ᠪᠦᠬᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠴᠢᠨ ᠡᠯᠰᠡᠬᠦ ᠭᠠᠷᠠᠭ᠄ ᠥᠪᠥᠷ ᠮᠣᠩᠭᠤᠯ ᠤᠨ ᠭᠤᠷᠪᠠᠳᠤᠭᠠᠷ ᠠᠵᠤ ᠦᠢᠯᠡᠰ ᠤᠨ ᠴᠢᠳᠠᠪᠤᠷᠢᠲᠠᠨ ᠬᠡᠷᠡᠭᠰᠡᠬᠦ ᠬᠡᠮᠵᠢᠶ᠎ᠡ ᠮᠠᠰᠢ ᠶᠡᠭᠡ ᠪᠠᠶᠢᠨ᠎ᠠ
ᠨᠡᠶᠢᠲᠡᠯᠡᠭᠰᠡᠨ ᠴᠠᠭ᠄
2016/4/18
     4 ᠳ᠋ᠦ᠋ᠭᠡᠷ ᠰᠠᠷ᠎ᠠ ᠶᠢᠨ 16᠎ ᠤ ᠡᠳᠦᠷ᠂ ︽2016 ᠣᠨ ᠤ ᠪᠦᠬᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠴᠢᠨ ᠡᠯᠰᠡᠬᠦ ᠭᠠᠷᠠᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤᠷᠢᠬᠤ ᠴᠤᠭᠯᠠᠭᠠᠨ︾᠎ ᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠷᠬᠢᠯᠡᠪᠡ᠂ ᠲᠤᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ100 ᠡᠷᠦᠬᠡ ᠬᠥᠮᠦᠨ ᠬᠡᠷᠡᠭᠯᠡᠬᠦ ᠨᠢᠭᠡᠴᠡ ᠶᠢ ᠵᠣᠬᠢᠶᠠᠨ ᠪᠠᠶᠢᠭᠤᠯᠵᠤ᠂ 2013 ᠠᠵᠢᠯ ᠤᠨ ᠪᠠᠶᠢᠷᠢ ᠬᠠᠩᠭᠠᠨ᠂ ᠲᠤᠬᠠᠶ ᠶᠢᠨ  ᠲᠠᠯᠠᠪᠠᠢ ᠳᠤ 325 ᠬᠥᠮᠥᠨ ᠠᠵᠢᠯ ᠣᠯᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠪᠡᠶ᠎ᠡ ᠶᠢᠨ ᠦᠨᠡᠮᠯᠡᠯ ᠢ ᠰᠢᠷᠪᠢᠬᠦ ᠠᠷᠭ᠎ᠠ ᠬᠡᠯᠪᠡᠷᠢ ᠪᠠᠷ ᠦᠨᠡᠨ ᠨᠡᠷ᠎ᠡ ᠪᠠᠷ ᠨᠢ ᠲᠡᠮᠳᠡᠭᠯᠡᠨ ᠪᠦᠷᠢᠳᠬᠡᠵᠦ᠂ ᠨᠡᠶᠢᠲᠡ 3077 ᠬᠥᠮᠦᠨ ᠲᠠᠯᠠᠪᠠᠶ ᠳᠤ ᠣᠷᠣᠵᠠᠢ᠃ ᠴᠤᠭᠯᠠᠭᠠᠨ ᠳᠤ ᠣᠷᠣᠯᠴᠠᠭᠰᠠᠨ ᠨᠢᠭᠡᠴᠡ ᠶᠢᠨ ᠣᠯᠠᠩᠬᠢ ᠨᠢ ᠥᠪᠥᠷ ᠮᠣᠩᠭᠤᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ᠎ᠠ᠂ ᠡᠭᠦᠨ ᠳᠤ᠂ ᠲᠤᠮᠤ ᠠᠵᠤ ᠠᠬᠤᠶᠢᠯᠠᠯ 3᠂ ᠳᠤᠮᠳᠠ ᠵᠢᠵᠢᠭ ᠠᠵᠤ ᠠᠬᠤᠶᠢᠯᠠᠯ 97 ᠪᠣᠢ᠃ ᠤᠷᠢᠨ ᠡᠯᠰᠡᠬᠦ ᠠᠵᠢᠯ ᠤᠨ ᠪᠠᠶᠢᠷᠢ ᠳᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ / ᠨᠡᠶᠢᠲᠡ ᠶᠢᠨ ᠬᠠᠷᠢᠴᠠᠭ᠎ᠠ/ ᠪᠤᠷᠤᠯᠠᠭᠤᠯᠭ᠎ᠠ ᠨᠢ ᠲᠡᠷᠢᠭᠦᠨ ᠪᠠᠶᠢᠷᠢ ᠶᠢ ᠡᠵᠡᠯᠡᠵᠦ᠂ 799 ᠠᠵᠢᠯ ᠤᠨ ᠪᠠᠶᠢᠷᠢ ᠲᠠᠢ ᠪᠠᠶᠢᠵᠤ᠂ ᠪᠦᠬᠦ ᠠᠵᠢᠯ ᠤᠨ ᠪᠠᠶᠢᠷᠢ ᠶᠢᠨ 39.69%᠎ ᠶᠢ ᠡᠵᠡᠯᠡᠪᠡ︔ ᠪᠠᠭᠰᠢ / ᠪᠣᠯᠪᠠᠰᠤᠷᠠᠭᠤᠯᠤᠯ / ᠰᠢᠨᠵᠢᠯᠡᠬᠦ ᠤᠬᠠᠭᠠᠨ ᠤ ᠰᠤᠳᠤᠯᠭᠠᠨ ᠨᠢ ᠬᠤᠶᠠᠳᠤᠭᠠᠷ ᠪᠠᠶᠢᠷᠢ ᠶᠢ ᠡᠵᠡᠯᠡᠵᠦ᠂178 ᠠᠵᠢᠯ ᠤᠨ ᠪᠠᠶᠢᠷᠢ ᠲᠠᠢ ᠪᠠᠶᠢᠵᠤ᠂ ᠪᠦᠬᠦ ᠠᠵᠢᠯ ᠤᠨ ᠪᠠᠶᠢᠷᠢ ᠶᠢᠨ 8.84%᠎ ᠶᠢ ᠡᠵᠡᠯᠡᠪᠡ︔ ᠦᠨᠡᠲᠦ ᠲᠡᠮᠳᠡᠭᠲᠦ / ᠪᠠᠩᠬᠢ / ᠳᠠᠭᠠᠳᠬᠠᠯ ᠨᠢ ᠭᠤᠷᠪᠠᠳᠤᠭᠠᠷ ᠪᠠᠶᠢᠷᠢ ᠶᠢ ᠡᠵᠡᠯᠡᠵᠦ᠂173 ᠠᠵᠢᠯ ᠤᠨ ᠪᠠᠶᠢᠷᠢ ᠲᠠᠢ ᠪᠠᠶᠢᠵᠤ᠂ ᠪᠦᠬᠦ ᠠᠵᠢᠯ ᠤᠨ ᠪᠠᠶᠢᠷᠢ ᠶᠢᠨ 8.59%᠎ ᠶᠢ ᠡᠵᠡᠯᠡᠪᠡ︔ ᠠᠵᠢᠯ ᠤᠨ ᠪᠠᠶᠢᠷᠢ ᠳᠤ ᠲᠧᠭᠨᠢᠭ ᠤᠨ ᠤᠬᠠᠭᠠᠨ ᠤ ᠮᠡᠷᠭᠡᠵᠢᠯ ᠨᠢ ᠨᠡᠯᠢᠶᠡᠳ ᠠᠷᠪᠢᠨ ᠬᠡᠷᠡᠭᠴᠡᠭᠡ ᠲᠠᠢ ᠪᠠᠶᠢᠵᠤ᠂ 60%᠎ ᠠᠴᠠ ᠳᠡᠭᠡᠭᠰᠢᠬᠢ ᠶᠢ ᠡᠵᠡᠯᠡᠪᠡ︔ 80%᠎ ᠠᠴᠠ ᠳᠡᠭᠡᠭᠰᠢᠬᠢ ᠠᠵᠢᠯ ᠤᠨ ᠪᠠᠶᠢᠷᠢ ᠨᠢ ᠦᠢᠯᠡᠴᠢᠯᠡᠭᠡᠨ ᠤ ᠦᠢᠯᠡᠰ ᠲᠤ ᠲᠥᠪᠯᠡᠷᠡᠵᠦ᠂ ᠭᠤᠷᠪᠠᠳᠤᠭᠠᠷ ᠠᠵᠤ ᠦᠢᠯᠡᠰ ᠤᠨ ᠴᠢᠳᠠᠪᠤᠷᠢᠲᠠᠨ ᠬᠡᠷᠡᠭᠰᠡᠬᠦ ᠬᠡᠮᠵᠢᠶ᠎ᠡ ᠨᠢ ᠬᠠᠮᠤᠭ ᠤᠨ ᠶᠡᠭᠡ ᠪᠠᠶᠢᠨ᠎ᠠ᠃ ᠡᠭᠦᠨ ᠠᠴᠠ ᠭᠠᠳᠠᠨ᠎ᠠ᠂ ᠲᠤᠰ ᠤᠳᠠᠭᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠴᠢᠨ ᠡᠯᠰᠡᠬᠦ ᠭᠠᠷᠠᠭ ᠤᠨ ᠠᠵᠢᠯᠯᠠᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ  ᠲᠤᠬᠠᠶ ᠶᠢᠨ ᠲᠠᠯᠠᠪᠤᠷ ᠲᠤ ᠤᠷᠢᠨ ᠡᠯᠰᠡᠬᠦ ᠴᠤᠭᠯᠠᠭᠠᠨ ᠢ 20 ᠭᠠᠷᠤᠶ ᠤᠳᠠᠭ᠎ᠠ ᠡᠷᠬᠢᠯᠡᠬᠦ ᠪᠠᠷ ᠲᠥᠯᠥᠪᠯᠡᠵᠦ᠂ 20000᠎ ᠠᠴᠠ ᠢᠯᠡᠭᠦᠦ ᠠᠵᠢᠯ ᠤᠨ ᠪᠠᠶᠢᠷᠢ ᠬᠠᠩᠭᠠᠬᠤ ᠶᠢᠨ ᠬᠠᠮᠲᠤ ᠥᠪᠥᠷ ᠮᠣᠩᠭᠤᠯ ᠤᠨ ᠲᠠᠯ᠎ᠠ ᠨᠤᠲᠤᠭ ᠤᠨ ᠣᠶᠣᠨᠲᠤ ᠠᠵᠢᠯ ᠣᠯᠭᠤᠬᠤ ᠡᠭᠦᠯᠡᠨ ᠲᠠᠪᠴᠠᠩ ᠤᠨ ᠰᠢᠰᠲ᠋ᠧᠮ ᠳᠡᠭᠡᠷ᠎ᠡ ᠵᠡᠷᠭᠡ ᠳᠤᠨᠢ ᠨᠡᠪᠲᠡᠷᠡᠭᠦᠯᠦᠨ᠂ ᠬᠠᠩᠭᠠᠯᠭ᠎ᠠ ᠬᠡᠷᠡᠭᠴᠡᠭᠡ ᠎ ᠶᠢ ᠪᠦᠲᠦᠮᠵᠢᠲᠡᠢ ᠵᠤᠯᠭᠠᠯᠳᠤᠭᠤᠯᠬᠤ ᠶᠢ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤᠨᠢ ᠳᠡᠮᠵᠢᠯᠭᠡ ᠦᠵᠡᠭᠦᠯᠬᠦ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号