4 ᠳ᠋ᠤᠭᠡᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠠᠷᠠᠯᠵᠢᠶ᠎ᠡ ᠶᠢ ᠠᠬᠢᠭᠤᠯᠬᠤ ᠵᠦᠪᠯᠡᠯ ᠠᠴᠠ | ᠥᠪᠥᠷ ᠮᠣᠩᠭᠤᠯ ᠤᠨ ᠪᠥᠸᠧ ᠶᠤᠸᠠᠨ ᠣᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ ︽ᠳᠤᠮᠳᠠᠳᠤ ᠤᠯᠤᠰ — ᠺᠣᠷᠢᠶᠠ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ︾ ᠤᠨ ᠣᠷᠣᠨ | ᠪᠦᠰᠡ ᠶᠢᠨ ᠴᠢᠨᠠᠷᠲᠠᠶ ᠬᠠᠷᠠᠭᠠᠯᠵᠠᠯ ᠦᠵᠡᠭᠦᠯᠬᠦ ᠤᠤᠯ ᠭᠠᠷᠤᠯᠲᠠ ᠶᠢᠨ ᠣᠷᠣᠨ ᠤ ᠠᠩᠬᠠᠳᠠᠭᠴᠢ ᠦᠨᠡᠮᠯᠡᠯ ᠢ | ᠣᠯᠭᠤᠪᠠ᠃ ᠡᠨᠡ ᠨᠢ ᠣᠷᠣᠨ ᠪᠦᠰᠡ ᠶᠢᠨ ᠴᠢᠨᠠᠷᠲᠠᠶ ᠬᠠᠷᠠᠭᠠᠯᠵᠠᠯ ᠦᠵᠡᠭᠦᠯᠬᠦ ᠤᠤᠯ ᠭᠠᠷᠤᠯᠲᠠ ᠶᠢᠨ ᠣᠷᠣᠨ ᠤ | ᠦᠨᠡᠮᠯᠡᠯ ᠣᠯᠣᠭᠰᠠᠨ ᠮᠠᠨ ᠤ ᠣᠷᠣᠨ ᠤ ᠠᠵᠤ ᠠᠬᠤᠶᠢᠯᠠᠯ ᠨᠢ ᠪᠣᠭᠤᠮᠲᠠ ᠶᠢᠨ ᠭᠠᠶᠢᠯᠢ ᠬᠥᠩᠭᠡᠯᠡᠬᠦ ᠪᠤᠶᠤ | ᠬᠡᠯᠲᠦᠷᠢᠭᠦᠯᠬᠦ ᠶᠢ ᠡᠳ᠋ᠯᠡᠵᠦ᠂ ᠡᠭᠦᠨ ᠤ ᠤᠯᠠᠮ ᠠᠴᠠ ᠠᠵᠤ ᠠᠬᠤᠶᠢᠯᠠᠯ ᠤᠨ ᠠᠷᠠᠯᠵᠢᠶᠠᠨ ᠤ ᠥᠪᠡᠷ ᠤᠨ ᠦᠷᠳᠡᠭ ᠢ | ᠪᠠᠭᠤᠷᠠᠭᠤᠯᠤᠨ᠂ ᠪᠦᠲᠦᠭᠡᠭᠳᠡᠬᠦᠨ ᠤ ᠳᠡᠯᠡᠬᠡᠶ ᠳᠠᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ ᠪᠣᠯᠬᠤ ᠶᠢ | ᠬᠠᠷᠠᠭᠤᠯᠵᠤ ᠪᠠᠶᠢᠨ᠎ᠠ᠃ | ᠬᠠᠷᠠᠭᠠᠯᠵᠠᠯ ᠦᠵᠡᠭᠦᠯᠬᠦ ᠤᠤᠯ ᠭᠠᠷᠤᠯᠲᠠ ᠶᠢᠨ ᠣᠷᠣᠨ ᠤ ᠦᠨᠡᠮᠯᠡᠯ ᠪᠣᠯ ᠣᠷᠣᠨ ᠪᠦᠰᠡ ᠶᠢᠨ ᠬᠠᠷᠠᠭᠠᠯᠵᠠᠯ | ᠦᠵᠡᠭᠦᠯᠬᠦ ᠠᠷᠠᠯᠵᠢᠶᠠᠨ ᠤ ᠬᠡᠯᠡᠯᠴᠡᠭᠡᠷ ᠲᠣᠭᠲᠠᠭᠰᠠᠨ ᠪᠦᠷᠢᠯᠳᠦᠬᠦᠨ ᠤᠯᠤᠰ ᠤᠨ ᠠᠯᠪᠠᠨ ᠤ ᠲᠠᠯ᠎ᠠ ᠶᠢᠨ | ᠪᠠᠶᠢᠭᠤᠯᠤᠮᠵᠢ ᠠᠴᠠ ᠭᠠᠷ ᠤᠨ ᠦᠰᠦᠭ ᠵᠢᠷᠤᠵᠤ ᠣᠯᠭᠤᠭᠰᠠᠨ ᠪᠣᠭᠤᠮᠲᠠ ᠶᠢᠨ ᠭᠠᠶᠢᠯᠢ ᠶᠢ ᠬᠠᠷᠢᠯᠴᠠᠨ ᠬᠥᠡᠭᠭᠡᠯᠡᠨ | ᠬᠡᠯᠲᠦᠷᠢᠭᠦᠯᠬᠦ ᠬᠠᠷᠠᠭᠠᠯᠵᠠᠯ ᠬᠦᠷᠲᠡᠬᠦ ᠪᠠᠷᠢᠮᠲᠠ ᠮᠥᠨ᠃ ᠭᠠᠷ ᠤᠨ ᠦᠰᠦᠭ ᠵᠢᠷᠤᠵᠤ ᠦᠨᠡᠮᠯᠡᠯ ᠣᠯᠭᠤᠬᠤ | ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠪᠥᠸᠧ ᠶᠤᠸᠠᠨ ᠣᠯᠠᠨ ᠤᠯᠤᠰ ᠤᠨ ᠠᠷᠠᠯᠵᠢᠶᠠᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠡ ᠪᠦᠬᠦᠢ ᠬᠠᠷᠢᠭᠤᠴᠠᠯᠭᠠᠲᠠᠨ ᠬᠡᠯᠡᠭᠰᠡᠨ ᠨᠢ᠂ ᠬᠠᠷᠠᠭᠠᠯᠵᠠᠯ ᠦᠵᠡᠭᠦᠯᠬᠦ ᠤᠤᠯ | ᠭᠠᠷᠤᠯᠲᠠ ᠶᠢᠨ ᠣᠷᠣᠨ ᠤ ᠦᠨᠡᠮᠯᠡᠯ ᠢ ᠣᠯᠤᠭᠰᠠᠨ ᠤ ᠳᠠᠷᠠᠭ᠎ᠠ᠂ ᠺᠣᠷᠢᠶᠠ ᠳᠤ ᠭᠠᠷᠭᠠᠬᠤ ᠠᠷᠠᠳ ᠤᠨ ᠵᠣᠭᠤᠰ ᠢᠶᠠᠷ | 134 ᠲᠥᠮᠡᠨ ᠲᠥᠭᠦᠷᠢᠭ ᠤᠨ ᠥᠷᠲᠡᠭ ᠲᠠᠢ ᠵᠢᠵᠢᠭ ᠰᠤᠳᠠ ᠠᠴᠠ ᠳᠠᠷᠤᠢ 1.4791 ᠲᠥᠮᠡᠨ ᠲᠥᠭᠦᠷᠢᠭ ᠤᠨ | ᠪᠣᠭᠤᠮᠲᠠ ᠶᠢᠨ ᠭᠠᠶᠢᠯᠢ ᠬᠥᠡᠭᠭᠡᠯᠡᠨ ᠬᠡᠯᠲᠦᠷᠢᠭᠦᠯᠬᠦ ᠪᠣᠯᠤᠨ᠎ᠠ ᠭᠡᠪᠡ᠃ |