ᠸᠠᠩ ᠵᠢᠶᠦ᠋ᠨ᠄ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠲᠤᠬᠠᠶ ᠤᠬᠠᠮᠰᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠠᠢ
ᠨᠡᠶᠢᠲᠡᠯᠡᠭᠰᠡᠨ ᠴᠠᠭ᠄
2016/4/18
              ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠲᠤᠬᠠᠶ ᠤᠬᠠᠮᠰᠠᠷ ᠢ ᠳᠡᠭᠡᠭᠰᠢᠯᠡᠭᠦᠯᠵᠤ᠂               ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠶ᠎ᠠ                             ᠸᠠᠩ ᠵᠢᠶᠦ᠋ᠨ ᠥᠪᠥᠷ ᠮᠣᠩᠭᠤᠯ ᠤᠨ ᠠᠩᠬᠠᠳᠠᠭᠴᠢ ᠪᠦᠬᠦ ᠠᠷᠠᠳ ᠤᠨ ᠤᠯᠤᠰ ᠤᠨ ᠠᠮᠤᠷ               ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠳᠤ ᠴᠢᠬᠤᠯᠠ ᠴᠣᠬᠤᠯᠠᠪᠤᠷᠢ ᠦᠭᠪᠡ            4 ᠳ᠋ᠤᠭᠡᠷ ᠰᠠᠷ᠎ᠠ ᠶᠢᠨ 15᠎ ᠤ ᠡᠳᠦᠷ ᠪᠣᠯ ᠠᠩᠬᠠᠳᠠᠭᠴᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠮᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠥᠪᠥᠷ ᠮᠣᠩᠬᠤᠯ ᠤᠨ ᠠᠩᠬᠠᠳᠠᠭᠴᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠳᠤ ᠴᠢᠬᠤᠯᠠ ᠴᠣᠬᠤᠯᠠᠪᠤᠷᠢ ᠦᠭᠪᠡ᠃      ᠴᠣᠬᠤᠯᠠᠪᠤᠷᠢ ᠳᠤ ᠵᠢᠭᠠᠵᠤ ᠭᠠᠷᠭᠠᠭᠰᠠᠨ ᠨᠢ᠂ ᠤᠯᠤᠰ ᠤᠨ ᠠᠮᠤᠷ ᠲᠦᠪᠰᠢᠨ ᠪᠣᠯ ᠤᠯᠤᠰ ᠢ ᠠᠮᠤᠷᠵᠢᠭᠤᠯᠤᠨ ᠳᠦᠷᠤ ᠶᠢ ᠲᠦᠪᠰᠢᠷᠡᠭᠦᠯᠬᠦ ᠴᠢᠬᠤᠯᠠ ᠰᠠᠭᠤᠷᠢ ᠪᠣᠯᠤᠨ᠎ᠠ᠃ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠦᠷᠨᠢᠬᠦᠯᠬᠦ ᠨᠢ ᠪᠤᠯ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠶᠡᠷᠦᠩᠬᠡᠶ ᠴᠣᠭᠴᠠ ᠶᠢᠨ ᠦᠵᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠤᠯᠤᠰ ᠣᠷᠣᠨ ᠤ ᠠᠮᠤᠷ ᠲᠦᠪᠰᠢᠨ ᠤ ᠨᠡᠶᠢᠭᠡᠮ ᠤᠨ ᠰᠠᠭᠤᠷᠢ ᠪᠤᠯᠤᠨ ᠤᠯᠡᠠ ᠲᠦᠮᠡᠨᠴᠢ ᠰᠠᠭᠤᠷᠢ ᠶᠢ ᠪᠠᠬᠢᠵᠢᠭᠦᠯᠬᠦ ᠴᠢᠬᠤᠯᠠ ᠱᠠᠭᠠᠷᠳᠠᠯᠭ᠎ᠠ ᠪᠤᠯᠤᠨ᠎ᠠ᠃ ᠥᠪᠥᠷ ᠮᠣᠩᠭᠤᠯ ᠶᠠᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠠᠤᠯᠢ ᠶᠣᠰᠣᠭᠠᠷ ᠪᠦᠬᠦ ᠲᠠᠯ᠎ᠠ ᠪᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ᠂ ᠤᠯᠤᠰ ᠣᠷᠣᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠭᠦᠷᠭᠡ ᠬᠠᠲᠠᠭᠤᠵᠢᠯᠲᠠᠶ ᠪᠥᠭᠡᠳ ᠬᠦᠨᠳᠦ ᠨᠦᠰᠡᠷ ᠪᠠᠶᠢᠭᠰᠠᠭᠠᠷ ᠪᠠᠶᠢᠨ᠎ᠠ᠃ ᠪᠦᠬᠦ ᠣᠷᠣᠨ ᠤ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ ᠲᠠᠷᠬᠠᠨ ᠬᠠᠷᠢᠭᠤᠴᠠᠯᠭ᠎ᠠ ᠪᠤᠯᠤᠨ ᠡᠭᠦᠷᠭᠡ ᠶᠢ ᠦᠨᠡᠨ ᠬᠦ ᠡᠭᠦᠷᠭᠡᠯᠡᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠯᠠᠨ ᠵᠦᠢᠯ ᠤᠨ ᠪᠦᠲᠦᠮᠵᠢᠲᠡᠶ ᠬᠡᠯᠪᠡᠷᠢ ᠶᠢ ᠠᠪᠴᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠶᠡᠷᠦᠩᠬᠡᠶ ᠴᠣᠭᠴᠠ ᠶᠢᠨ ᠦᠵᠡᠯᠲᠡ ᠶᠢ ᠶᠡᠬᠡᠪᠡᠷ ᠰᠤᠷᠤᠯᠴᠠᠭᠤᠯᠤᠨ ᠤᠬᠠᠭᠤᠯᠵᠤ᠂ ᠦᠨᠳᠦᠰᠦᠨ ᠬᠠᠤᠯᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ᠂ ᠲᠠᠩᠨᠠᠭᠤᠯ ᠢ ᠡᠰᠡᠷᠭᠦᠴᠡᠬᠦ ᠬᠠᠤᠯᠢ᠂ ᠰᠦᠷᠳᠡᠭᠦᠯᠭᠡ ᠶᠢ ᠡᠰᠡᠷᠭᠦᠴᠡᠬᠦ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠲᠦᠭᠡᠮᠡᠯᠵᠢᠭᠦᠯᠵᠦ᠂   ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠨ᠂ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ ᠨᠡᠶᠢᠭᠡᠮ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠤᠷᠤᠨ ᠢ ᠴᠤᠭᠴᠠᠯᠠᠵᠤ᠂ ︽ᠬᠤᠣᠰ ᠵᠠᠭᠤᠨ ᠵᠢᠯ︾᠎ ᠤᠨ ᠲᠡᠮᠡᠴᠡᠯ ᠤᠨ ᠬᠠᠷᠠᠯᠲᠠ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠭᠦᠯᠬᠦ ᠳᠤ ᠬᠠᠮᠠᠭᠠᠯᠠᠭᠴᠢ ᠪᠤᠯᠬᠤ ᠪᠠᠷ ᠴᠢᠷᠮᠠᠶᠢᠬᠤ ᠬᠡᠷᠡᠭᠲᠠᠢ ᠬᠡᠪᠡ᠃      ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢ ᠴᠢᠩᠭᠠᠳᠬᠠᠬᠤ ᠶᠢᠨ ᠲᠤᠯᠠᠳᠠ᠂ ᠥᠪᠥᠷ ᠮᠣᠩᠭᠤᠯ ᠤᠨ ᠡᠯ᠎ᠡ ᠭᠠᠵᠠᠷ ᠤᠳ ᠵᠠᠯᠭᠠᠯᠳᠤᠭᠠᠪᠠᠷ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠨ ᠮᠡᠳᠡᠯᠭᠡ ᠶᠢ ᠲᠦᠭᠡᠮᠡᠯᠵᠢᠭᠦᠯᠬᠦ ᠪᠠᠷ ᠵᠣᠷᠢᠯᠭ᠎ᠠ ᠪᠣᠯᠭᠠᠭᠰᠠᠨ ︽ᠵᠠᠭᠤᠨ ᠲᠦᠮᠡᠨ ᠠᠷᠠᠳ ᠢᠷᠭᠡᠳ︾᠎ ᠤᠨ ᠠᠰᠠᠭᠤᠯᠲᠠ ᠬᠠᠷᠢᠭᠤᠯᠲᠠ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号