ᠡᠨᠡ ᠵᠢᠯ ᠥᠪᠥᠷ ᠮᠣᠩᠭᠤᠯ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠳᠤ 850 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠬᠤ ᠶᠢ ᠦᠨᠡᠨ ᠬᠦ ᠪᠠᠲᠤᠯᠠᠬᠤ ᠪᠤᠯᠤᠨ᠎ᠠ
ᠨᠡᠶᠢᠲᠡᠯᠡᠭᠰᠡᠨ ᠴᠠᠭ᠄
2016/4/21
     ᠠᠯᠠᠱᠠ ᠠᠶᠢᠮᠠᠭ᠂ ᠪᠠᠶᠠᠨᠨᠠᠭᠤᠷ ᠬᠤᠳᠠ᠂ ᠦᠬᠠᠶ ᠬᠤᠳᠠ ᠵᠡᠷᠭᠡ ᠭᠠᠵᠠᠷ ᠤᠳ ᠤᠨ ᠵᠠᠰᠠᠮᠠᠯ ᠵᠠᠮ ᠤᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ ᠵᠠᠯᠭᠠᠯᠳᠤᠭᠠᠪᠠᠷ ᠠᠵᠢᠯ ᠢᠶᠠᠨ ᠰᠡᠷᠭᠦᠭᠡᠬᠦ ᠶᠢ ᠳᠠᠭᠠᠯᠳᠤᠨ᠂ ᠥᠪᠥᠷ ᠮᠣᠩᠭᠤᠯ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠬᠦᠰᠢᠭᠡ ᠲᠦᠷᠭᠡᠨ ᠰᠡᠭᠦᠭᠳᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠵᠠᠮ‌‍ᠲ᠋ᠡᠭᠡᠭᠡᠪᠦᠷᠢ ᠶᠢᠨ ᠶᠠᠮᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠯᠠᠳᠠ᠂ 2016 ᠣᠨ ᠳᠤ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠠᠴᠠ ᠡᠨᠡ ᠵᠢᠯ ᠤᠨ ᠵᠠᠮ ᠲᠡᠭᠡᠭᠡᠪᠦᠷᠢ ᠶᠢᠨ ᠠᠵᠢᠯ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠲᠤ ᠡᠵᠡᠮᠰᠢᠬᠦ᠂ ᠠᠷᠠᠳ ᠤᠨ ᠠᠮᠢᠳᠤᠷᠠᠯ ᠢ ᠠᠩᠬᠠᠷᠬᠤ᠂ ᠲᠤᠭᠲᠠᠭᠤᠨ ᠤ ᠳᠤᠮᠳᠠ ᠤᠷᠤᠭᠰᠢᠯᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠡᠷᠭᠡ ᠶᠡᠷᠦᠩᠬᠡᠶ ᠱᠠᠭᠠᠷᠳᠠᠯᠭ᠎ᠠ ᠳᠤᠷᠠᠳᠤᠭᠰᠠᠨ ᠤ ᠬᠠᠮᠲᠤ᠂ ᠡᠨᠡ ᠵᠢᠯ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠳᠤ 850 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠬᠤ ᠶᠢ ᠦᠨᠡᠨ ᠬᠦ ᠪᠠᠲᠤᠯᠠᠨ᠂ 900 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠵᠤ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 2 ᠲᠦᠮᠡᠨ ᠺᠢᠯᠣᠮᠧᠲᠷ ᠲᠤ ᠬᠦᠷᠦᠭᠦᠯᠵᠤ᠂ 2.5 ᠲᠦᠮᠡᠨ ᠺᠢᠯᠣᠮᠧᠲᠷ ᠤᠨ ᠭᠤᠣᠯ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠤᠢ᠃      ᠣᠶᠢᠯᠠᠭᠠᠭᠰᠠᠨ ᠢᠶᠠᠷ᠂ ᠡᠨᠡ ᠵᠢᠯ ᠪᠥᠬᠦ ᠣᠷᠣᠨ ᠤ ᠲᠦᠯᠦᠪᠯᠡᠵᠤ ᠪᠠᠶᠢᠭ᠎ᠠ ᠭᠤᠣᠯᠳᠠᠯᠭ᠎ᠠ ᠲᠠᠢ ᠵᠠᠰᠠᠮᠠᠯ ᠵᠠᠮ ᠪᠣᠯᠤᠨ ᠵᠠᠮ ᠰᠦᠯᠵᠢᠶ᠎ᠡ ᠶᠢᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠨᠡᠶᠢᠲᠡ 70 ᠵᠦᠢᠯ ᠪᠤᠢ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ 37 ᠪᠠᠶᠢᠵᠤ᠂ ᠪᠡᠭᠡᠵᠢᠩ ᠠᠴᠠ ᠰᠢᠨᠵᠢᠶᠠᠩ ᠬᠦᠷᠬᠦ ᠳᠡᠭᠡᠳᠦ ᠬᠤᠷᠲᠤ ᠶᠢᠨ ᠵᠠᠮ ᠤᠨ ᠯᠢᠩᠾᠧ — ᠥᠪᠥᠷ ᠮᠣᠩᠭᠤᠯ ᠪᠤᠯᠤᠨ ᠭᠠᠨᠰᠦ ᠶᠢᠨ ᠵᠠᠭᠠᠭ ᠬᠦᠷᠬᠦ ᠬᠡᠰᠡᠭ᠂ ᠳ᠋ᠠᠨᠳᠦ᠋ᠡᠭ ᠠᠴᠠ ᠰᠢᠯᠢ ᠶᠢᠨ ᠬᠤᠲᠠ ᠬᠦᠷᠬᠦ ᠳᠡᠭᠡᠳᠦ ᠬᠤᠷᠲᠤ ᠶᠢᠨ ᠵᠠᠮ ᠤᠨ ᠳ᠋ᠠᠪᠠᠨ — ᠪᠢᠷᠠᠭᠤ — ᠰᠢᠯᠢ ᠶᠢᠨ ᠬᠤᠲᠠ ᠬᠦᠷᠬᠦ ᠬᠡᠰᠡᠭ᠂ ᠰᠦᠢ ᠹᠧᠨ ᠡᠾᠧ ᠠᠴᠠ ᠮᠠᠨᠵᠤᠤᠷ ᠬᠦᠷᠬᠦ ᠳᠡᠭᠡᠳᠦ ᠬᠤᠷᠲᠤ ᠶᠢᠨ ᠵᠠᠮ᠂ S31 ᠳ᠋ᠠ ᠹᠠᠨ ᠫᠦ᠋ — ᠯᠦᠩ ᠺᠸᠤ ᠬᠦᠷᠬᠦ ᠬᠡᠰᠡᠭ ᠵᠡᠷᠭᠡ ᠳᠡᠭᠡᠳᠦ ᠬᠤᠷᠳᠤ ᠶᠢᠨ ᠵᠠᠮ ᠪᠣᠯᠤᠨ ᠨᠢᠷᠵᠢ — ᠳ᠋ᠠ ᠶᠠᠩ ᠱᠦ ᠬᠦᠷᠬᠦ ᠬᠡᠰᠡᠭ᠂ ᠠᠯᠳᠠᠷ — ᠷᠠᠰᠢᠶᠠᠨ ᠬᠦᠷᠬᠦ ᠬᠡᠰᠡᠭ ᠵᠡᠷᠭᠡ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢ ᠳᠤᠪᠤᠶᠢᠯᠭᠠᠨ ᠰᠠᠶᠢᠲᠤᠷ ᠠᠳᠬᠤᠬᠤ ᠪᠤᠯᠤᠨ᠎ᠠ᠃ ᠪᠥᠬᠦ ᠣᠷᠣᠨ ᠤ ᠵᠠᠮ ᠲᠡᠭᠡᠭᠡᠪᠦᠷᠢ ᠶᠢᠨ ᠠᠵᠢᠯ ᠵᠣᠬᠢᠬᠤ ᠬᠡᠮᠵᠢᠶᠡᠨ ᠤ ᠪᠡᠯᠡ ᠣᠷᠣᠭᠤᠯᠤᠯᠲᠠ ᠶᠢᠨ ᠡᠷᠴᠢᠮ ᠪᠣᠯᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠬᠡᠪᠴᠢᠶ᠎ᠡ ᠶᠢ ᠪᠠᠷᠢᠮᠳᠠᠯᠠᠵᠤ᠂ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ︽13 · 5︾᠎ ᠶᠢᠨ ᠲᠦᠯᠦᠪᠵᠢᠬᠦᠯᠭᠡ ᠶᠢᠨ ᠵᠡᠮ ᠲᠡᠭᠡᠭᠡᠪᠦᠷᠢ ᠶᠢᠨ ᠬᠥᠭᠵᠢᠯᠲᠡ ᠶᠢᠨ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠬᠦᠯᠬᠦ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号