠨᠢᠬᠤ ᠶᠢ ᠱᠠᠭᠠᠷᠳᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠪᠣᠯᠤᠨ | ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠤᠬᠠᠮᠰᠠᠷ ᠠᠴᠠ ᠪᠠᠨ | ᠦᠨᠡᠨ ᠬᠦ ᠨᠢᠭᠡᠳᠬᠡᠵᠦ᠂ ᠲᠤᠰ ᠭᠠᠵᠠᠷ ᠣᠷᠣᠨ ᠤ ᠪᠠᠨ ᠨᠠᠷᠢᠯᠢᠭ ᠣᠨᠣᠪᠴᠢᠲᠠᠶ ᠪᠠᠷ ᠶᠠᠳᠠᠭᠤ ᠶᠢ | ᠲᠡᠳᠬᠦᠬᠦ ᠰᠤᠷᠭᠠᠨ ᠬᠦᠮᠦᠵᠢᠯ ᠤᠨ ᠳᠡᠮᠵᠢᠬᠦ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ ᠢ ᠠᠯᠢ ᠲᠦᠷᠭᠡᠨ ᠢᠶᠠᠷ | ᠰᠤᠳᠤᠯᠵᠤ ᠲᠤᠭᠲᠠᠭᠠᠬᠤ ᠶᠢᠨ ᠬᠠᠮᠲᠤ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠭᠠᠵᠠᠷ ᠤᠨ ᠶᠠᠳᠠᠭᠤ ᠶᠢ | ᠲᠡᠳᠬᠦᠬᠦ ᠰᠠᠯᠠᠭ᠎ᠠ ᠮᠥᠴᠢᠷ ᠲᠠᠢ ᠬᠠᠷᠢᠯᠴᠠᠵᠤ᠂ ᠴᠠᠭ ᠲᠤᠬᠠᠶ ᠳᠤᠨᠢ ᠶᠠᠳᠠᠭᠤ ᠬᠦᠴᠢᠷᠲᠡᠶ ᠭᠡᠷ ᠪᠦᠯᠢ ᠶᠢᠨ | ᠰᠤᠷᠤᠭᠴᠢᠳ ᠲᠤ ᠲᠠᠩᠰᠠ ᠡᠪᠬᠡᠮᠡᠯ ᠺᠠᠷᠲ ᠪᠠᠶᠢᠭᠤᠯᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠳᠤ | ᠨᠢᠭᠡ ᠶᠢ ᠴᠤ ᠤᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠢ ᠲᠡᠳᠬᠦᠨ ᠲᠤᠰᠠᠯᠠᠬᠤ ᠬᠠᠮᠢᠶᠠᠷᠤᠯᠲᠠ ᠶᠢᠨ ᠲᠥᠪ ᠤᠨ | ᠡᠷᠬᠢᠯᠡᠭᠴᠢ ᠵᠢᠶᠠ ᠶᠦᠨ 2015 ᠣᠨ ᠤ ᠪᠥᠬᠦ ᠣᠷᠣᠨ ᠤ ᠰᠤᠷᠤᠭᠴᠢᠳ ᠢ ᠲᠡᠳᠬᠦᠨ ᠲᠤᠰᠠᠯᠠᠬᠤ ᠠᠵᠢᠯ ᠤᠨ | ᠰᠢᠨ᠎ᠡ ᠠᠮᠵᠢᠯᠲᠠ ᠶᠢ ᠳ᠋ᠦᠩᠨᠡᠨ ᠡᠷᠭᠢᠴᠡᠭᠦᠯᠬᠦ ᠶᠢᠨ ᠬᠠᠮᠲᠤ 2016 ᠣᠨ ᠤ ᠰᠤᠷᠤᠭᠴᠢᠳ ᠢ ᠲᠡᠳᠬᠦᠨ ᠲᠤᠰᠠᠯᠠᠬᠤ | ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠤᠪᠠ᠃ |