| | 4 ᠳ᠋ᠦ᠋ᠭᠡᠷ ᠰᠠᠷ᠎ᠠ ᠶᠢᠨ 12 — 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠯᠪᠠᠨ ᠭᠡᠷᠡᠴᠢᠯᠡᠭᠡ ᠶᠢᠨ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠡᠷᠡᠭ | ᠡᠷᠬᠢᠯᠡᠭᠴᠢᠳ ᠤᠨ ᠬᠤᠷᠠᠯ ᠵᠢᠴᠢ ᠪᠥᠬᠦ ᠣᠷᠣᠨ ᠤ ᠠᠯᠪᠠᠨ ᠭᠡᠷᠡᠴᠢᠯᠡᠭᠡ ᠶᠢᠨ ᠠᠵᠢᠯ ᠤᠨ ᠶᠠᠷᠢᠯᠴᠠᠬᠤ ᠢ ᠬᠤᠷᠠᠯ | ᠬᠥᠬᠡᠬᠤᠲᠠ ᠳᠤ ᠬᠢᠪᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ | ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠳ᠋ᠧ ᠴᠧᠩ ᠬᠤᠷᠠᠯ ᠳᠤ ᠣᠷᠤᠯᠴᠠᠪᠠ᠃ | ᠬᠤᠷᠠᠯ ᠠᠴᠠ ᠤᠢᠢᠷ᠎ᠠ ᠶᠢᠨ ᠭᠤᠷᠪᠠᠨ ᠵᠢᠯ ᠤᠨ ᠲᠤᠷᠰᠢᠬᠢ ᠡᠯ᠎ᠡ ᠭᠠᠵᠠᠷ ᠤᠨ ᠠᠯᠪᠠᠨ ᠭᠡᠷᠡᠴᠢᠯᠡᠭᠡ ᠶᠢᠨ | ᠠᠵᠢᠯ ᠤᠨ ᠪᠠᠶᠢᠳᠠᠯ᠂ ᠡᠭᠦᠨ ᠳᠤ ᠭᠤᠣᠯᠳᠠᠭᠤ ᠠᠯᠪᠠᠨ ᠭᠡᠷᠡᠴᠢᠯᠡᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠠᠬᠢᠴᠠ᠂ ᠠᠯᠪᠠᠨ ᠭᠡᠷᠡᠴᠢᠯᠡᠭᠡ ᠶᠢᠨ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠶᠠᠰᠤ ᠴᠢᠨᠠᠷ ᠤᠨ | ᠬᠠᠮᠢᠶᠠᠷᠤᠯᠲᠠ ᠪᠣᠯᠤᠨ ᠠᠵᠢᠯ ᠡᠷᠬᠢᠯᠡᠬᠦ ᠶᠢ ᠪᠠᠶᠢᠴᠠᠭᠠᠭᠰᠠᠨ ᠪᠠᠶᠢᠳᠠᠯ᠂ 1 ᠠᠵᠢᠯᠲᠠᠨ ᠲᠠᠢ ᠭᠠᠵᠠᠷ ᠪᠠ ᠠᠵᠢᠯᠲᠠᠨ | ᠦᠭᠡᠢ ᠭᠠᠵᠠᠷ ᠤᠨ ᠪᠠᠶᠢᠳᠠᠯ ᠢ ᠶᠠᠷᠢᠯᠴᠠᠵᠤ ᠰᠣᠯᠢᠯᠴᠠᠭᠰᠠᠨ ᠪᠥᠭᠡᠳ ᠣᠳᠣᠬᠠᠨ ᠤ ᠠᠯᠪᠠᠨ ᠭᠡᠷᠡᠴᠢᠯᠡᠭᠡ ᠶᠢᠨ ᠠᠵᠢᠯ | ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠤᠬᠠᠢ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | | ᠲᠢᠩᠬᠢᠮ ᠤᠨ ᠳᠡᠳ᠋ ᠳᠠᠷᠤᠭ᠎ᠠ ᠵᠠᠩ ᠳ᠋ᠧ ᠴᠧᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠣᠷᠣᠨ | ᠤ ᠬᠠᠤᠯᠢᠴᠢ ᠶᠢᠨ ᠠᠯᠪᠠᠨ ᠭᠡᠷᠡᠴᠢᠯᠡᠭᠡ ᠶᠢᠨ ᠠᠵᠢᠯ ᠨᠢ ︽ᠳᠥᠷᠪᠡᠨ ᠪᠦᠬᠦ ᠲᠠᠯ᠎ᠠ︾ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠠᠴᠠ ᠭᠠᠷᠳᠠᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠲᠤᠯ ᠦᠭᠡᠢ ᠪᠠᠶᠢᠯᠭᠠᠬᠤ᠂ | ᠨᠡᠭᠡᠭᠡᠯᠳᠡ ᠬᠢᠬᠦ᠂ ᠬᠠᠮᠲᠤ ᠪᠠᠷ ᠡᠳ᠋ᠯᠡᠬᠦ ᠵᠡᠷᠭᠡ ︽ᠲᠠᠪᠤᠨ ᠶᠡᠭᠡ ᠬᠥᠭᠵᠢᠯᠲᠡ ᠶᠢᠨ ᠣᠨᠤᠯᠵᠢᠬᠤᠨ︾ ᠳᠤ ᠴᠢᠷᠮᠠᠶᠢᠨ | ᠦᠢᠯᠡᠴᠢᠯᠡᠵᠦ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ᠂ ︽ᠨᠢᠭᠡ ᠪᠦᠰᠡ ᠨᠢᠭᠡ ᠵᠠᠮ | ︾ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠵᠡᠭᠦᠨ ᠬᠡᠰᠡᠭ ᠤᠨ ᠭᠠᠵᠠᠷ ᠣᠷᠣᠨ ᠤ ᠠᠵᠤ | ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ ᠬᠡᠰᠡᠭ ᠤᠨ ᠭᠠᠵᠠᠷ | ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠ ᠠᠵᠤ ᠠᠬᠤᠶᠢᠯᠠᠯ ᠤᠨ ︽ᠭᠠᠳᠠᠭᠰᠢ ᠭᠠᠷᠬᠤ︾ ᠪᠠᠶᠢᠯᠳᠤᠬᠤ | ᠪᠤᠳᠤᠯᠭ᠎ᠠ ᠶᠢᠨ ᠬᠡᠷᠡᠭᠵᠢᠭᠦᠯᠦᠯᠲᠡ ᠳᠤ ᠢᠳᠡᠪᠬᠢᠲᠡᠢ ᠪᠠᠷ ᠴᠢᠨᠠᠷ ᠰᠠᠶᠢᠲᠠᠢ ᠦᠷ᠎ᠡ ᠠᠰᠢᠭ ᠶᠡᠬᠡᠲᠡᠶ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠢ᠃ ᠲᠢᠩᠬᠢᠮ ᠤᠨ ᠳᠡᠳ᠋ ᠳᠠᠷᠤᠭ᠎ᠠ ᠵᠠᠩ ᠳ᠋ᠧ ᠴᠧᠩ ᠮᠠᠨ ᠤ | ᠣᠷᠣᠨ ᠤ ᠪᠣᠳᠠᠲᠤ ᠪᠠᠶᠢᠳᠠᠯ ᠲᠠᠢ ᠤᠯᠠᠮ ᠤᠶᠠᠯᠳᠤᠭᠤᠯᠵᠤ᠂ ᠮᠠᠨ ᠤ ᠣᠷᠣᠨ ᠤ ᠬᠠᠤᠯᠢᠴᠢ ᠶᠢᠨ ᠠᠯᠪᠠᠨ | ᠭᠡᠷᠡᠴᠢᠯᠡᠭᠡ ᠶᠢᠨ ᠠᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠴᠢᠭᠯᠡᠯ ᠢ ᠵᠢᠷᠭᠤᠭᠠᠨ ᠲᠠᠯ᠎ᠠ ᠪᠠᠷ ᠲᠣᠳᠤᠷᠬᠠᠶᠢᠯᠠᠪᠠ | ᠂ ᠨᠢᠭᠡ ᠳᠤ ᠶᠡᠭᠡ ᠬᠠᠨᠳᠤᠰᠢ ᠶᠢ ᠡᠵᠡᠮᠳᠡᠨ᠂ ᠬᠥᠭᠵᠢᠯᠲᠡ ᠳᠤ ᠦᠢᠯᠡᠴᠢᠯᠡᠬᠦ ᠬᠡᠷᠡᠭᠲᠡᠢ︔ ᠬᠤᠶᠠᠷ ᠲᠤ ᠠᠷᠠᠳ ᠤᠨ | ᠠᠮᠢᠳᠤᠷᠠᠯ ᠢ ᠳᠤ ᠰᠡᠳᠭᠢᠯ ᠲᠠᠯᠪᠢᠨ᠂ ᠲᠦᠢᠯ ᠤᠨ ᠣᠨᠤᠪᠴᠢᠲᠠᠢ ᠦᠢᠯᠡᠴᠢᠯᠡᠬᠦ ᠬᠡᠷᠡᠭᠲᠡᠶ︔ ᠭᠤᠷᠪᠠ ᠳᠤ ᠬᠦᠴᠢᠷ | ᠪᠡᠷᠬᠡᠰᠢᠶᠡᠯ ᠢ ᠰᠢᠢᠳᠪᠦᠷᠢᠯᠡᠨ᠂ ᠳᠤᠲᠠᠮᠠᠭ ᠲᠠᠯ᠎ᠠ ᠪᠠᠨ ᠨᠦᠬᠦᠪᠦᠷᠢᠯᠡᠬᠦ ᠬᠡᠷᠡᠭᠲᠡᠢ︔ ᠲᠦᠷᠪᠡ ᠳᠤ ᠰᠡᠳᠬᠢᠬᠦᠶ ᠪᠠᠨ | ᠰᠢᠨᠡᠴᠢᠯᠡᠵᠦ᠂ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ︔ ᠲᠠᠪᠤ ᠳᠤ ᠨᠠᠷᠢᠨ ᠨᠢᠮᠪᠠᠢ ᠵᠣᠬᠢᠶᠠᠨ ᠪᠠᠶᠢᠭᠤᠯᠵᠤ᠂ | ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠬᠡᠷᠡᠭᠲᠡᠢ︔ ᠵᠢᠷᠭᠤᠭ᠎ᠠ ᠳᠤ ᠭᠢᠯᠠᠰ ᠴᠢᠭ᠋ ᠪᠠᠶᠢᠭᠤᠯᠤᠨ᠂ ᠰᠤᠷᠲᠠᠯ | ᠤᠬᠠᠭᠤᠯᠭ᠎ᠠ ᠶᠢᠨ ᠠᠵᠢᠯ ᠢᠶᠠᠨ ᠴᠢᠩᠭᠠᠷᠠᠭᠤᠯᠬᠤ ᠬᠡᠷᠡᠭᠲᠡᠢ ᠭᠡᠪᠡ᠃ ᠲᠢᠩᠬᠢᠮ ᠤᠨ ᠳᠡᠳ᠋ ᠳᠠᠷᠤᠭ᠎ᠠ ᠵᠠᠩ ᠳ᠋ᠧ ᠴᠧᠩ | ᠤᠨ ᠶᠠᠷᠢᠶ᠎ᠠ ᠨᠢ ᠬᠠᠤᠯᠢᠴᠢ ᠶᠢᠨ ᠠᠯᠪᠠᠨ ᠭᠡᠷᠡᠴᠢᠯᠡᠭᠡ ᠶᠢᠨ ᠠᠵᠢᠯ ᠢ ᠤᠯᠠᠮ ᠰᠠᠶᠢᠨ ᠬᠢᠬᠦ ᠳᠤ ᠢᠯᠡ ᠲᠣᠳᠣᠷᠬᠠᠶ | ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠂ ᠬᠤᠷᠠᠯ ᠠᠴᠠ ᠡᠯ᠎ᠡ ᠠᠶᠢᠮᠠᠭ ᠬᠤᠲᠠ ᠨᠤᠭᠤᠳ ᠤᠳ | ᠬᠤᠶᠢᠰᠢᠳᠠ ᠶᠢᠨ ᠠᠵᠢᠯ ᠳᠤᠮᠳᠠ ᠪᠠᠨ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ | ᠬᠡᠷᠡᠭ ᠡᠷᠬᠢᠯᠡᠭᠴᠢᠳ ᠤᠨ ᠬᠤᠷᠠᠯ ᠨᠢ ᠪᠠᠶᠢᠩᠭᠤ ᠶᠢᠨ ᠬᠡᠷᠡᠭ ᠡᠷᠬᠢᠯᠡᠭᠴᠢᠳ ᠤᠨ ᠨᠡᠶᠢᠭᠡᠮᠯᠢᠭ ᠤᠨ 2015 | ᠣᠨ ᠤ ᠠᠵᠢᠯ ᠤᠨ ᠮᠡᠳᠡᠭᠦᠯᠦᠯᠲᠡ᠂ ᠬᠤᠷᠠᠯ ᠤᠨ ᠰᠦᠢᠳᠬᠡᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ | ᠮᠡᠳᠡᠭᠦᠯᠦᠯᠲᠡ ᠪᠠ ᠬᠠᠷᠢᠯᠴᠠᠨ ᠬᠠᠪᠰᠤᠷᠤᠯᠴᠠᠬᠤ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ | ᠮᠡᠳᠡᠭᠦᠯᠦᠯᠲᠡ ᠶᠢ ᠬᠢᠨᠠᠨ ᠪᠠᠲᠤᠯᠠᠪᠠ᠃ ᠬᠡᠷᠡᠭ ᠡᠷᠬᠢᠯᠡᠭᠴᠢᠳ ᠤᠨ ᠨᠡᠶᠢᠭᠡᠮᠯᠢᠭ ᠨᠢ ︽ᠠᠷᠠᠳ ᠤᠨ ᠬᠤᠭᠤᠷᠣᠨᠳᠣᠬᠢ | ᠵᠢᠭᠡᠯᠡᠯᠭᠡ ᠶᠢᠨ ᠭᠡᠷ᠎ᠡ ᠳᠤ ᠠᠯᠪᠠᠨ ᠭᠡᠷᠡᠴᠢᠯᠡᠭᠡ ᠬᠢᠬᠦ ᠲᠤᠬᠠᠢ ᠵᠢᠯᠣᠭᠤᠳᠬᠤ ᠰᠠᠨᠠᠯ ︵ᠰᠠᠨᠠᠯ ᠬᠤᠷᠢᠶᠠᠬᠤ ᠡᠬᠡ | ᠨᠣᠣᠷᠠᠭ︶︾ ᠢ ᠲᠤᠰᠬᠠᠢ ᠰᠡᠳᠦᠪ ᠢᠶᠠᠷ ᠶᠠᠷᠢᠯᠴᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ︾ ᠶᠢ ᠶᠠᠷᠢᠯᠴᠠᠨ ᠪᠠᠲᠤᠯᠠᠭᠰᠠᠨ | ᠪᠦᠭᠡᠳ ᠡᠨᠡ ᠵᠢᠯ ᠤᠨ ᠠᠯᠪᠠᠨ ᠭᠡᠷᠡᠴᠢᠯᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠠᠯᠪᠠᠨ ᠭᠡᠷᠡᠴᠢᠯᠡᠯ ᠤᠨ | ᠠᠵᠢᠯ ᠡᠷᠭᠢᠯᠡᠭᠦ ᠶᠢ ᠪᠠᠶᠢᠴᠠᠭᠠᠬᠤ ᠠᠵᠢᠯ ᠢ ᠪᠠᠶᠢᠷᠢᠯᠠᠭᠤᠯᠪᠡ᠃ | ᠬᠠᠤᠯᠢ ᠴᠠᠭᠠᠵᠠ ᠶᠢᠨ ᠲᠢᠩᠬᠢᠮ ᠤᠨ ᠬᠠᠤᠯᠢᠴᠢ ᠶᠢᠨ ᠠᠯᠪᠠᠨ ᠭᠡᠷᠡᠴᠢᠯᠡᠭᠡ ᠶᠢᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠭᠠᠵᠠᠷ ᠤᠨ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠠᠵᠢᠯᠲᠠᠨ᠂ ᠡᠯ᠎ᠡ ᠠᠶᠢᠮᠠᠭ ᠬᠤᠳᠠ ᠶᠢᠨ | ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠤᠯᠢᠴᠢ ᠶᠢᠨ ᠠᠯᠪᠠᠨ | ᠭᠡᠷᠡᠴᠢᠯᠡᠯ ᠤᠨ ᠰᠠᠯᠠᠭ᠎ᠠ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠯᠪᠠᠨ ᠭᠡᠷᠡᠴᠢᠯᠡᠭᠡ ᠶᠢᠨ | ᠨᠡᠶᠢᠭᠡᠮᠯᠢᠭ ᠤᠨ ᠬᠡᠷᠡᠭ ᠡᠷᠬᠢᠯᠡᠭᠴᠢ᠂ ᠬᠢᠨᠠᠭᠴᠢ ᠨᠠᠷ ᠬᠤᠷᠠᠯ ᠳᠤ ᠣᠷᠤᠯᠴᠠᠪᠠ᠃ |