ᠥᠪᠥᠷ ᠮᠣᠩᠭᠤᠯ ᠤᠨ ᠭᠤᠣᠯᠳᠠᠯᠭᠠᠲᠤ ᠤᠯᠤᠰ ᠤᠨ ᠦᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠰᠠᠯᠭᠠᠨ ᠬᠤᠪᠢᠶᠠᠷᠢᠯᠠᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ
ᠨᠡᠶᠢᠲᠡᠯᠡᠭᠰᠡᠨ ᠴᠠᠭ᠄
2016/4/20
      ᠣᠶᠢᠷ᠎ᠠ ᠳᠤ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠬᠢᠭᠡᠳ ᠦᠪᠦᠷ ᠮᠣᠩᠭᠤᠯ ᠤᠨ ᠤᠢ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠤᠯᠤᠰ ᠤᠨ ᠦᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠰᠠᠨᠠᠭᠤᠯᠤᠮᠵᠢ ᠵᠢᠴᠢ ᠰᠠᠯᠭᠠᠨ ᠰᠢᠯᠵᠢᠭᠦᠯᠵᠦ ᠲᠤᠰᠢᠶᠠᠬᠤ 4 ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠡᠨᠡ ᠨᠢ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠦᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠨᠡᠶᠢᠭᠡᠮ ᠤᠨ ᠡᠭᠦᠷᠭᠡ ᠴᠢᠳᠠᠪᠤᠷᠢ ᠶᠢ ᠰᠠᠯᠭᠠᠨ᠂ ᠠᠵᠤ ᠠᠬᠤᠶᠢᠯᠠᠯ ᠳᠤ ᠬᠤᠪᠢᠶᠠᠷᠢᠯᠠᠨ ᠰᠢᠯᠵᠢᠭᠦᠯᠬᠦ ᠠᠵᠢᠯ ᠢ ᠵᠢᠩᠬᠢᠨᠢ ᠪᠠᠷ ᠬᠡᠷᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃      ᠲᠡᠦᠬᠡᠨ ᠳᠡᠭᠡᠷᠡᠬᠢ ᠤᠢ ᠰᠢᠭᠤᠶ ᠶᠢᠨ ᠣᠷᠣᠨ ᠢ ᠨᠡᠭᠡᠭᠡᠨ ᠠᠰᠢᠭᠯᠠᠬᠤ ᠡᠬᠢᠨ ᠤ ᠦᠶ᠎ᠡ ᠳᠤ᠂ ᠰᠢᠭᠤᠶᠢᠲᠤ ᠣᠷᠣᠨ ᠤ ᠠᠵᠢᠯᠲᠠᠨ ᠠᠵᠢᠯᠴᠢᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠰᠢᠭᠤᠶᠢᠲᠤ ᠣᠷᠣᠨ ᠨᠢ ᠡᠯ᠎ᠡ ᠲᠦᠷᠦᠯ ᠤᠨ ᠨᠡᠶᠢᠭᠡᠮᠴᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠡᠯᠡᠳᠬᠡᠮᠵᠢ ᠪᠠ ᠨᠢᠭᠡᠴᠡ ᠶᠢ ᠥᠪᠡᠰᠦᠪᠡᠨ ᠡᠷᠬᠢᠯᠡᠪᠡ᠃ ᠤᠯᠤᠰ ᠤᠨ ᠦᠮᠴᠢᠯᠡᠯ ᠤᠨ ᠭᠤᠣᠯᠳᠠᠯᠭᠠᠲᠤ ᠰᠢᠭᠤᠶᠢᠲᠤ ᠣᠷᠣᠨ ᠳᠤ ᠬᠤᠳᠠᠯᠳᠤᠭᠠᠨ ᠤ ᠴᠢᠨᠠᠷᠲᠠᠶ ᠮᠣᠳᠣ ᠣᠭᠲᠣᠯᠬᠤ ᠶᠠᠪᠤᠳᠠᠯ ᠢ ᠪᠦᠬᠦ ᠲᠠᠯ᠎ᠠ ᠪᠠᠷ ᠵᠣᠭᠰᠤᠭᠠᠭᠰᠠᠨ ᠪᠠ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠵᠢᠯᠣᠭᠤᠳᠬᠤ ᠰᠠᠨᠠᠯ ᠢ ᠨᠡᠶᠢᠲᠡᠯᠡᠬᠦ ᠶᠢ ᠳᠠᠭᠠᠯᠳᠤᠨ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠣᠯᠳᠠᠯᠭᠠᠲᠤ ᠤᠯᠤᠰ ᠎ ᠤᠨ ᠥᠮᠴᠢᠯᠡᠯ ᠤᠨ  ᠰᠢᠭᠤᠶᠢᠲᠤ ᠣᠷᠣᠨ  ᠤ ᠥᠭᠡᠷᠡᠴᠢᠯᠡᠯᠲᠡ ᠶᠢᠨ ᠬᠥᠰᠢᠭᠡ ᠶᠢ ᠰᠡᠬᠦᠪᠡ᠃      ᠡᠨᠡ ᠵᠢᠯ ᠠᠴᠠ ᠨᠠᠰᠢ᠂ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠷᠦᠩᠬᠡᠶ ᠲᠥᠰᠦᠯ ᠶᠣᠰᠣᠭᠠᠷ᠂ ᠬᠥᠯᠥᠨ ᠪᠤᠶᠢᠷ ᠬᠤᠳᠠ᠂ ᠤᠢ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠎ ᠨᠢ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠤ ᠵᠢᠭᠠᠪᠤᠷᠢ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠵᠤ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠨᠤᠭᠤᠳ ᠪᠡᠶ᠎ᠡ ᠪᠠᠷ ᠢᠶᠠᠨ ᠠᠳᠬᠤᠨ᠂ ᠡᠯ᠎ᠡ ᠲᠠᠯ᠎ᠠ ᠶᠢᠨ ᠬᠢᠨ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ ᠨᠢᠭᠡ ᠴᠣᠭᠴᠠᠵᠢᠭᠤᠯᠤᠨ ᠠᠬᠢᠭᠤᠯᠵᠤ᠂ ᠪᠠᠶᠢᠴᠠᠭᠠᠨ ᠰᠣᠳᠤᠯᠵᠤ ᠵᠤᠯᠭᠠᠭᠤᠯᠬᠤ ᠪᠠᠨ ᠭᠦᠨᠵᠡᠭᠡᠶᠢᠷᠡᠭᠦᠯᠦᠨ᠂ ᠡᠯ᠎ᠡ ᠲᠠᠯ᠎ᠠ ᠶᠢᠨ ᠬᠢᠨ ᠤ ᠰᠠᠨᠠᠯ ᠪᠠ ᠰᠠᠨᠠᠭᠤᠯᠭ᠎ᠠ ᠶᠢ ᠭᠦᠢᠴᠡᠳ ᠰᠣᠨᠣᠰᠴᠤ᠂ ᠬᠡᠷᠡᠭᠵᠢᠭᠦᠯᠬᠦ ᠲᠥᠰᠦᠯ ᠢ ᠲᠣᠭᠲᠠᠭᠠᠪᠠ᠃ ᠣᠳᠣᠬᠠᠨ ᠳᠤ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠰᠠᠭᠤᠷᠢ ᠪᠡᠯᠡᠳᠬᠡᠯ ᠤᠨ ᠠᠵᠢᠯ ᠨᠢᠭᠡᠨᠲᠡ ᠪᠡᠯᠡᠬᠡᠨ ᠪᠣᠯᠵᠤ᠂ ᠬᠡᠷᠡᠭᠵᠢᠭᠦᠯᠦᠯᠲᠡ ᠶᠢᠨ ᠱᠠᠲᠤᠨ ᠳᠠᠭᠠᠨ ᠤᠷᠤᠭᠰᠠᠨ ᠪᠠᠶᠢᠨ᠎ᠠ᠃      3 ᠳ᠋ᠤᠭᠠᠷ ᠰᠠᠷ᠎ᠠ ᠶᠢᠨ ᠳᠤᠮᠳᠠᠴᠢ ᠪᠠᠷ᠂ ᠬᠥᠯᠥᠨ ᠪᠤᠶᠢᠷ ᠬᠤᠳᠠ ᠬᠦᠯᠢᠶᠡᠨ ᠠᠪᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ ᠬᠤᠳᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠤᠢ ᠰᠢᠭᠤᠢ ᠳᠤ ᠬᠤᠯᠪᠤᠭᠳᠠᠬᠤ ᠬᠤᠰᠢᠭᠤ ᠬᠤᠲᠠ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠵᠦ᠂ ᠤᠢ ᠰᠢᠭᠤᠶ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠤᠯᠭᠠᠯᠳᠤᠵᠤ᠂ ᠲᠣᠭᠳᠠᠭᠤᠨ ᠵᠤᠯᠭᠠᠭᠤᠯᠬᠤ᠂ ᠰᠠᠶᠢᠨ ᠬᠠᠮᠢᠶᠠᠷᠬᠤ ᠠᠴᠠ ᠭᠠᠷᠳᠠᠵᠤ᠂ ᠤᠢ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠠᠵᠢᠯᠲᠠᠨ ᠠᠵᠢᠯᠴᠢᠨ ᠢ ᠲᠥᠪᠬᠢᠨᠡᠭᠦᠯᠬᠦ᠂ ᠡᠳ᠋ ᠬᠦᠷᠦᠩᠭᠡ ᠶᠢ ᠬᠤᠪᠢᠶᠠᠷᠢᠯᠠᠨ ᠰᠢᠯᠵᠢᠭᠦᠯᠬᠦ ᠲᠤᠬᠠᠢ ᠢᠳᠡᠪᠬᠢᠲᠡᠶ ᠵᠥᠪᠳᠡᠯᠴᠡᠨ᠂ ᠲᠤᠰᠢᠶᠠᠬᠤ ᠪᠠ ᠬᠦᠯᠢᠶᠡᠨ ᠠᠪᠬᠤ ᠳᠤᠮᠳᠠᠬᠢ ᠪᠣᠳᠠᠲᠠᠶ ᠠᠰᠠᠭᠤᠳᠠᠯ ᠢ ᠡᠷᠲᠡᠬᠡᠨ ᠠᠷᠭ᠎ᠠ ᠰᠦᠪᠡᠭᠴᠢᠯᠡᠨ ᠰᠢᠢᠳᠪᠦᠷᠢᠯᠡᠵᠦ᠂ ᠴᠠᠭ ᠤᠨ ᠬᠦᠰᠦᠨᠦᠭᠲᠦ ᠪᠠ ᠵᠠᠮ ᠤᠨ ᠵᠢᠷᠤᠭ ᠢᠶᠠᠨ ᠲᠣᠳᠤᠷᠬᠠᠶᠢᠯᠠᠨ᠂ ᠤᠷᠤᠭᠰᠢᠲᠠᠢ ᠲᠤᠰᠢᠶᠠᠬᠤ ᠪᠠ ᠬᠦᠯᠢᠶᠡᠨ ᠠᠪᠬᠤ ᠳᠤ ᠰᠠᠭᠤᠷᠢ ᠲᠠᠯᠪᠢᠵᠤ ᠥᠭᠪᠡ᠃ ᠲᠤᠰ ᠤᠳᠠᠭᠠᠨ ᠤ ᠬᠤᠶᠠᠷ ᠲᠠᠯ᠎ᠠ ᠪᠠᠷ ᠢᠶᠠᠨ ᠭᠠᠷ ᠤᠨ ᠦᠰᠦᠭ ᠵᠢᠷᠤᠭᠰᠠᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠰᠠᠨᠠᠭᠤᠯᠤᠮᠵᠢ ᠳᠤ ᠰᠠᠯᠭᠠᠨ ᠬᠤᠪᠢᠶᠠᠷᠢᠯᠠᠬᠤ ᠬᠦᠷᠢᠶ᠎ᠠ᠂ ᠴᠠᠭ ᠬᠤᠭᠤᠴᠠᠭᠠᠨ ᠤ ᠱᠠᠭᠠᠷᠳᠠᠯᠭ᠎ᠠ ᠪᠠ ᠬᠤᠶᠠᠷ ᠲᠠᠯ᠎ᠠ ᠶᠢᠨ ᠡᠷᠬᠡ ᠬᠠᠷᠢᠭᠤᠴᠠᠯᠭ᠎ᠠ ᠡᠭᠦᠷᠭᠡ ᠪᠠᠨ ᠲᠣᠳᠤᠷᠬᠠᠶᠢᠯᠠᠭᠰᠠᠨ ᠪᠠᠶᠢᠨ᠎ᠠ᠃ ᠬᠡᠯᠡᠯᠴᠡᠭᠡᠷ ᠲᠤ ᠲᠣᠭᠲᠠᠭᠠᠭᠰᠠᠨ ᠠᠩᠬᠠᠳᠤᠭᠠᠷ ᠪᠦᠯᠦᠭ ᠤᠨ ᠰᠠᠯᠭᠠᠬᠤ ᠡᠭᠦᠷᠭᠡ ᠴᠢᠳᠠᠪᠤᠷᠢ ᠳᠤ ᠲᠥᠯᠥᠪᠯᠡᠭᠡ ᠲᠠᠢ ᠪᠠᠷ ᠬᠡᠦᠬᠡᠳ ᠠᠪᠬᠤ ᠠᠵᠢᠯ ᠤᠨ ᠬᠠᠮᠢᠶᠠᠷᠤᠯᠲᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠳᠬᠡᠬᠦ᠂ ᠣᠷᠣᠨ ᠪᠦᠰᠡ ᠶᠢᠨ ᠴᠠᠬᠢᠯᠭᠠᠨ ᠬᠠᠩᠭᠠᠯᠭ᠎ᠠ ᠵᠡᠷᠭᠡ ᠨᠡᠶᠢᠭᠡᠮ ᠤᠨ ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠭᠲᠠᠵᠤ ᠪᠣᠢ᠂ ᠪᠤᠰᠤᠳ ᠡᠭᠦᠷᠭᠡ ᠴᠢᠳᠠᠪᠤᠷᠢ ᠶᠢ ᠰᠠᠯᠭᠠᠬᠤ ᠪᠠ ᠠᠵᠤ ᠠᠬᠤᠶᠢᠯᠠᠯ ᠳᠤ ᠬᠤᠪᠢᠶᠠᠷᠢᠯᠠᠨ ᠰᠢᠯᠵᠢᠭᠦᠯᠬᠦ ᠠᠵᠢᠯ ᠢ ᠵᠠᠯᠭᠠᠯᠳᠤᠭᠠᠪᠠᠷ ᠦᠷᠨᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号