︽ᠲᠠᠯ᠎ᠠ ᠨᠤᠲᠤᠭ ᠤᠨ ᠪᠣᠯᠵᠤᠭ᠎ᠠ︾᠄ ᠪᠡᠭᠡᠵᠢᠩ ᠲᠢᠶᠠᠨᠵᠢᠨ ᠾᠧᠪᠧᠶ ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ ᠲᠠᠨᠢᠯᠴᠠᠭᠤᠯᠬᠤ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2016/4/21
     ᠠᠷᠪᠠᠨ ᠡᠳᠦᠷ ᠶᠠᠪᠤᠭᠳᠠᠭᠰᠠᠨ ︽ᠲᠠᠯ᠎ᠠ ᠨᠤᠲᠤᠭ ᠤᠨ ᠪᠣᠯᠵᠤᠭ᠎ᠠ — ᠥᠪᠥᠷ ᠮᠣᠩᠭᠤᠯ ᠤᠨ ᠡᠷᠭᠢᠨ ᠲᠣᠭᠤᠷᠢᠨ ᠤ ᠮᠤᠵᠢ ᠬᠤᠲᠠ ᠶᠢᠨ ᠲᠠᠨᠢᠯᠴᠠᠭᠤᠯᠭ᠎ᠠ︾᠂ ᠪᠡᠭᠡᠵᠢᠩ ᠲᠢᠶᠠᠨᠵᠢᠨ ᠾᠧᠪᠧᠶ ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ ᠬᠤᠷᠠᠯ ᠥᠨᠥᠳᠦᠷ ᠱᠢ ᠵᠢᠶᠠ ᠵᠤᠸᠠᠩ ᠳᠤ ᠥᠨᠳᠥᠷᠯᠡᠪᠡ᠃ ᠨᠡᠶᠢᠰᠯᠡᠯ ᠬᠤᠳᠠ ᠪᠡᠭᠡᠵᠢᠩ᠂ ᠪᠦᠸᠧᠬᠠᠶ ᠲᠠᠩᠭᠢᠰ ᠤᠨ ᠭᠡᠷᠡᠯᠲᠦ ᠰᠤᠪᠤᠳ ᠲᠢᠶᠠᠨᠵᠢᠨ᠂ ᠳᠣᠷᠣᠨᠠᠳᠠᠬᠢᠨ ᠤ ᠰᠸᠢᠰ ᠴᠢᠩᠳᠣᠤ᠂ ᠰᠣᠶᠣᠯ ᠤᠨ ᠡᠷᠲᠡᠨ ᠤ ᠬᠤᠲᠠ ᠵᠧᠩᠵᠧᠦ᠂ ᠤᠮᠠᠷᠠᠲᠤ ᠣᠷᠣᠨ ᠤ ᠬᠦᠢᠰᠦ ᠱᠢ ᠵᠢᠶᠠ ᠵᠤᠸᠠᠩ ᠤᠨ ᠲᠠᠨᠢᠯᠴᠠᠭᠤᠯᠭ᠎ᠠ ᠶᠢᠨ ᠬᠤᠷᠠᠯ ᠎ ᠳᠤ ᠡᠨᠡ ᠲᠠᠪᠤᠨ ᠬᠤᠳ᠋ᠨ ᠤᠯᠠ ᠮᠥᠷ ᠢᠶᠠᠨ ᠦᠯᠡᠳᠡᠭᠡᠪᠡ᠃ ᠲᠠᠯᠠᠪᠠᠢ ᠪᠦᠷᠢ ᠶᠢᠨ ᠲᠠᠨᠢᠯᠴᠠᠭᠤᠯᠬᠤ ᠬᠤᠷᠠᠯ ᠨᠢ ᠥᠪᠥᠷ ᠮᠣᠩᠭᠤᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠲᠤᠬᠠᠢ ᠨᠠᠷᠢᠨ ᠲᠣᠳᠣᠷᠬᠠᠶ ᠲᠠᠨᠢᠯᠴᠠᠭᠤᠯᠭ᠎ᠠ ᠪᠣᠯᠬᠤ ᠪᠦᠭᠡᠳ ᠪᠠᠰᠠ ᠬᠤᠶᠠᠷ ᠭᠠᠵᠠᠷ ᠣᠷᠣᠨ ᠤ ᠰᠣᠶᠣᠯ ᠤᠨ ᠬᠤᠭᠤᠷᠣᠨᠳᠣᠬᠢ ᠰᠣᠯᠢᠯᠴᠠᠭ᠎ᠠ ᠪᠣᠯᠤᠨ᠎ᠠ ᠭᠡᠵᠦ ᠦᠵᠡᠵᠦ ᠪᠣᠯᠤᠨ᠎ᠠ᠃      ᠪᠡᠭᠡᠵᠢᠩ ᠲᠢᠶᠠᠨᠵᠢᠨ ᠾᠧᠪᠧᠶ ᠪᠦᠸᠧᠬᠠᠶ ᠲᠠᠩᠭᠢᠰ ᠳᠠᠭᠠᠤ ᠭᠠᠵᠠᠷ ᠣᠷᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠯᠤᠭ᠎ᠠ ᠬᠥᠷᠰᠢ ᠵᠡᠷᠭᠡᠯᠡᠳᠡᠭᠡ ᠪᠠᠶᠢᠷᠢᠯᠠᠨ᠂ ᠰᠣᠶᠣᠯ ᠤᠨ ᠲᠠᠯ᠎ᠠ ᠪᠠᠷ ᠤᠶᠢᠷᠠᠯᠴᠠᠭ᠎ᠠ ᠪᠣᠯᠬᠤᠷ᠂ ᠶᠡᠷᠦ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠭᠴᠢᠳ ᠤᠨ ᠴᠢᠬᠤᠯᠠ ᠢᠷᠡᠯᠲᠡ ᠶᠢᠨ ᠭᠠᠵᠠᠷ ᠮᠦᠨ᠃ ᠡᠨᠡ ᠬᠦ ᠪᠠᠶᠢᠳᠠᠯ ᠳᠤ ᠰᠠᠭᠤᠷᠢᠯᠠᠨ᠂ ︽643X︾ ᠨᠡᠷᠡᠳᠤ ᠲᠡᠮᠳᠡᠭᠲᠦ ᠶᠢᠨ ᠰᠢᠰᠲ᠋ᠧᠮ ᠢ ᠳᠡᠯᠭᠡᠷᠡᠭᠦᠯᠬᠦ ᠪᠠᠶᠢᠯᠳᠤᠬᠤ ᠪᠤᠳᠤᠯᠭ᠎ᠠ ᠳᠤ ᠵᠣᠷᠢᠵᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠠᠴᠠ ᠪᠦᠸᠧᠬᠠᠢ ᠲᠠᠩᠭᠢᠰ ᠢ ᠲᠣᠭᠤᠷᠢᠭᠰᠠᠨ ᠣᠷᠣᠨ ᠳᠤ ᠴᠢᠭᠯᠡᠭᠦᠯᠦᠨ ᠲᠠᠯ᠎ᠠ ᠨᠤᠲᠤᠭ ᠪᠤᠯᠤᠨ ᠮᠦᠰᠦ ᠴᠠᠰᠤ ᠪᠠᠷ ᠭᠤᠣᠯ ᠪᠣᠯᠭᠠᠭᠰᠠᠨ ᠪᠦᠲᠦᠭᠡᠭᠳᠡᠬᠦᠨ ᠪᠠ ᠵᠠᠮ ᠱᠤᠭᠤᠮ ᠢ ᠭᠤᠣᠯᠴᠢᠯᠠᠨ ᠲᠠᠨᠢᠯᠴᠠᠭᠤᠯᠤᠭᠰᠠᠨ ᠪᠦᠭᠡᠳ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠴᠤᠭᠯᠠᠭᠠᠨ ᠤ ᠡᠨᠡᠬᠦ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠡᠪᠦᠯ ᠤᠨ ᠤᠯᠠᠷᠢᠯ ᠤᠨ ᠣᠯᠢᠮᠫᠢᠺ ᠤᠨ ᠴᠤᠭᠯᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠶᠢ ᠨᠡᠮᠡᠵᠦ ᠣᠷᠤᠭᠤᠯᠵᠠᠢ᠃      ᠬᠤᠷᠠᠯ ᠳᠡᠭᠡᠷ᠎ᠡ᠂ ᠡᠯ᠎ᠡ ᠠᠶᠢᠮᠠᠭ ᠬᠤᠳᠠ ᠶᠢᠨ ᠲᠠᠨᠢᠯᠴᠠᠭᠤᠯᠤᠭᠴᠢ ᠠᠴᠠ ᠭᠤᠶᠢᠳᠠ ᠰᠠᠶᠢᠬᠠᠨ ᠲᠠᠶᠢᠯᠪᠤᠷᠢᠯᠠᠨ ᠂ ᠬᠤᠷᠠᠯ ᠳᠤ ᠣᠷᠣᠯᠴᠠᠭᠰᠠᠨ ᠡᠷᠬᠢᠮ ᠵᠣᠴᠢᠳ ᠲᠤ ᠥᠪᠥᠷ ᠮᠣᠩᠭᠤᠯ ᠤᠨ ᠵᠢᠭᠤᠯᠴᠢᠯᠠᠯ ᠤᠨ ᠤᠢᠢᠷ᠎ᠠ ᠶᠢᠨ ᠵᠢᠯ ᠤᠨ ᠬᠥᠭᠵᠢᠯᠲᠡ ᠶᠢᠨ ᠪᠠᠶᠢᠳᠠᠯ ᠢ ᠰᠢᠨ᠎ᠡ ᠪᠠᠷ ᠲᠠᠨᠢᠭᠤᠯᠵᠤ᠂ ᠦᠨᠢᠷ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠰᠢᠨ᠎ᠡ ᠰᠡᠪᠡᠭᠦᠨ ᠭᠤᠣᠯ ᠰᠡᠳᠦᠪ ᠲᠠᠢ ᠵᠠᠮ ᠱᠤᠭᠤᠮ ᠤᠨ ᠪᠦᠲᠦᠭᠡᠭᠳᠡᠬᠦᠨ ᠳᠤ ᠴᠦ ᠤᠯᠠᠮ ᠭᠦᠨᠵᠡᠭᠡᠶ ᠤᠶᠢᠯᠭᠠᠯᠲᠠ ᠪᠣᠯᠵᠠᠢ᠃ ᠲᠤᠰ ᠤᠳᠠᠭᠠᠨ ᠤ ︽ᠲᠠᠯ᠎ᠠ ᠨᠤᠲᠤᠭ ᠤᠨ ᠪᠣᠯᠵᠤᠭ᠎ᠠ︾᠎ ᠶᠢᠨ ᠲᠠᠨᠢᠯᠴᠠᠭᠤᠯᠭ᠎ᠠ — — ᠪᠡᠭᠡᠵᠢᠩ ᠲᠢᠶᠠᠨᠵᠢᠨ ᠾᠧᠪᠧᠶ ᠪᠦᠸᠧᠬᠠᠶ ᠲᠠᠩᠭᠢᠰ ᠳᠠᠭᠠᠤ ᠭᠠᠵᠠᠷ ᠣᠷᠣᠨ ᠨᠤᠭᠤᠳ ᠤᠨ ᠵᠢᠭᠤᠯᠴᠢᠯᠠᠯ ᠤᠨ ᠲᠣᠪᠴᠢᠶ᠎ᠠ ᠎ ᠯᠤᠭ᠎ᠠ ᠭᠡᠷ᠎ᠡ ᠲᠣᠭᠲᠠᠭᠰᠠᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠷᠢᠳ ᠭᠠᠷᠤᠭ᠎ᠠ ᠦᠭᠡᠢ ᠣᠯᠠᠰᠢᠷᠠᠵᠤ᠂ ᠲᠤᠰ ᠭᠠᠵᠠᠷ ᠤᠷᠤᠨ ᠤ ᠬᠥᠮᠦᠰ ᠤᠨ ᠥᠪᠥᠷ ᠮᠣᠩᠭᠤᠯ ᠤᠨ ᠵᠢᠭᠤᠯᠴᠢᠯᠠᠯ ᠳᠠᠬᠢ ᠬᠠᠯᠠᠭᠤᠨ ᠠᠩᠬᠠᠷᠤᠯ ᠢ ᠲᠠᠲᠠᠨ᠂ ᠲᠤᠬᠠᠶ ᠶᠢᠨ ᠭᠠᠵᠠᠷ ᠤᠨ ᠬᠦᠮᠦᠰ ᠤᠨ ᠬᠡᠷᠡᠭᠴᠡᠭᠡᠨ ᠳᠤ ᠪᠦᠷᠢᠨ ᠨᠡᠶᠢᠴᠡᠭᠰᠡᠨ ᠪᠠᠶᠢᠨ᠎ᠠ᠃      ᠭᠤᠶᠦ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ᠂ ᠢᠷᠠᠭᠤ ᠬᠠᠩᠬᠢᠨᠠᠮ᠎ᠠ ᠣᠷᠳᠣ ᠶᠢᠨ ᠳᠠᠭᠤᠤ᠂ ᠳᠡᠪᠬᠡᠷᠦᠨ ᠪᠥᠵᠢᠭᠯᠡᠬᠦ ᠦᠨᠳᠦᠰᠦᠲᠡᠨ ᠤ ᠪᠥᠵᠢᠭ᠂ ᠡᠳᠡᠭᠡᠷ ᠦᠨᠢᠷ ᠪᠠᠶᠠᠯᠢᠭ ᠥᠪᠥᠷ ᠮᠣᠩᠭᠤᠯ ᠤᠨ ᠰᠣᠶᠣᠯ ᠤᠨ ᠪᠡᠯᠭᠡ ᠲᠡᠮᠳᠡᠭ ᠨᠢ ᠦᠨᠳᠦᠰᠦᠲᠡᠨ ᠤ ᠥᠪᠡᠷᠮᠢᠴᠡ ᠵᠠᠩ ᠦᠢᠯᠡ ᠪᠠ ᠬᠡᠪ ᠨᠠᠮᠪᠠ ᠶᠢ ᠭᠦᠢᠴᠡᠳ ᠬᠠᠷᠠᠭᠤᠯᠵᠤ᠂ ᠲᠤᠰ ᠤᠳᠠᠭᠠᠨ ᠤ ᠲᠠᠨᠢᠯᠴᠠᠭᠤᠯᠭ᠎ᠠ ᠨᠢ ᠪᠡᠭᠡᠵᠢᠩ ᠲᠢᠶᠠᠨᠵᠢᠨ ᠾᠧᠪᠧᠶ ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ ᠡᠷᠬᠢᠮ ᠵᠣᠴᠢᠳ ᠲᠤ ᠭᠦᠨ ᠰᠠᠭᠤᠭᠳᠠᠯ ᠦᠭᠬᠦ ᠨᠢ ᠳᠠᠮᠵᠢᠭ ᠦᠭᠡᠢ ᠶᠤᠮ᠃      ᠪᠦᠷᠢᠳᠬᠡᠯ ᠢ ᠦᠨᠳᠦᠰᠦᠯᠡᠪᠡᠯ᠂ ᠡᠨᠡ ᠤᠳᠠᠭ᠎ᠠ ᠲᠠᠪᠤᠨ ᠬᠤᠲᠠ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠯᠤᠭ᠎ᠠ ᠨᠡᠶᠢᠲᠡ 123 ᠭᠡᠷ᠎ᠡ ᠲᠣᠭᠲᠠᠵᠤ᠂ 2016 ᠣᠨ ᠤ ᠦᠪᠦᠷ ᠮᠣᠩᠭᠤᠯ ᠳᠤ ᠬᠦᠷᠬᠦ ᠰᠠᠨᠠᠭ᠎ᠠ ᠲᠠᠢ ᠵᠣᠴᠢᠳ ᠤᠨ ᠲᠤᠭ᠎ᠠ ᠨᠢ 40 ᠲᠦᠮᠡᠨ ᠬᠥᠮᠦᠨ ᠬᠦᠷᠴᠦ᠂ ᠡᠭᠦᠨ ᠤ ᠳᠡᠭᠡᠷ᠎ᠡ ᠪᠠᠷᠠᠭᠤᠨ ᠱᠤᠭᠤᠮ ᠤᠨ ᠰᠢ ᠠᠨ᠂ ᠯᠠᠨᠵᠧᠦ᠂ ᠢᠷᠭᠠᠢ ᠭᠤᠷᠪᠠᠨ ᠬᠤᠲᠠ ᠶᠢ ᠨᠡᠮᠡᠪᠡᠯ᠂ ᠣᠳᠣ ᠪᠣᠯᠲᠠᠯ᠎ᠠ ᠲᠤᠰ ᠤᠳᠠᠭᠠᠨ ᠤ ᠥᠪᠥᠷ ᠮᠣᠩᠭᠤᠯ ᠤᠨ ᠡᠷᠬᠢᠨ ᠲᠣᠭᠤᠷᠢᠨ ᠤ ᠮᠤᠵᠢ ᠤᠷᠤᠨ ᠤ ᠪᠣᠷᠣᠯᠠᠭᠤᠯᠭ᠎ᠠ ᠶᠢᠨ ᠨᠠᠢᠮᠠᠨ ᠦᠷᠲᠡᠭᠡ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠦᠢᠯᠡᠴᠢᠯᠡᠭᠡᠨ ᠤ 179 ᠭᠠᠵᠠᠷ ᠲᠠᠢ ᠭᠡᠷ᠎ᠡ ᠲᠣᠭᠲᠠᠵᠤ᠂ ᠶᠡᠷᠦᠩᠬᠡᠶ ᠬᠥᠮᠦᠨ ᠤ ᠲᠤᠭ᠎ᠠ ᠨᠢ 55 ᠲᠦᠮᠡᠨ ᠬᠥᠮᠦᠨ ᠪᠣᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号