ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ︽ᠶᠠᠳᠠᠭᠤ ᠶᠢ ᠳᠡᠳᠬᠦᠵᠦ ᠨᠡᠭᠡᠭᠡᠨ ᠬᠥᠭᠵᠢᠭᠦᠯᠬᠦ ᠠᠵᠢᠯ ᠳᠤ ᠨᠡᠶᠢᠭᠡᠮ ᠤᠨ ᠡᠯ᠎ᠡ ᠲᠠᠯ᠎ᠠ ᠶᠢᠨ | ᠬᠦᠴᠦᠨ ᠵᠦᠢᠯ ᠤᠨ ᠣᠷᠤᠯᠴᠠᠬᠤ ᠶᠢ ᠤᠯᠠᠮ ᠨᠢᠭᠡ ᠠᠯᠬᠤᠮ ᠳᠠᠶᠢᠴᠢᠯᠠᠬᠤ ᠲᠤᠬᠠᠶ ᠬᠡᠷᠡᠭᠵᠢᠭᠦᠯᠬᠦ ᠰᠠᠨᠠᠯ︾ ᠢ | ᠨᠡᠶᠢᠲᠡᠯᠡᠪᠡ᠃ ᠰᠠᠨᠠᠯ ᠳᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠡᠯ᠎ᠡ ᠲᠦᠷᠦᠯ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠶᠠᠳᠠᠭᠤ ᠶᠢ ᠳᠡᠳᠬᠦᠵᠦ ᠨᠡᠭᠡᠭᠡᠨ ᠬᠥᠭᠵᠢᠭᠦᠯᠬᠦ ᠠᠵᠢᠯ ᠳᠤ | ᠢᠳᠡᠪᠬᠢᠲᠡᠶ ᠣᠷᠤᠯᠴᠠᠬᠤ ᠶᠢ ᠳᠡᠮᠵᠢᠬᠦ ᠪᠥᠭᠡᠳ ᠪᠤᠰᠤᠳ ᠬᠦᠴᠦᠨ ᠵᠦᠢᠯ ᠪᠠ ᠬᠤᠪᠢ ᠬᠥᠮᠦᠨ ᠶᠠᠳᠠᠭᠤ ᠶᠢ | ᠲᠡᠳᠬᠦᠬᠦ ᠠᠵᠢᠯ ᠳᠤ ᠣᠷᠤᠯᠴᠠᠬᠤ ᠶᠢ ᠥᠷᠭᠡᠨ ᠢᠶᠠᠷ ᠳᠠᠶᠢᠴᠢᠯᠠᠨ᠎ᠠ ᠭᠡᠵᠦ ᠳᠤᠷᠠᠳᠪᠠ᠃ | ᠣᠶᠢᠯᠠᠭᠠᠭᠰᠠᠨ ᠢᠶᠠᠷ᠂ ᠲᠤᠰ ︽ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠨᠢ᠂ ᠶᠠᠳᠠᠭᠤ ᠶᠢ ᠲᠡᠳᠬᠦᠬᠦ | ᠰᠠᠶᠢᠨ ᠳᠤᠷᠠᠴᠤᠳ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠶᠠᠳᠠᠭᠤ ᠶᠢ ᠲᠡᠳᠬᠦᠬᠦ ᠰᠠᠶᠢᠨ ᠳᠤᠷᠠᠴᠤᠳ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ | ᠨᠡᠶᠢᠭᠡᠮ ᠤᠨ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢᠨ ᠦᠢᠯᠡᠴᠢᠯᠡᠭᠡᠨ ᠤ ᠲᠠᠪᠴᠠᠩ ᠢ | ᠪᠦᠲᠦᠭᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ᠂ ᠠᠶᠢᠯ ᠡᠷᠦᠬᠡ ᠶᠢᠨ ᠳᠠᠩᠰᠠ ᠡᠪᠬᠡᠮᠡᠯ ᠤᠨ | ᠺᠠᠷᠲ ᠪᠠᠶᠢᠭᠤᠯᠬᠤ ᠳᠤ ᠰᠠᠭᠤᠷᠢ ᠮᠡᠳᠡᠭᠡ ᠵᠠᠩᠭᠢ ᠪᠠ ᠬᠡᠷᠡᠭᠴᠡᠭᠡᠨ ᠤ ᠮᠡᠳᠡᠭᠡ ᠵᠠᠩᠭᠢ ᠶᠢ ᠬᠠᠩᠭᠠᠵᠤ᠂ ᠶᠠᠳᠠᠭᠤ ᠶᠢ | ᠲᠡᠳᠬᠦᠬᠦ ᠬᠡᠷᠡᠭᠴᠡᠭᠡᠨ ᠤ ᠮᠡᠳᠡᠭᠡ ᠵᠠᠩᠭᠢ ᠬᠢᠭᠡᠳ ᠨᠡᠶᠢᠭᠡᠮ ᠤᠨ ᠡᠯ᠎ᠡ ᠡᠲᠡᠭᠡᠳ ᠤᠨ ᠶᠠᠳᠠᠭᠤ ᠶᠢ ᠲᠡᠳᠬᠦᠬᠦ ᠡᠬᠢ | ᠪᠠᠶᠠᠯᠢᠭ᠂ ᠬᠠᠪᠰᠤᠷᠤᠨ ᠲᠡᠳᠬᠦᠬᠦ ᠬᠦᠰᠡᠯ ᠱᠠᠭᠠᠷᠳᠠᠯᠭ᠎ᠠ ᠯᠤᠭ᠎ᠠ ᠪᠦᠲᠦᠮᠵᠢᠲᠡᠶ ᠵᠤᠯᠭᠠᠭᠤᠯᠬᠤ ᠶᠢ ᠲᠥᠯᠬᠢᠨ | ᠠᠬᠢᠭᠤᠯᠵᠤ᠂ ᠶᠠᠳᠠᠭᠤ ᠶᠢ ᠲᠡᠳᠬᠦᠬᠦ ᠡᠬᠢ ᠪᠠᠶᠠᠯᠢᠭ ᠤᠨ ᠬᠠᠩᠭᠠᠯᠭ᠎ᠠ᠂ ᠬᠡᠷᠡᠭᠴᠡᠭᠡ ᠵᠡᠷᠭᠡ ᠮᠡᠳᠡᠭᠡ ᠵᠠᠩᠭᠢ ᠶᠢ | ᠬᠠᠷᠢᠯᠴᠠᠨ ᠬᠤᠯᠪᠤᠵᠤ ᠬᠠᠮᠲᠤᠪᠠᠷ ᠡᠳ᠋ᠯᠡᠭᠦᠯᠬᠦ ᠶᠢ ᠠᠬᠢᠭᠤᠯᠤᠨ᠎ᠠ᠃ ᠨᠡᠶᠢᠭᠡᠮ ᠤᠨ ᠡᠯ᠎ᠡ ᠳᠠᠪᠬᠤᠷᠭ᠎ᠠ ᠪᠠ ᠡᠯ᠎ᠡ | ᠬᠦᠷᠢᠶᠡᠨ ᠤ ᠬᠦᠮᠦᠰ ᠢ ᠥᠷᠭᠡᠨ ᠢᠶᠠᠷ ᠳᠠᠶᠢᠴᠢᠯᠠᠵᠤ᠂ ᠬᠠᠯᠠᠮᠵᠢᠯᠠᠨ ᠬᠠᠨᠳᠢᠪᠯᠠᠬᠤ᠂ ᠬᠤᠣᠰᠯᠠᠯ ᠪᠣᠯᠵᠦ ᠬᠠᠪᠰᠤᠷᠤᠨ | ᠲᠡᠳᠬᠦᠬᠦ ᠪᠠ ᠨᠡᠶᠢᠲᠡ ᠶᠢᠨ ᠠᠰᠠᠷᠠᠮᠵᠢ ᠶᠢᠨ ᠬᠡᠷᠡᠭᠯᠡᠭᠡ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ | ᠶᠠᠳᠠᠭᠤ ᠶᠢ ᠲᠡᠳᠬᠦᠬᠦ ᠳᠤ ᠣᠷᠤᠯᠴᠠᠭᠤᠯᠤᠨ᠎ᠠ᠃ ᠡᠭᠦᠨ ᠤ ᠬᠠᠮᠲᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠢᠨ ᠨᠡᠶᠢᠭᠡᠮ ᠤᠨ ᠶᠠᠳᠠᠭᠤ ᠶᠢ ᠲᠡᠳᠬᠦᠬᠦ ᠡᠬᠢ ᠪᠠᠶᠠᠯᠢᠭ ᠤᠨ ᠲᠣᠬᠢᠷᠠᠭᠤᠯᠤᠯᠲᠠ ᠪᠠ ᠬᠡᠷᠡᠭᠯᠡᠯᠲᠡ ᠵᠡᠷᠭᠡ ᠵᠠᠩᠭᠢᠯᠭ᠎ᠠ | ᠳᠤ ᠣᠷᠤᠯᠴᠠᠬᠤ ᠶᠢ ᠵᠣᠷᠢᠭᠵᠢᠭᠤᠯᠤᠨ᠂ ᠨᠡᠶᠢᠭᠡᠮ ᠨᠡᠶᠢᠲᠡ ᠠᠴᠠ ᠦᠢᠯᠡᠴᠢᠯᠡᠭᠡ ᠬᠤᠳᠠᠯᠳᠤᠨ ᠠᠪᠬᠤ ᠶᠢ | ᠲᠥᠷᠭᠡᠳᠬᠡᠨ ᠠᠬᠢᠭᠤᠯᠵᠤ᠂ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠳᠤ ᠣᠷᠤᠯᠴᠠᠭᠰᠠᠨ ᠡᠯ᠎ᠡ ᠲᠥᠷᠥᠯ ᠤᠨ | ᠪᠡᠶᠡᠴᠢ ᠴᠣᠭᠴᠠ ᠶᠢᠨ ᠢᠯᠡ ᠪᠠᠷ ᠦᠷᠢᠰᠦᠯᠳᠦᠬᠦ ᠠᠷᠭ᠎ᠠ ᠮᠠᠶ᠋ᠢᠭ ᠢᠶᠠᠷ ᠳᠠᠮᠵᠢᠨ᠂ ᠵᠠᠰᠠᠭ ᠤᠨ ᠣᠷᠳᠣᠨ ᠤ ᠨᠡᠶᠢᠭᠡᠮ | ᠨᠡᠶᠢᠲᠡ ᠳᠤ ᠵᠣᠷᠢᠭᠤᠯᠤᠭᠰᠠᠨ ᠦᠢᠯᠡᠴᠢᠯᠡᠭᠡ ᠬᠤᠳᠠᠯᠳᠤᠨ ᠠᠪᠬᠤ ᠠᠵᠢᠯ ᠳᠤ ᠢᠳᠡᠪᠬᠢᠲᠡᠶ ᠣᠷᠤᠯᠴᠠᠬᠤ ᠶᠢ | ᠳᠡᠮᠵᠢᠨ᠎ᠡ ᠭᠡᠪᠡ᠃ | ︽ᠭᠡᠷᠡᠯ ᠭᠢᠯᠪᠠᠭᠠᠲᠤ ᠠᠵᠢᠯ ᠦᠢᠯᠡᠰ︾ ︽ᠡᠵᠢ ᠶᠢᠨ ᠤᠰᠤᠨ ᠵᠣᠭᠤᠷᠢ︾ ︽ᠵᠣᠯ ᠵᠢᠷᠭᠠᠯᠲᠤ | ᠢᠨᠵᠧᠨᠧᠷᠢᠩ︾ ︽ᠤᠶᠤᠨ ᠮᠡᠳᠡᠯᠭᠡ ᠪᠠᠷ ᠬᠢᠵᠠᠭᠠᠷ ᠣᠷᠣᠨ ᠢ ᠳᠡᠮᠵᠢᠬᠦ︾ ︽ᠡᠵᠢ ᠶᠢᠨ ᠡᠷᠡᠭᠦᠯ ᠮᠡᠨᠳᠦ ᠶᠢᠨ | ᠲᠡᠷᠭᠡ︾᠂ ︽ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ︾ | ︽ᠴᠣᠮᠣᠷᠯᠢᠭ ᠲᠥᠯᠥᠪᠯᠡᠭᠡ︾ ︽ᠬᠠᠶᠢᠷ᠎ᠠ ᠬᠠᠯᠠᠮᠵᠢ ᠶᠢᠨ ᠪᠣᠭᠤᠳᠠᠯ︾ ︽ᠶᠠᠳᠠᠭᠤ ᠶᠢ ᠲᠡᠳᠬᠦᠬᠦ ᠰᠠᠶᠢᠨ | ᠳᠤᠷᠠᠴᠤᠳ ᠤᠨ ᠠᠵᠢᠯᠯᠠᠭᠠᠨ ᠤ ᠲᠥᠯᠥᠪᠯᠡᠭᠡ︾ ᠵᠡᠷᠭᠡ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ | ᠨᠠᠷᠡᠳᠤ ᠲᠡᠮᠳᠡᠭᠲᠦ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠭᠡᠷ ᠢᠶᠠᠨ ᠰᠠᠬᠢᠵᠤ ᠬᠤᠴᠣᠷᠤᠭᠰᠠᠨ ᠪᠦᠰᠡᠭᠦᠶᠢᠴᠦᠳ᠂ ᠬᠡᠦᠬᠡᠳ ᠤᠳ᠂ ᠨᠠᠰᠤᠲᠠᠶᠢᠴᠤᠳ᠂ | ᠵᠡᠮᠳᠡᠭᠴᠦᠳ ᠵᠡᠷᠭᠡ ᠣᠨᠴᠠᠭᠠᠶ ᠬᠦᠮᠦᠰ ᠲᠤ ᠴᠢᠭᠯᠡᠭᠦᠯᠦᠭᠰᠡᠨ ᠬᠤᠣᠰᠯᠠᠯ ᠪᠣᠯᠵᠤ ᠲᠡᠳᠬᠦᠬᠦ ᠵᠡᠷᠭᠡ ᠶᠠᠳᠠᠭᠤ ᠶᠢ | ᠲᠡᠳᠬᠦᠬᠦ ᠨᠡᠶᠢᠲᠡ ᠶᠢᠨ ᠠᠰᠠᠷᠠᠮᠵᠢ ᠶᠢᠨ ᠰᠢᠨ᠎ᠡ ᠨᠡᠷᠡᠲᠦ ᠲᠡᠮᠳᠡᠭᠲᠦ ᠶᠢ ᠲᠠᠰᠤᠷᠠᠯᠲᠠ ᠦᠭᠡᠢ ᠪᠣᠢ ᠪᠣᠯᠭᠠᠵᠤ᠂ | ᠵᠠᠯᠠᠭᠤ ᠰᠤᠷᠤᠭᠴᠢᠳ᠂ ᠲᠤᠰᠬᠠᠶ ᠴᠢᠳᠠᠪᠤᠷᠢᠲᠠᠨ᠂ ᠠᠵᠢᠯ ᠠᠴᠠ ᠪᠠᠨ ᠪᠠᠭᠤᠭᠰᠠᠳ ᠪᠠ ᠨᠡᠶᠢᠭᠡᠮ ᠤᠨ ᠡᠯ᠎ᠡ | ᠡᠲᠡᠭᠡᠳ ᠤᠨ ᠬᠦᠮᠦᠰ ᠢ ᠵᠣᠷᠢᠭᠵᠢᠭᠤᠯᠬᠤ ᠪᠠ ᠳᠡᠮᠵᠢᠵᠦ᠂ ᠡᠯ᠎ᠡ ᠲᠥᠷᠥᠯ ᠤᠨ ᠰᠠᠶᠢᠨ ᠳᠤᠷᠠᠴᠤᠳ ᠤᠨ ᠶᠠᠳᠠᠭᠤ ᠶᠢ | ᠳᠡᠳᠬᠦᠬᠦ ᠪᠠᠶᠢᠴᠠᠭᠠᠨ ᠰᠤᠳᠤᠯᠤᠯᠲᠠ᠂ ᠰᠤᠷᠭᠠᠨ ᠬᠥᠮᠦᠵᠢᠯ ᠬᠢᠭᠡᠳ ᠡᠮ ᠡᠮᠨᠡᠯᠭᠡ ᠶᠢᠨ ᠦᠢᠯᠡᠰ ᠢ ᠳᠡᠮᠵᠢᠬᠦ᠂ | ᠰᠣᠶᠣᠯ ᠢ ᠬᠥᠳᠡᠭᠡ ᠪᠠᠭᠤᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ᠂ ᠠᠳᠠᠯ ᠦᠢᠯᠡᠰ | ᠴᠣᠭᠴᠠᠯᠠᠬᠤ ᠶᠢ ᠬᠦᠲᠦᠯᠦᠨ ᠵᠢᠯᠤᠭᠤᠳᠬᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠶᠠᠳᠠᠭᠤ ᠶᠢ ᠲᠡᠳᠬᠦᠬᠦ | ᠠᠵᠢᠯᠯᠠᠭ᠎ᠠ ᠳᠤ ᠣᠷᠤᠯᠴᠠᠬᠤ ᠶᠢ ᠵᠣᠬᠢᠶᠠᠨ ᠪᠠᠶᠢᠭᠤᠯᠬᠤ ᠪᠠ ᠳᠡᠮᠵᠢᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠂ | ᠬᠤᠪᠢᠰᠬᠠᠯ ᠤᠨ ᠰᠠᠭᠤᠷᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠶᠠᠳᠠᠭᠤ ᠠᠴᠠ ᠠᠩᠭᠢᠵᠢᠷᠠᠨ ᠪᠠᠶᠠᠵᠢᠬᠤ ᠠᠯᠬᠤᠴᠠ ᠶᠢ ᠬᠠᠮᠲᠤᠪᠡᠷ ᠲᠥᠷᠭᠡᠳᠬᠡᠬᠦ ᠪᠣᠯᠤᠨ᠎ᠠ᠃ |