ᠥᠪᠥᠷ ᠮᠣᠩᠭᠤᠯ ᠵᠢᠯ ᠪᠦᠷᠢ 1000 ᠶᠡᠭᠡ ᠡᠮᠴᠢ ᠶᠢ ᠰᠣᠩᠭᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠲᠣᠮᠢᠯᠠᠵᠤ ᠠᠵᠢᠯᠯᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2016/4/20
     4 ᠳ᠋ᠤᠭᠡᠷ ᠰᠠᠷ᠎ᠠ ᠶᠢᠨ 18᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠭᠤᠷᠪᠠᠳᠤᠭᠠᠷ ᠳᠡᠰ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠳ ᠢ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠲᠣᠮᠢᠯᠠᠨ ᠠᠵᠢᠯᠯᠠᠭᠤᠯᠬᠤ ᠳᠦᠷᠢᠮ ᠢ ᠪᠠᠶᠢᠭᠤᠯᠵᠤ᠂ ᠵᠢᠯ ᠪᠦᠷᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠳᠡᠳ᠋ ᠡᠷᠬᠢᠯᠡᠭᠴᠢ ᠠᠴᠠ ᠳᠡᠭᠡᠭᠰᠢᠬᠢ 1000 ᠭᠠᠷᠤᠢ ᠶᠡᠭᠡ ᠡᠮᠴᠢ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ 2000 ᠭᠠᠷᠤᠢ ᠶᠡᠭᠡ ᠡᠮᠴᠢ ᠶᠢ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠳᠤ ᠲᠣᠮᠢᠯᠠᠵᠤ ᠤᠯᠠᠨ ᠴᠢᠭ᠋ ᠤᠨ ᠠᠵᠢᠯ ᠮᠡᠷᠭᠡᠵᠢᠯ ᠤᠨ ᠦᠢᠯᠡᠴᠢᠯᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠭᠦᠳᠡᠨ ᠡᠮᠨᠡᠯᠭᠡ ᠳᠤ ᠠᠵᠢᠯᠯᠠᠬᠤ᠂ ᠮᠡᠰᠡ ᠵᠠᠰᠠᠯ ᠬᠢᠬᠦ᠂ ᠬᠠᠮᠲᠤᠷᠠᠨ ᠣᠨᠣᠰᠢᠯᠠᠬᠤ᠂ ᠳᠠᠭᠠᠭᠤᠯᠤᠨ ᠰᠤᠷᠭᠠᠵᠤ ᠵᠢᠭᠠᠨ ᠵᠢᠯᠤᠭᠤᠳᠬᠤ ᠪᠠ ᠡᠷᠡᠭᠦᠯ ᠮᠡᠨᠳᠦ ᠶᠢᠨ ᠬᠥᠮᠦᠵᠢᠯ ᠬᠢᠬᠦ ᠡᠭᠦᠷᠭᠡ ᠭᠦᠢᠴᠡᠳᠬᠡᠯᠬᠡᠬᠦ ᠪᠠᠷ ᠪᠠᠶᠢᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠯ ᠪᠦᠷᠢ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠠᠴᠠ ᠵᠣᠬᠢᠬᠤ ᠲᠣᠭᠠᠨ ᠤ ᠰᠢᠯᠢᠳᠡᠭ ᠢᠳᠡᠷ ᠵᠠᠯᠠᠭᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠰᠣᠩᠭᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠣᠮᠢᠯᠠᠵᠤ ᠳᠡᠳ᠋ ᠬᠤᠷᠢᠶᠠᠨ ᠳᠠᠷᠤᠭ᠎ᠠ ᠶᠢᠨ ᠲᠦᠷ ᠴᠠᠭ ᠤᠨ ᠲᠤᠰᠢᠶᠠᠯ ᠢ ᠨᠢᠭᠡ ᠵᠢᠯ ᠡᠭᠦᠷᠭᠡᠯᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠣᠯᠣᠨ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠢ ᠭᠤᠣᠯᠳᠠᠯᠭ᠎ᠠ ᠲᠠᠢ ᠬᠠᠪᠰᠤᠷᠤᠨ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠥᠷᠦᠭᠡ ᠶᠢᠨ ᠦᠢᠯᠡᠴᠢᠯᠡᠭᠡᠨ ᠤ ᠴᠢᠳᠠᠪᠤᠷᠢ ᠪᠣᠯᠣᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠬᠦᠴᠦᠯᠡᠨ ᠠᠬᠢᠭᠤᠯᠵᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ︽ᠨᠢᠭᠡ ᠶᠢ ᠨᠢᠭᠡ ᠳᠤᠨᠢ ᠳᠠᠭᠠᠭᠠᠯᠭᠠᠬᠤ︾ ᠠᠵᠢᠯ ᠳᠦᠷᠦᠯ ᠤᠨ ᠰᠢᠰᠲ᠋ᠧᠮ ᠢᠶᠠᠷ ᠢᠶᠠᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠳᠡᠮᠵᠢᠬᠦ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠠᠪᠰᠤᠷᠤᠨ ᠲᠡᠳᠬᠦᠬᠦ ᠬᠠᠷᠢᠴᠠᠭ᠎ᠠ ᠶᠢ ᠪᠠᠶᠢᠭᠤᠯᠵᠤ᠂ ︽ᠲᠦᠮᠡᠨ ᠶᠡᠭᠡ ᠡᠮᠴᠢ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠢᠨᠵᠧᠨᠧᠷᠢᠩ ᠢ ᠳᠡᠮᠵᠢᠬᠦ︾ ᠠᠵᠢᠯᠯᠠᠭ᠎ᠠ ᠶᠢ ᠥᠷᠨᠢᠭᠦᠯᠦᠨ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠥᠯᠥᠪᠯᠡᠭᠡ ᠲᠠᠢ ᠪᠠᠷ ᠬᠡᠦᠬᠡᠳ ᠠᠪᠬᠤ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠥᠷᠥᠯᠬᠢ ᠵᠡᠮᠳᠡᠭᠴᠦᠳ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠬᠦᠴᠦᠯᠡᠨ ᠠᠬᠢᠭᠤᠯᠵᠤ᠂ ︽ᠰᠢᠨ᠎ᠡ ᠭᠡᠷ ᠪᠦᠯᠢ ᠶᠢᠨ ᠲᠥᠯᠥᠪᠯᠡᠭᠡ︾᠂ ︽ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠨᠠᠰᠤᠵᠢᠯ ᠤᠨ ᠠᠰᠠᠷᠠᠮᠵᠢ ᠶᠢ ᠬᠠᠷᠭᠠᠯᠵᠠᠨ ᠬᠠᠯᠠᠮᠵᠢᠯᠠᠬᠤ︾᠎ ᠶᠢ ᠢᠳᠡᠪᠬᠢᠲᠡᠶ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠠᠷ ᠪᠡᠯᠡ ᠣᠷᠤᠭᠤᠯᠤᠯᠲᠠ ᠪᠠᠨ ᠬᠡᠯᠪᠠᠶᠢᠯᠭᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠭᠡᠷ ᠪᠦᠯᠢ ᠶᠢᠨ ᠬᠥᠭᠵᠢᠯᠲᠡ ᠶᠢᠨ ᠴᠢᠳᠠᠪᠤᠷᠢ ᠶᠢ ᠨᠢ ᠶᠡᠬᠡᠪᠡᠷ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号