| ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮ | ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠲᠤᠭ᠎ᠠ | ᠪᠦᠷᠢᠳᠬᠡᠯ ᠤᠨ ᠬᠢᠨᠠᠨ ᠬᠡᠮᠵᠢᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠲᠥᠰᠦᠯ︾ | ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠠᠭᠠᠷ ᠮᠠᠨᠳᠠᠯ ᠤᠨ | ᠪᠣᠬᠢᠷᠲᠤᠯ ᠢ ᠵᠠᠰᠠᠬᠤ ᠤᠳᠤᠷᠢᠳᠬᠤ ᠳᠤᠭᠤᠶᠢᠯᠠᠩ ᠤᠨ ᠪᠠᠭᠤᠯᠭᠠᠭᠰᠠᠨ 2016 ᠣᠨ ᠤ ᠰᠢᠲᠠᠮᠠᠬᠠᠢ ᠬᠡᠢ ᠶᠢ | ᠡᠭᠡᠭᠦᠯᠦᠨ ᠬᠤᠷᠢᠶᠠᠬᠤ ᠵᠠᠰᠠᠯᠲᠠ ᠶᠢᠨ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢᠨ ᠲᠤᠰᠠᠳᠠ᠂ ᠬᠤᠳᠠᠯᠳᠤᠭᠠᠨ | ᠤ ᠶᠠᠪᠤᠳᠠᠯ ᠤᠨ ᠲᠢᠩᠬᠢᠮ 2016 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ ᠪᠦᠬᠦ ᠣᠷᠣᠨ ᠤ ᠳᠣᠲᠣᠭᠠᠳᠤ | ᠠᠷᠠᠯᠵᠢᠶ᠎ᠠ ᠶᠢᠨ ᠭᠦᠢᠯᠭᠡᠭᠡᠨ ᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠪᠠ ᠰᠢᠲᠠᠮᠠᠬᠠᠢ ᠬᠡᠢ ᠶᠢ ᠡᠭᠡᠭᠦᠯᠦᠨ | ᠬᠤᠷᠢᠶᠠᠬᠤ ᠵᠠᠰᠠᠯᠲᠠ ᠶᠢᠨ ᠠᠵᠢᠯ ᠤᠨ ᠬᠤᠷᠠᠯᠳᠤᠭᠠᠨ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠬᠤᠷᠠᠯᠳᠤᠭᠠᠨ ᠨᠢ 2016 ᠣᠨ ᠤ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠲᠤᠭ᠎ᠠ ᠪᠦᠷᠢᠳᠬᠡᠯ ᠤᠨ ᠬᠢᠨᠠᠨ | ᠬᠡᠮᠵᠢᠬᠦ᠂ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠪᠡᠯᠡ ᠮᠥᠩᠭᠦ ᠶᠢᠨ ᠬᠡᠷᠡᠭᠯᠡᠯᠲᠡ ᠶᠢᠨ ᠥᠪᠡᠷ ᠲᠡᠭᠡᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ᠂ ᠨᠥᠭᠡᠴᠡᠯᠡᠭᠰᠡᠨ ᠡᠳ᠋ ᠪᠣᠳᠠᠰ ᠪᠣᠯᠤᠨ ᠪᠠᠴᠢᠮ ᠪᠠᠶᠢᠳᠠᠯ ᠢ ᠠᠷᠭᠠᠴᠠᠬᠤ ᠲᠠᠸᠠᠷ ᠤᠨ | ᠳ᠋ᠠᠶᠢᠲ᠋ᠠ ᠬᠥᠮᠥᠷᠭᠡ ᠵᠡᠷᠭᠡ ᠠᠵᠢᠯ ᠤᠨ ᠲᠠᠯ᠎ᠠ ᠪᠠᠷ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠪᠡ︔ 2015 ᠣᠨ ᠤ | ᠰᠢᠲᠠᠮᠠᠬᠠᠢ ᠬᠡᠢ ᠶᠢ ᠡᠭᠡᠭᠦᠯᠦᠨ ᠬᠤᠷᠢᠶᠠᠬᠤ ᠵᠠᠰᠠᠯᠲᠠ ᠶᠢᠨ ᠠᠵᠢᠯ ᠤᠨ ᠳ᠋ᠦᠩᠨᠡᠯᠲᠡ ᠬᠢᠵᠦ᠂ 2016 ᠣᠨ ᠤ | ᠰᠢᠲᠠᠮᠠᠬᠠᠢ ᠬᠡᠢ ᠶᠢ ᠡᠭᠡᠭᠦᠯᠦᠨ ᠬᠤᠷᠢᠶᠠᠬᠤ ᠵᠠᠰᠠᠯᠲᠠ ᠶᠢᠨ ᠡᠭᠦᠷᠭᠡ ᠶᠢ ᠪᠠᠭᠤᠯᠭᠠᠭᠰᠠᠨ ᠤ ᠬᠠᠮᠲᠤ ᠠᠶᠢᠮᠠᠭ ᠬᠤᠳᠠ | ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠯᠤᠭ᠎ᠠ ᠵᠠᠰᠠᠯᠲᠠ ᠶᠢᠨ ᠬᠠᠷᠢᠭᠤᠴᠠᠯᠭ᠎ᠠ ᠶᠢᠨ ᠪᠢᠴᠢᠭ ᠲᠣᠭᠲᠠᠪᠠ᠃ | ᠵᠠᠬ᠎ᠠ ᠳᠡᠯᠭᠡᠭᠦᠷ ᠤᠨ ᠠᠵᠢᠯᠯᠠᠭ᠎ᠠ ᠪᠠ ᠬᠡᠷᠡᠭᠯᠡᠭᠡ ᠶᠢ ᠠᠬᠢᠭᠤᠯᠬᠤ ᠭᠠᠵᠠᠷ ᠤᠨ ᠪᠦᠬᠦ ᠠᠵᠢᠯᠲᠠᠳ ᠪᠣᠯᠤᠨ ᠡᠯ᠎ᠡ | ᠠᠶᠢᠮᠠᠭ ᠬᠤᠳᠠ ᠶᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ᠂ ᠲᠤᠬᠠᠶᠢᠯᠠᠭᠰᠠᠨ ᠠᠵᠢᠯ ᠤᠨ ᠰᠠᠯᠠᠭᠠᠨ | ᠳᠠᠷᠤᠭ᠎ᠠ 40 ᠭᠠᠷᠤᠶ ᠬᠥᠮᠦᠨ ᠬᠤᠷᠠᠯᠳᠤ ᠣᠷᠣᠯᠴᠠᠪᠠ᠃ |