ᠥᠪᠥᠷ ᠮᠣᠩᠭᠤᠯ ︽13· 5︾᠎ ᠶᠢᠨ ᠬᠤᠭᠤᠴᠠᠭᠠᠨ ᠳᠤ 20 ᠲᠦᠮᠡᠨ ᠬᠥᠮᠦᠨ ᠢ ᠣᠨᠳᠣᠣ ᠭᠠᠵᠠᠷ ᠲᠤ ᠨᠡᠭᠦᠯᠭᠡᠨ ᠶᠠᠳᠠᠭᠤ ᠠᠴᠠ ᠠᠩᠭᠢᠵᠢᠷᠠᠭᠤᠯᠬᠤ ᠪᠠᠷ ᠪᠣᠢ
ᠨᠡᠶᠢᠲᠡᠯᠡᠭᠰᠡᠨ ᠴᠠᠭ᠄
2016/4/20
     4 ᠳ᠋ᠦ᠋ᠭᠡᠷ ᠰᠠᠷ᠎ᠠ ᠶᠢᠨ 19᠎ ᠤ ᠡᠳᠦᠷ᠂ ᠪᠦᠬᠦ ᠣᠷᠣᠨ ᠤ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠢ ᠬᠥᠬᠡᠬᠤᠲᠠ ᠳᠤ ᠬᠢᠪᠡ᠃ ︽13· 5︾᠎ ᠶᠢᠨ ᠬᠤᠭᠤᠴᠠᠭᠠᠨ ᠳᠤ᠂ ᠥᠪᠥᠷ ᠮᠣᠩᠭᠤᠯ 120 ᠳ᠋ᠦᠩᠰᠢᠭᠤᠷ ᠲᠥᠭᠦᠷᠢᠭ ᠣᠷᠣᠭᠤᠯᠤᠨ 20 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠬᠠᠪᠰᠤᠷᠤᠨ ᠣᠨᠳᠣᠣ ᠭᠠᠵᠠᠷ ᠨᠡᠭᠦᠯᠭᠡᠨ ᠶᠠᠳᠠᠭᠤ ᠠᠴᠠ ᠠᠩᠭᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃      ᠣᠳᠣᠬᠠᠨ ᠳᠤ᠂ ᠪᠦᠬᠦ ᠤᠯᠤᠰ ᠤᠨ ᠣᠨᠳᠣᠣ ᠭᠠᠵᠠᠷ ᠨᠡᠭᠦᠯᠭᠡᠨ ᠶᠠᠳᠠᠭᠤ ᠶᠢ ᠳᠡᠳᠬᠦᠬᠦ1000 ᠲᠦᠮᠡᠨ ᠬᠥᠮᠦᠨ ᠠᠮᠠ ᠶᠢᠨ ᠳᠣᠲᠣᠷ᠎ᠠ ᠥᠪᠥᠷ ᠮᠣᠩᠭᠤᠯ ᠤᠨ 20 ᠲᠦᠮᠡ ᠪᠠᠶᠢᠵᠤ᠂ ᠬᠡᠳᠦ᠋ᠢᠪᠡᠷ ᠪᠦᠬᠦ ᠤᠯᠤᠰ ᠤᠨ ᠬᠢ ᠲᠠᠢ ᠬᠠᠷᠢᠴᠠᠭᠤᠯᠪᠠᠯ ᠲᠤᠭ᠎ᠠ ᠨᠢ ᠲᠡᠳᠦᠶ ᠠᠷᠪᠢᠨ ᠪᠢᠰᠢ ᠪᠣᠯᠪᠠᠴᠤ ᠥᠪᠥᠷ ᠮᠣᠩᠭᠤᠯ ᠤᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠶᠡᠷᠦᠩᠬᠡᠶ ᠲᠣᠭᠠᠨ ᠤ 1 / 4᠎ ᠶᠢ ᠡᠵᠡᠯᠡᠵᠦ᠂ 12 ᠠᠶᠢᠮᠠᠭ ᠬᠤᠲᠠ᠂ 78 ᠬᠤᠰᠢᠭᠤ ᠰᠢᠶᠠᠨ᠂ 4974 ᠭᠠᠴᠠᠭ᠎ᠠ ᠲᠣᠰᠬᠤᠨ᠂ 6.9 ᠲᠦᠮᠡᠨ ᠠᠶᠢᠯ ᠡᠷᠦᠬᠡ ᠲᠠᠢ   ᠬᠤᠯᠪᠤᠭᠳᠠᠵᠤ ᠪᠠᠶᠢᠬᠤ ᠪᠥᠭᠡᠳ ᠵᠣᠩᠬᠢᠯᠠᠬᠤ ᠤᠯᠠᠨ ᠲᠣᠭᠠᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠨᠢ ᠠᠮᠢ ᠠᠬᠤᠶ ᠶᠢᠨ ᠣᠷᠴᠢᠨ ᠲᠣᠭᠤᠷᠢᠨ ᠮᠠᠭᠤ᠂ ᠪᠠᠶᠢᠭᠠᠯᠢ ᠶᠢᠨ ᠡᠬᠢ ᠪᠠᠶᠠᠯᠢᠭ ᠳᠤᠲᠠᠮᠠᠭ᠂ ᠭᠠᠵᠠᠷ ᠵᠦᠢ ᠶᠢᠨ ᠪᠠᠶᠢᠷᠢᠯᠠᠯ ᠪᠤᠶᠢᠳᠠ ᠪᠥᠭᠯᠡᠭᠦᠦ ᠭᠠᠵᠠᠷ ᠲᠤ ᠣᠷᠣᠰᠢᠨ ᠰᠠᠭᠤᠵᠤ᠂ ᠲᠥᠪᠯᠡᠷᠡᠨ ᠵᠠᠯᠭᠠᠯᠳᠤᠭᠰᠠᠨ ᠣᠨᠴᠠ  ᠬᠦᠴᠢᠷᠳᠡᠯ ᠲᠠᠢ ᠭᠠᠵᠠᠷ ᠣᠷᠣᠨ ᠪᠣᠯᠣᠨ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠬᠤᠰᠢᠭᠤ ᠰᠢᠶᠠᠨ ᠢᠶᠠᠷ ᠲᠠᠷᠬᠠᠵᠤ᠂ ᠠᠮᠢᠳᠤᠷᠠᠬᠤ ᠨᠥᠬᠦᠴᠡᠯ ᠢᠶᠠᠷ ᠠᠨᠠᠢ᠂ ᠬᠦᠭᠵᠢᠭᠦᠯᠬᠦ  ᠬᠦᠴᠢᠷᠳᠡᠯ ᠢᠶᠠᠷ ᠶᠡᠭᠡ᠂ ᠶᠠᠳᠠᠭᠤ ᠬᠦᠴᠢᠷᠳᠡᠯ ᠤᠨ ᠬᠡᠮᠵᠢᠶ᠎ᠡ ᠢᠶᠠᠷ ᠬᠡᠴᠡᠭᠦᠦ ᠪᠠᠶᠢᠵᠤ᠂ ᠴᠦᠮ ᠰᠢᠢᠳᠪᠦᠷᠢᠯᠡᠬᠦ ᠳᠤ ᠮᠠᠰᠢ ᠬᠦᠴᠢᠷᠲᠡᠢ ︽ᠪᠡᠷᠬᠡ ᠰᠡᠳᠦᠪ︾ ᠪᠣᠯᠣᠭᠠᠳ ᠪᠠᠶᠢᠨ᠎ᠠ᠃ ᠡᠨᠡ ᠪᠦᠯᠦᠭ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠬᠤᠭᠤᠴᠠᠭ᠎ᠠ ᠶᠣᠰᠣᠭᠠᠷ ᠶᠠᠳᠠᠭᠤ ᠠᠴᠠ ᠠᠩᠭᠢᠵᠢᠷᠠᠭᠤᠯᠵᠤ ᠴᠢᠳᠠᠬᠤ ᠡᠰᠡᠬᠦ ᠨᠢ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ᠎ᠠ  ᠪᠡᠶᠡᠯᠡᠭᠳᠡᠬᠦ ᠲᠠᠢ ᠬᠤᠯᠪᠣᠭᠳᠠᠵᠤ᠂ ᠮᠠᠨ ᠤ ᠤᠯᠤᠰ ᠤᠨ ᠠᠩᠬᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ᠎ᠠ ᠪᠡᠶᠡᠯᠡᠭᠦᠯᠬᠦ ᠲᠠᠢ ᠬᠤᠯᠪᠣᠭᠳᠠᠵᠤ ᠪᠠᠶᠢᠬᠤ ᠪᠣᠯᠬᠤᠷ ᠲᠦᠢᠯ ᠤᠨ ᠬᠦᠨᠳᠦ ᠬᠠᠷᠢᠭᠤᠴᠠᠯᠭ᠎ᠠ ᠪᠠ  ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠪᠠᠶᠢᠨ᠎ᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠳᠤ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠴᠥᠮ ᠮᠠᠰᠢ ᠣᠯᠠᠨ ᠵᠣᠭᠤᠰ ᠮᠥᠩᠭᠦ ᠣᠷᠣᠭᠤᠯᠪᠠ᠃ ᠠᠩᠬ᠎ᠠ ᠠᠯᠬᠤᠮ ᠤᠨ ᠲᠦᠢᠮᠣ ᠪᠣᠳᠣᠯᠲᠠ ᠪᠠᠷ ︽13· 5︾᠎ ᠶᠢᠨ ᠬᠤᠭᠤᠴᠠᠭᠠᠨ ᠳᠤ ᠪᠦᠬᠦ ᠤᠯᠤᠰ ᠤᠨ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 6000 ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ 20 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠨᠡᠭᠦᠯᠭᠡᠬᠦ ᠡᠭᠦᠷᠭᠡ ᠶᠢ ᠪᠡᠶᠡᠯᠡᠭᠦᠯᠬᠦ ᠳᠤ 120 ᠳ᠋ᠦᠩᠰᠢᠭᠤᠷ ᠲᠥᠭᠦᠷᠢᠭ ᠣᠷᠣᠭᠤᠯᠬᠤ ᠴᠢᠬᠤᠯᠠᠲᠠᠶ ᠪᠠᠶᠢᠵᠤ ᠣᠷᠣᠭᠤᠯᠤᠯᠲᠠ ᠶᠢᠨ ᠡᠷᠴᠢᠮ ᠎ ᠨᠢ ᠤᠷᠢᠳ ᠡᠮᠦᠨ᠎ᠡ ᠪᠠᠶᠢᠭ᠎ᠠ ᠥᠭᠡᠢ ᠶᠤᠮ᠃ ᠥᠪᠡᠷᠲᠡᠭᠡᠨ ᠵᠠᠰᠠᠬᠤ ᠣᠷᠣᠨ ᠡᠨᠡ ᠤᠳᠠᠭᠠᠨ ᠤ ᠵᠠᠪᠰᠢᠶᠠᠨ ᠢ ᠠᠳᠬᠤᠵᠤ᠂ 20 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠠᠵᠤ ᠦᠢᠯᠡᠰ ᠤᠨ ᠲᠦᠰᠢᠭ ᠲᠤᠯᠭᠠᠭᠤᠷᠢ ᠎ ᠲᠠᠢ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠥᠭᠵᠢᠯᠲᠡ ᠶᠢᠨ ᠣᠷᠣᠨ ᠨᠤᠲᠤᠭ ᠎ ᠲᠤ ᠨᠡᠭᠦᠯᠭᠡᠨ ᠰᠢᠯᠵᠢᠭᠦᠯᠵᠦ᠂ ︽ᠬᠤᠶᠠᠷ ᠵᠦᠢᠯ ᠳᠤ ᠵᠣᠪᠠᠭ᠋ᠤ ᠦᠭᠡᠢ᠂ ᠭᠤᠷᠪᠠᠨ ᠪᠠᠲᠤᠯᠠᠭ᠎ᠠ ᠲᠠᠢ ᠪᠠᠶᠢᠬᠤ︾᠎ ᠶᠢ ᠪᠡᠶᠡᠯᠡᠭᠦᠯᠵᠦ᠂ ᠪᠦᠬᠦ ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠯᠬᠤᠮ ᠢ ᠤᠯᠠᠮ ᠴᠢᠨᠠᠭᠰᠢᠳᠠ ᠲᠥᠷᠭᠡᠳᠭᠡᠨ᠎ᠡ᠃ ᠡᠭᠦᠨ ᠤ ᠬᠠᠮᠲᠤ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠠᠮᠢ ᠠᠬᠤᠶ ᠬᠡᠪᠡᠷᠡᠭ ᠭᠠᠵᠠᠷ ᠣᠷᠣᠨ ᠠᠴᠠ ᠨᠡᠭᠦᠯᠭᠡᠨ  ᠭᠠᠷᠭᠠᠬᠤ ᠨᠢ ᠬᠥᠮᠥᠨ ᠤ ᠠᠵᠢᠯᠯᠠᠭ᠎ᠠ ᠠᠴᠠ ᠪᠣᠯᠵᠤ ᠣᠷᠴᠢᠨ ᠲᠣᠭᠤᠷᠢᠨ ᠲᠤ ᠦᠵᠡᠭᠦᠯᠬᠦ ᠨᠥᠯᠥᠭᠡ ᠶᠢ ᠪᠠᠭᠠᠰᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠮᠠᠰᠢ ᠬᠤᠷᠳᠤᠨ ᠰᠡᠷᠭᠦᠭᠡᠨ ᠰᠠᠶᠢᠵᠢᠷᠠᠭᠤᠯᠵᠤ᠂ ᠪᠦᠬᠦ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ ᠴᠢᠳᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号