ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠮᠣᠩᠭᠤᠯ ᠤᠯᠤᠰ ᠲᠠᠢ ᠬᠥᠯᠥᠨ ᠪᠤᠶᠢᠷ ᠬᠤᠲᠠ ᠳᠤ ᠳᠤᠮᠳᠠᠳᠤ ᠮᠣᠩᠭᠤᠯ ᠤᠨ ᠬᠢᠯᠢ ᠬᠢᠵᠠᠭᠠᠷ ᠤᠨ ᠤᠢ ᠰᠢᠭᠤᠶ ᠲᠠᠯ᠎ᠠ ᠨᠤᠲᠤᠭ ᠤᠨ ᠭᠠᠯ ᠲᠤᠶᠢᠮᠡᠷ ᠎ ᠢ ᠬᠤᠯᠪᠣᠭᠠᠯᠠᠨ ᠰᠡᠷᠭᠡᠶᠢᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2016/4/20
     4 ᠳ᠋ᠦ᠋ᠭᠡᠷ ᠰᠠᠷ᠎ᠠ ᠶᠢᠨ 15᠎ ᠤ ᠡᠳᠦᠷ᠂ ᠳᠤᠮᠳᠠᠳᠤ ᠤᠯᠤᠰ ᠤᠨ ᠥᠪᠥᠷ ᠮᠣᠩᠭᠤᠯ ᠬᠢᠭᠡᠳ ᠮᠣᠩᠭᠤᠯ ᠤᠯᠤᠰ ᠤᠨ ᠳᠣᠷᠣᠨᠠᠲᠤ ᠠᠶᠢᠮᠠᠭ᠂ ᠬᠡᠨᠲᠡᠶ ᠠᠶᠢᠮᠠᠭ᠂ ᠰᠦᠬᠡᠪᠠᠭᠠᠲᠤᠷ ᠠᠶᠢᠮᠠᠭ ᠤᠨ ᠬᠢᠯᠢ ᠬᠢᠵᠠᠭᠠᠷ ᠣᠷᠣᠨ ᠤ ᠤᠢ ᠰᠢᠭᠤᠶ ᠲᠠᠯ᠎ᠠ ᠨᠤᠲᠤᠭ ᠤᠨ ᠭᠠᠯ ᠲᠤᠶᠢᠮᠡᠷ ᠢ ᠬᠤᠯᠪᠣᠭᠠᠯᠠᠨ ᠰᠡᠷᠭᠡᠶᠢᠯᠡᠬᠦ ᠬᠤᠷᠠᠯ ᠬᠥᠯᠥᠨ ᠪᠤᠶᠢᠷ ᠬᠤᠲᠠ ᠳᠤ ᠬᠤᠷᠠᠯᠳᠤᠪᠠ᠃      ᠤᠯᠤᠰ ᠤᠨ ᠤᠢ ᠰᠢᠭᠤᠶ ᠶᠢᠨ ᠭᠠᠯ ᠰᠡᠷᠭᠡᠶᠢᠯᠡᠬᠦ ᠵᠢᠯᠣᠭᠤᠳᠬᠤ ᠭᠠᠵᠠᠷ ᠤᠨ ᠲᠤᠰᠬᠠᠶ ᠲᠤᠰᠢᠶᠠᠯᠲᠤ ᠳᠡᠳ᠋ ᠶᠡᠷᠦᠩᠬᠡᠶ ᠵᠢᠯᠤᠭᠤᠳᠤᠭᠴᠢ ᠳ᠋ᠦ᠋ ᠶᠦᠩ ᠱᠧᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠸᠠᠩ ᠢᠦᠶ ᠮᠢᠩ᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠤᠭᠤᠳᠤᠭᠴᠢ᠂ ᠤᠢ ᠰᠢᠭᠤᠶ ᠶᠢᠨ ᠲᠢᠩᠬᠢᠮ ᠤᠨ ᠳᠠᠷᠤᠭ᠎ᠠ ᠬᠦᠴᠦᠨ᠂ ᠤᠯᠤᠰ ᠤᠨ ᠤᠢ ᠰᠢᠭᠤᠶ ᠶᠢᠨ ᠭᠠᠯ ᠰᠡᠷᠭᠡᠶᠢᠯᠡᠬᠦ ᠵᠢᠯᠣᠭᠤᠳᠬᠤ ᠭᠠᠵᠠᠷ ᠤᠨ ᠠᠯᠪᠠᠨ ᠭᠡᠷ ᠤᠨ ᠳᠡᠳ᠋ ᠡᠷᠬᠢᠯᠡᠭᠴᠢ ᠸᠠᠩ ᠬᠠᠶ ᠵᠦᠩ᠂ ᠤᠯᠤᠰ ᠤᠨ ᠤᠢ ᠰᠢᠭᠤᠶ ᠶᠢᠨ ᠲᠣᠪᠴᠢᠶ᠎ᠠ ᠶᠢᠨ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠣᠷᠣᠯᠠᠭᠴᠢ ᠳᠠᠷᠤᠭ᠎ᠠ᠂ ᠬᠤᠳᠠ ᠶᠢᠨ ᠤᠢ ᠰᠢᠭᠤᠶ  ᠲᠠᠯ᠎ᠠ ᠨᠤᠲᠤᠭ ᠤᠨ ᠭᠠᠯ ᠰᠡᠷᠭᠡᠶᠢᠯᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠢᠦᠢ ᠯᠢ ᠰᠢᠨ᠂ ᠮᠣᠩᠭᠤᠯ ᠤᠯᠤᠰ ᠤᠨ ᠪᠠᠴᠢᠮ ᠪᠠᠶᠢᠳᠠᠯ ᠢ ᠰᠡᠷᠭᠡᠶᠢᠯᠡᠬᠦ ᠶᠡᠷᠦᠩᠬᠡᠶ ᠲᠣᠪᠴᠢᠶ᠎ᠠ ᠶᠢᠨ ᠳᠠᠷᠤᠭ᠎ᠠ ᠲ᠊ ·  ᠪᠠᠳᠠᠷᠠᠯ  ᠵᠢᠴᠢ ᠳᠣᠷᠣᠨᠠᠲᠤ ᠠᠶᠢᠮᠠᠭ᠂ ᠬᠡᠨᠲᠡᠶ ᠠᠶᠢᠮᠠᠭ᠂ ᠰᠦᠬᠡᠪᠠᠭᠠᠲᠤᠷ ᠠᠶᠢᠮᠠᠭ ᠤᠨ ᠪᠠᠴᠢᠮ ᠪᠠᠶᠢᠳᠠᠯ ᠢ ᠰᠡᠷᠭᠡᠶᠢᠯᠡᠬᠦ ᠲᠣᠪᠴᠢᠶ᠎ᠠ ᠶᠢᠨ ᠲᠤᠰᠢᠶᠠᠯᠲᠠᠨ ᠬᠤᠷᠠᠯ ᠳᠤ ᠣᠷᠣᠯᠴᠠᠵᠠᠶ᠃       ᠲᠤᠰ ᠤᠳᠠᠭᠠᠨ ᠤ ᠬᠤᠷᠠᠯ ᠳᠤ᠂ ᠬᠤᠶᠠᠷ ᠲᠠᠯ᠎ᠠ ᠪᠠᠷ ᠢᠶᠠᠨ ᠮᠡᠳᠡᠭᠡ ᠵᠠᠩᠭᠢ ᠨᠡᠪᠲᠡᠷᠡᠭᠦᠯᠬᠦ ᠶᠢ ᠴᠢᠩᠭᠠᠳᠬᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠠᠭᠤᠯᠵᠠᠯᠲᠠ ᠬᠢᠬᠦ ᠲᠣᠭᠲᠠᠴᠠ ᠶᠢ ᠨᠠᠶᠢᠳᠠᠪᠤᠷᠢᠵᠢᠭᠤᠯᠬᠤ᠂ ᠬᠠᠷᠢᠯᠴᠠᠨ ᠠᠶᠢᠯᠴᠢᠯᠠᠨ ᠰᠣᠯᠢᠯᠴᠠᠬᠤ ᠪᠠ ᠪᠣᠯᠪᠠᠰᠤᠷᠠᠭᠤᠯᠤᠯ ᠬᠢᠬᠦ᠂ ᠬᠢᠯᠢ ᠬᠢᠵᠠᠭᠠᠷ ᠤᠨ ᠭᠠᠯ ᠰᠡᠷᠭᠡᠶᠢᠯᠡᠬᠦ ᠲᠤᠰᠭᠠᠷᠯᠠᠯᠲᠠ ᠶᠢᠨ ᠪᠦᠰᠡ ᠪᠠᠶᠢᠭᠤᠯᠬᠤ ᠶᠢ ᠲᠦᠯᠬᠢᠨ ᠠᠬᠢᠭᠤᠯᠬᠤ᠂ ᠬᠢᠯᠢ ᠳᠠᠪᠠᠵᠤ ᠭᠠᠯ ᠤᠨᠲᠠᠷᠠᠭᠠᠬᠤ ᠭᠠᠷᠳᠠᠮ ᠢ ᠴᠤᠮᠬᠠᠳᠬᠠᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠯᠪᠤᠭᠠᠯᠠᠨ ᠰᠡᠷᠭᠡᠶᠢᠯᠡᠬᠦ ᠶᠢ ᠴᠢᠩᠭᠠᠳᠬᠠᠬᠤ ᠲᠤᠬᠠᠢ ᠰᠣᠯᠢᠯᠴᠠᠨ ᠵᠥᠪᠳᠡᠯᠴᠡᠵᠦ᠂ ᠬᠤᠷᠠᠯ ᠤᠨ ᠲᠣᠪᠴᠢ  ᠭᠠᠷᠭᠠᠪᠠ︔ ᠮᠣᠩᠭᠤᠯ ᠤᠯᠤᠰ ᠤᠨ ᠳᠣᠷᠣᠨᠠᠲᠤ ᠠᠶᠢᠮᠠᠭ᠂ ᠬᠡᠨᠲᠡᠶ ᠠᠶᠢᠮᠠᠭ᠂ ᠰᠦᠬᠡᠪᠠᠭᠠᠲᠤᠷ ᠠᠶᠢᠮᠠᠭ ᠲᠠᠢ ᠵᠥᠪᠯᠡᠯᠴᠡᠭᠡᠷ ᠲᠣᠭᠲᠠᠬᠤ ᠪᠠᠷ ᠳᠠᠮᠵᠢᠭᠤᠯᠤᠨ ᠬᠠᠮᠲᠤᠷᠠᠨ ᠠᠵᠢᠯᠯᠠᠬᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤᠷᠠᠨ ᠠᠵᠢᠯᠯᠠᠬᠤ ᠠᠭᠤᠯᠭ᠎ᠠ ᠪᠠᠨ ᠪᠠᠶᠠᠯᠢᠭᠵᠢᠭᠤᠯᠵᠤ᠂ ᠬᠠᠮᠲᠤᠷᠠᠨ ᠠᠵᠢᠯᠯᠠᠬᠤ ᠠᠷᠭ᠎ᠠ ᠪᠠᠨ ᠰᠢᠨᠡᠴᠢᠯᠡᠨ᠂ ᠬᠠᠮᠲᠤᠷᠠᠨ ᠠᠵᠢᠯᠯᠠᠬᠤ ᠦᠷ᠎ᠡ ᠪᠦᠲᠦᠭᠡᠯ ᠢ ᠭᠦᠨᠵᠡᠭᠡᠶᠢᠷᠡᠭᠦᠯᠦᠨ᠎ᠡ᠃ ᠬᠤᠯᠪᠤᠭᠠᠯᠠᠨ ᠰᠡᠷᠭᠡᠶᠢᠯᠡᠬᠦ ᠬᠤᠷᠠᠯ ᠳᠡᠭᠡᠷ᠎ᠡ᠂ ᠮᠠᠨ ᠤ ᠣᠷᠣᠨ ᠠᠴᠠ ᠮᠣᠩᠭᠤᠯ ᠤᠯᠤᠰ ᠲᠤ 60 ᠲᠦᠮᠡᠨ ᠲᠥᠭᠦᠷᠢᠭ ᠤᠨ ᠭᠠᠯ ᠰᠡᠷᠭᠡᠶᠢᠯᠡᠨ ᠤᠨᠲᠠᠷᠠᠭᠠᠬᠤ ᠡᠳ᠋ ᠪᠣᠳᠠᠰ ᠬᠦᠷᠭᠡᠨ ᠥᠭᠴᠡᠢ᠃        ᠬᠦᠴᠦᠨ ᠥᠪᠥᠷ ᠮᠣᠩᠭᠤᠯ ᠤᠨ ᠤᠢ ᠰᠢᠭᠤᠶ ᠲᠠᠯ᠎ᠠ ᠨᠤᠲᠤᠭ ᠤᠨ ᠭᠠᠯ ᠰᠡᠷᠭᠡᠶᠢᠯᠡᠭᠰᠡᠨ ᠪᠠᠶᠢᠳᠠᠯ ᠵᠢᠴᠢ ᠬᠤᠶᠠᠷ ᠲᠠᠯ᠎ᠠ ᠶᠢᠨ ᠬᠢᠯᠢ ᠬᠢᠵᠠᠭᠠᠷ ᠤᠨ ᠤᠢ ᠰᠢᠭᠤᠶ ᠲᠠᠯ᠎ᠠ ᠨᠤᠲᠤᠭ ᠤᠨ ᠭᠠᠯ ᠰᠡᠷᠭᠡᠶᠢᠯᠡᠭᠰᠡᠨ ᠪᠠᠶᠢᠳᠠᠯ ᠤᠨ ᠲᠤᠬᠠᠶ ᠲᠣᠪᠴᠢᠬᠠᠨ ᠬᠠᠷᠢᠭᠤ ᠮᠡᠳᠡᠭᠦᠯᠦᠯᠲᠡ ᠬᠢᠪᠡ᠃       ᠲ᠊ ·  ᠪᠠᠳᠠᠷᠠᠯ ᠬᠤᠶᠠᠷ ᠲᠠᠯ᠎ᠠ ᠶᠢᠨ ᠬᠢᠯᠢ ᠬᠢᠵᠠᠭᠠᠷ ᠤᠨ ᠤᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠬᠤᠯᠪᠣᠭᠠᠯᠠᠨ ᠰᠡᠷᠭᠡᠶᠢᠯᠡᠬᠦ ᠠᠵᠢᠯ ᠤᠨ ᠠᠮᠵᠢᠯᠲᠠ ᠶᠢ ᠨᠤᠲᠠᠯᠠᠭᠰᠠᠨ ᠪᠦᠭᠡᠳ ᠬᠢᠯᠢ ᠬᠢᠵᠠᠭᠠᠷ ᠤᠨ ᠤᠢ ᠰᠢᠭᠤᠶ ᠲᠠᠯ᠎ᠠ ᠨᠤᠲᠤᠭ ᠤᠨ ᠭᠠᠯ ᠰᠡᠷᠭᠡᠶᠢᠯᠡᠬᠦ ᠠᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠬᠦ ᠬᠦᠰᠡᠯ ᠢᠶᠠᠨ ᠢᠯᠡᠳᠬᠡᠵᠦ᠂ ᠭᠠᠯ ᠰᠡᠷᠭᠡᠶᠢᠯᠡᠬᠦ ᠲᠣᠬᠠᠢ ᠠᠭᠤᠯᠵᠠᠯᠲᠠ ᠶᠢ ᠪᠠᠶᠢᠩᠭᠤ ᠬᠢᠵᠦ᠂ ᠲᠤᠰᠬᠠᠶ ᠮᠡᠷᠭᠡᠵᠢᠯ ᠤᠨ ᠠᠵᠢᠯᠲᠠᠨ ᠲᠣᠮᠢᠯᠠᠨ ᠬᠠᠷᠢᠯᠴᠠᠨ ᠰᠣᠯᠢᠯᠴᠠᠵᠤ ᠰᠤᠷᠤᠯᠴᠠᠬᠤ ᠨᠢ ᠲᠦᠢᠯ ᠤᠨ ᠴᠢᠬᠤᠯᠠ ᠶᠤᠮ ᠭᠡᠪᠡ᠃      ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠲᠢᠩᠬᠢᠮ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠂ ᠰᠢᠯᠢ ᠶᠢᠨ ᠭᠤᠣᠯ ᠠᠶᠢᠮᠠᠭ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠣᠢ ᠰᠢᠭᠤᠶ  ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠲᠤᠰ ᠤᠳᠠᠭᠠᠨ ᠤ ᠬᠤᠯᠪᠣᠭᠠᠯᠠᠨ ᠰᠡᠷᠭᠡᠶᠢᠯᠡᠬᠦ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号