ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ ᠢ ᠤᠷᠢᠬᠤ ᠴᠤᠭᠯᠠᠭᠠᠨ ᠢ ᠠᠮᠵᠢᠯᠲᠠ ᠲᠠᠢ ᠪᠠᠷ ᠡᠷᠬᠢᠯᠡᠪᠡ
ᠨᠡᠶᠢᠲᠡᠯᠡᠭᠰᠡᠨ ᠴᠠᠭ᠄
2016/4/19
     4 ᠳ᠋ᠦ᠋ᠭᠡᠷ ᠰᠠᠷ᠎ᠠ ᠶᠢᠨ 17᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ ᠢ ᠤᠷᠢᠵᠤ ᠡᠯᠰᠡᠬᠦ ᠴᠤᠭᠯᠠᠭᠠᠨ ᠢ ᠠᠮᠵᠢᠯᠲᠠ ᠎ ᠲᠠᠢ ᠪᠠᠷ ᠡᠷᠭᠢᠯᠡᠪᠡ᠃ ᠲᠤᠰ ᠤᠳᠠᠭᠠᠨ ᠤ ᠤᠷᠢᠬᠤ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠤᠨ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠠᠴᠠ ᠭᠤᠣᠯᠴᠢᠯᠠᠨ ᠡᠷᠭᠢᠯᠡᠵᠦ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠳᠠᠭᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠠᠴᠠ ᠬᠠᠮᠵᠢᠯᠴᠠᠨ ᠡᠷᠬᠢᠯᠡᠪᠡ᠃ 112 ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠡᠰᠢᠭᠦᠨ ᠨᠢᠭᠡᠴᠡ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠤᠸᠠᠩ ᡁᠢ ᠵᠢᠶᠠᠩ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠸᠠᠩ ᠬᠤᠢ ᠵᠦᠩ᠂ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠵᠠᠬᠢᠷᠤᠯ ᠳ᠋ᠦ᠋ ᠶᠢᠨ ᠵᠦ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠵᠢᠯ ᠣᠯᠭᠤᠯᠲᠠ ᠶᠢ ᠵᠢᠯᠣᠭᠤᠳᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠴᠤᠭᠯᠠᠭᠠᠨ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠤᠸᠠᠩ ᡁᠢ ᠵᠢᠶᠠᠩ ᠠᠷᠠᠳ ᠤᠨ ᠶᠠᠪᠤᠳᠠᠯ ᠤᠨ ᠲᠢᠩᠬᠢᠮ ᠤᠨ ᠡᠮᠦᠨ᠎ᠡ ᠠᠴᠠ ᠶᠠᠷᠢᠶ᠎ᠠ ᠲᠠᠯᠪᠢᠪᠠ᠃      ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ ᠢ ᠤᠷᠢᠬᠤ ᠴᠤᠭᠯᠠᠭᠠᠨ ᠢ ᠵᠣᠬᠢᠶᠠᠨ ᠪᠠᠶᠢᠭᠤᠯᠤᠨ ᠡᠷᠬᠢᠯᠡᠭᠰᠡᠨ ᠨᠢ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠲᠤ ᠪᠦᠷ ᠠᠩᠬ᠎ᠠ ᠤᠳᠠᠭ᠎ᠠ ᠪᠠᠶᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ ᠤ ᠡᠩᠨᠡᠭᠡᠨ ᠤ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠶᠤᠲᠠᠳ ᠤᠨ ᠠᠵᠢᠯ ᠤᠯᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠠᠬᠢ ᠢᠳᠡᠪᠬᠢᠲᠡᠶ ᠦᠢᠯᠡᠳᠦᠯ ᠢ ᠪᠠᠳᠠᠷᠠᠭᠤᠯᠬᠤ ᠪᠠᠷ ᠵᠣᠷᠢᠯᠲᠠ ᠪᠣᠯᠭᠠᠪᠠ᠃ ᠤᠷᠢᠬᠤ ᠴᠤᠭᠯᠠᠭᠠᠨ ᠳᠤ 84 ᠳᠡᠯᠭᠡᠨ ᠦᠵᠡᠭᠦᠯᠬᠦ ᠪᠠᠶᠢᠷᠢ  ᠪᠠᠶᠢᠭᠤᠯᠵᠤ᠂ ᠤᠷᠢᠬᠤ ᠴᠤᠭᠯᠠᠭᠠᠨ ᠳᠤ ᠣᠷᠣᠯᠴᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠨᠡᠶᠢᠭᠡᠮ ᠤᠨ ᠠᠵᠢᠯ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ᠂ ᠲᠥᠷᠥᠯ ᠵᠦᠢᠯ ᠤᠨ ᠬᠠᠮᠢᠶᠠᠷᠤᠯᠲᠠ᠂ ᠡᠳ᠋ ᠬᠦᠷᠦᠩᠭᠡ ᠶᠢᠨ ᠦᠨᠡᠯᠡᠨ ᠵᠢᠱᠢᠯᠲᠡ᠂ ᠺᠣᠮᠫᠢᠦ᠋ᠲ᠋ᠧᠷ᠂ ᠵᠠᠰᠠᠭ ᠵᠠᠬᠢᠷᠭᠠᠨ ᠤ ᠪᠢᠴᠢᠭᠡᠴᠢ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠨᠡᠶᠢᠲᠡ 1227 ᠠᠵᠢᠯ ᠤᠨ ᠪᠠᠶᠢᠷᠢ ᠶᠢ ᠬᠠᠩᠭᠠᠵᠤ᠂ 1900 ᠭᠠᠷᠤᠶ ᠲᠤᠰ ᠵᠢᠯ ᠤᠨ ᠶᠡᠭᠡ ᠰᠤᠷᠭᠠᠭᠤᠯᠢ ᠠᠴᠠ ᠲᠡᠭᠦᠰᠦᠭᠰᠡᠳ ᠤᠷᠢᠨ ᠡᠯᠰᠡᠬᠦ ᠳᠤ ᠣᠷᠣᠯᠴᠠᠵᠤ᠂ 3700 ᠭᠠᠷᠤᠢ ᠠᠵᠢᠯ ᠡᠷᠢᠬᠦ ᠲᠣᠪᠴᠢ ᠨᠠᠮᠲᠠᠷ ᠢ ᠲᠤᠰᠢᠶᠠᠵᠤ᠂ ᠬᠠᠷᠢᠯᠴᠠᠨ ᠰᠢᠯᠢᠵᠦ ᠰᠣᠩᠭᠤᠬᠤ ᠪᠠᠷ ᠳᠠᠮᠵᠢᠭᠤᠯᠤᠨ 336 ᠬᠥᠮᠦᠨ ᠲᠤᠬᠠᠶ ᠶᠢᠨ ᠲᠠᠯᠠᠪᠤᠷ ᠲᠤ ᠭᠡᠷ᠎ᠡ ᠲᠣᠭᠲᠠᠪᠠ᠃      ᠤᠷᠢᠬᠤ ᠴᠤᠭᠯᠠᠭᠠᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠣᠯᠤᠨ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠠᠵᠢᠯ ᠣᠯᠭᠤᠬᠤ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠠᠳᠬᠤᠬᠤ ᠲᠤᠬᠠᠢ ᠰᠤᠷᠭᠠᠭᠤᠯᠢ ᠵᠠᠰᠠᠭ ᠬᠠᠮᠲᠤᠷᠠᠨ ᠠᠵᠢᠯᠯᠠᠬᠤ ᠵᠥᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠤᠷᠢᠬᠤ ᠴᠤᠭᠯᠠᠭᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠠᠵᠢᠯ ᠤᠯᠬᠤ ᠪᠣᠳᠣᠯ ᠲᠠᠢ ᠤᠶᠤᠲᠠᠳ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠲᠤᠰᠬᠠᠶ ᠪᠣᠯᠪᠠᠰᠤᠷᠠᠭᠤᠯᠤᠯ ᠵᠣᠬᠢᠶᠠᠨ ᠪᠠᠶᠢᠭᠤᠯᠵᠤ ᠬᠢᠬᠦ ᠪᠠᠷ ᠵᠢᠱᠢᠵᠦ᠂ ᠠᠵᠢᠯ ᠳᠤ ᠣᠷᠣᠬᠤ ᠣᠶᠤᠲᠠᠨ ᠲᠤ ᠠᠯᠢ ᠲᠦᠷᠭᠡᠨ ᠢᠶᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠶᠢᠯᠠᠭᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠨᠠᠨᠳᠢᠩᠨᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠯᠴᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠲᠣᠷ᠎ᠠ ᠥᠪᠡᠷ ᠤᠨ ᠬᠦᠰᠡᠯᠡᠩ ᠢᠶᠠᠨ ᠪᠡᠶᠡᠯᠡᠭᠦᠯᠬᠦ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号