ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ 7 ᠰᠠᠭᠤᠳᠠᠯ ᠵᠢᠴᠢ 7 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠲᠡᠷᠭᠡ ᠥᠪᠥᠷ ᠮᠣᠩᠭᠤᠯ ᠤᠨ ᠲᠦᠷᠭᠡᠨ ᠤ ᠵᠠᠮ ᠳᠡᠭᠡᠷ᠎ᠡ ᠰᠦᠢᠳᠬᠡᠯ ᠲᠤᠰᠢᠶᠠᠬᠤ ᠦᠭᠡᠢ ᠪᠠᠷ ᠨᠡᠪᠲᠡᠷᠡᠵᠦ ᠪᠣᠯᠣᠨ᠎ᠠ
ᠨᠡᠶᠢᠲᠡᠯᠡᠭᠰᠡᠨ ᠴᠠᠭ᠄
2016/4/21
     ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠭᠡᠨ ᠬᠤᠷᠳᠤ ᠶᠢᠨ ᠵᠠᠰᠠᠮᠠᠯ ᠵᠠᠮ 7 ᠰᠠᠭᠤᠳᠠᠯ ᠵᠢᠴᠢ 7 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠲᠡᠷᠭᠡᠨ ᠠᠴᠠ ᠰᠦᠢᠳᠬᠡᠯ ᠬᠤᠷᠢᠶᠠᠬᠤ ᠦᠭᠡᠶ ᠪᠠᠷ ᠨᠡᠪᠲᠡᠷᠡᠬᠦ ᠶᠢ ᠬᠡᠷᠡᠭᠵᠢᠭᠦᠯᠵᠦ᠂ ᠬᠤᠭᠤᠴᠠᠭ᠎ᠠ ᠨᠢ 4 ᠳ᠋ᠤᠭᠡᠷ ᠰᠠᠷ᠎ᠠ ᠶᠢᠨ 30᠎ ᠤ ᠡᠳᠦᠷ ᠤᠨ ᠲᠡᠭ ᠴᠠᠭ ᠠᠴᠠ 5 ᠳ᠋ᠤᠭᠠᠷ ᠰᠠᠷ᠎ᠠ ᠶᠢᠨ 2᠎ ᠤᠨ ᠡᠳᠦᠷ ᠤᠨ 24 ᠴᠠᠭ ᠲᠤ ᠬᠦᠷᠴᠦ᠂ ᠡᠩ ᠤᠨ ᠵᠠᠰᠠᠮᠠᠯ ᠵᠠᠮ ᠳᠡᠭᠡᠷᠡᠬᠢ ᠲᠡᠷᠭᠡ ᠬᠥᠰᠬᠡ ᠶᠢ ᠰᠦᠢᠳᠬᠡᠯ ᠬᠤᠷᠢᠶᠠᠬᠤ ᠤᠢᠷᠳᠡᠭᠡ ᠪᠠᠷ ᠥᠡᠭᠭᠡᠷᠡᠬᠦ ᠴᠠᠭ ᠢᠶᠠᠷ ᠪᠠᠷᠢᠮᠵᠢᠶᠠᠯᠠᠵᠤ᠂ ᠲᠥᠷᠭᠡᠨ ᠬᠤᠷᠳᠤ ᠶᠢᠨ ᠵᠠᠰᠠᠮᠠᠯ ᠵᠠᠮ ᠳᠡᠭᠡᠷᠡᠬᠢ ᠲᠡᠷᠭᠡ ᠬᠥᠰᠬᠡ ᠶᠢ ᠰᠦᠢᠳᠬᠡᠯ ᠬᠤᠷᠢᠶᠠᠬᠤ ᠭᠠᠷᠤᠴᠠ ᠪᠠᠷ ᠥᠡᠭᠭᠡᠷᠡᠭᠰᠡᠨ ᠴᠠᠭ ᠢᠶᠠᠷ ᠪᠠᠷᠢᠮᠵᠢᠶᠠᠯᠠᠨ᠎ᠠ᠃ ETC ᠬᠡᠷᠡᠭᠯᠡᠭᠴᠢ ᠶᠢᠨ 7 ᠰᠠᠭᠤᠳᠠᠯ ᠵᠢᠴᠢ 7 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠲᠡᠷᠭᠡ ETC ᠲᠡᠷᠭᠡᠨ ᠤ ᠵᠠᠮ ᠢᠶᠠᠷ ᠥᠡᠭᠭᠡᠷᠡᠬᠦ ᠳᠤ ᠠᠦ᠋ᠲ᠋ᠣ᠋ ᠪᠠᠷ ᠢᠯᠭᠠᠨ ᠲᠠᠨᠢᠵᠤ ᠰᠦᠢᠳᠬᠡᠯ ᠬᠤᠷᠢᠶᠠᠬᠤ ᠦᠭᠡᠶ᠂ ᠡᠰᠡᠭᠦᠯ᠎ᠡ ᠬᠥᠮᠦᠨ ᠤ ᠬᠦᠴᠦ ᠪᠠᠷ ᠨᠡᠪᠲᠡᠷᠡᠭᠦᠯᠬᠦ ᠵᠠᠮ ᠢᠶᠠᠷ ᠰᠦᠢᠳᠬᠡᠯ ᠲᠤᠰᠢᠶᠠᠬᠤ ᠦᠭᠡᠶ ᠪᠠᠷ ᠰᠢᠭᠤᠳ ᠨᠡᠪᠲᠡᠷᠡᠨ᠎ᠡ᠃      ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠬᠦ ᠬᠤᠭᠤᠴᠠᠭᠠᠨ ᠳᠤ᠂ ᠡᠯ᠎ᠡ ᠰᠦᠢᠳᠬᠡᠯ ᠬᠤᠷᠢᠶᠠᠬᠤ ᠦᠷᠳᠡᠭᠡ 7 ᠰᠠᠭᠤᠳᠠᠯ ᠵᠢᠴᠢ 7 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠲᠡᠷᠭᠡᠨ ᠠᠴᠠ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠬᠦ ᠲᠤᠰᠬᠠᠶ ᠵᠠᠮ ᠭᠠᠷᠭᠠᠵᠤ᠂ ᠰᠦᠢᠳᠬᠡᠯ ᠬᠤᠷᠢᠶᠠᠬᠤ ᠲᠡᠷᠭᠡ ᠬᠥᠰᠬᠡ ᠪᠣᠯᠣᠨ ᠰᠦᠢᠳᠬᠡᠯ ᠬᠤᠷᠢᠶᠠᠬᠤ ᠦᠭᠡᠶ ᠲᠡᠷᠭᠡ ᠬᠥᠰᠭᠡ ᠶᠢ ᠲᠤᠰᠬᠠᠶᠢᠯᠠᠨ ᠬᠥᠲᠥᠯᠥᠨ ᠵᠢᠯᠣᠭᠤᠳᠴᠤ ᠵᠠᠮ ᠬᠤᠪᠢᠶᠠᠨ ᠡᠮᠬᠢ ᠵᠢᠷᠤᠮ ᠲᠠᠢ ᠪᠠᠷ ᠨᠡᠪᠲᠡᠷᠡᠭᠦᠯᠵᠦ᠂ ᠠᠴᠢᠶᠠᠨ ᠤ ᠲᠡᠷᠭᠡ ᠵᠡᠷᠭᠡ ᠰᠦᠢᠳᠬᠡᠯ ᠬᠤᠷᠢᠶᠠᠬᠤ ᠲᠡᠷᠭᠡ ᠶᠢᠨ ᠲᠤᠰᠬᠠᠶ ᠨᠡᠪᠲᠡᠷᠡᠬᠦ ᠵᠠᠮ ᠳᠤ ᠣᠷᠣᠬᠤ ᠶᠢ ᠰᠡᠷᠭᠡᠶᠢᠯᠡᠵᠦ᠂ ᠲᠡᠷᠭᠡ ᠬᠥᠰᠬᠡ ᠶᠢᠨ ᠨᠡᠪᠲᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠣᠷᠣᠵᠣ ᠭᠠᠷᠬᠤ ᠳᠠᠭᠠᠨ ᠺᠠᠷᠲ ᠥᠭᠬᠦ ᠦᠭᠡᠶ᠂ ᠺᠠᠷᠲ ᠬᠤᠷᠢᠶᠠᠬᠤ ᠦᠭᠡᠶ ᠪᠠᠷ ᠨᠡᠪᠲᠡᠷᠡᠬᠦ ᠶᠢ ᠬᠡᠷᠡᠭᠵᠢᠭᠦᠯᠵᠦ᠂ ᠲᠡᠷᠭᠡ ᠨᠡᠪᠲᠡᠷᠡᠬᠦ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠡᠯ᠎ᠡ ᠰᠦᠢᠳᠬᠡᠯ ᠬᠤᠷᠢᠶᠠᠬᠤ ᠥᠷᠲᠡᠭᠡ ᠶᠢᠨ ᠣᠳᠣᠷᠢᠳᠣᠯᠭ᠎ᠠ ᠨᠤᠭᠤᠳ ᠠᠵᠢᠯ ᠤᠨ ᠪᠠᠶᠢᠷᠢᠨ ᠳᠠᠭᠠᠨ 24 ᠴᠠᠭ ᠡᠭᠡᠯᠵᠢᠯᠡᠨ ᠳᠠᠭᠠᠭᠤᠯᠬᠤ ᠲᠦᠷᠢᠮ ᠢ ᠬᠡᠷᠡᠭᠵᠢᠭᠦᠯᠵᠦ᠂ ᠠᠵᠢᠯᠳᠠᠨ ᠤ ᠲᠣᠬᠢᠷᠠᠭᠤᠯᠭ᠎ᠠ ᠪᠠᠨ ᠴᠢᠩᠭᠠᠳᠬᠠᠵᠤ᠂ ᠲᠦᠷ ᠴᠠᠭ ᠤᠨ ᠵᠠᠮ ᠬᠠᠷᠢᠯᠴᠠᠭᠠᠨ ᠤ ᠬᠥᠲᠥᠴᠢ ᠶᠢᠨ ᠲᠡᠮᠳᠡᠭ ᠫᠠᠶᠢᠰᠠ ᠶᠢ ᠬᠡᠷᠡᠭᠯᠡᠵᠦ᠂ LED ᠳᠡᠯᠭᠡᠴᠡ ᠶᠢ ᠠᠰᠢᠭᠯᠠᠨ ᠵᠢᠯᠣᠭᠤᠴᠢ ᠠᠶᠠᠨᠴᠢᠳ ᠲᠤ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠳᠡᠵᠦ᠂ ᠨᠡᠪᠲᠡᠷᠡᠨ ᠶᠠᠪᠤᠬᠤ ᠶᠠᠭᠠᠷᠠᠤ ᠦᠶ᠎ᠡ ᠳᠤ ᠠᠵᠢᠯᠲᠠᠨ ᠨᠡᠮᠡᠵᠦ ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠪᠣᠯᠣᠨ ᠵᠠᠮ ᠬᠠᠷᠢᠯᠴᠠᠭᠠᠨ ᠤ ᠨᠡᠪᠲᠡᠷᠡᠯᠲᠡ ᠶᠢ ᠴᠢᠩᠭᠠᠳᠬᠠᠨ᠎ᠠ᠃      ᠣᠯᠠᠨ ᠲᠦᠮᠡᠨ ᠰᠣᠨᠢᠨ ᠮᠡᠳᠡᠭᠡᠨ ᠤ ᠵᠠᠭᠤᠴᠢ ᠵᠢᠴᠢ ︽ᠥᠪᠥᠷ ᠮᠣᠩᠭᠤᠯ ᠤᠨ ᠲᠦᠷᠭᠡᠨ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠠᠪᠴᠠᠩ︾᠎ ᠤᠨ ᠸᠢᠴᠠᠲ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ETC ᠰᠦᠯᠵᠢᠶ᠎ᠡ᠂  ︿12122﹀ ᠦᠢᠯᠡᠴᠢᠯᠡᠭᠡᠨ ᠤ ᠤᠲᠠᠰᠤ ᠪᠠᠷ ᠳᠠᠮᠵᠢᠭᠤᠯᠤᠨ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠯᠵᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号