| | 4 ᠳ᠋ᠦ᠋ᠭᠡᠷ ᠰᠠᠷ᠎ᠠ ᠶᠢᠨ 19 ᠤ ᠡᠳᠦᠷ᠂ 2016 ᠣᠨ ᠤ ᠥᠪᠥᠷ ᠮᠣᠩᠭᠤᠯ ᠤᠨ ᠪᠦᠬᠦ ᠣᠷᠣᠨ ᠤ | ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ ᠠᠵᠢᠯ ᠤᠨ ᠬᠤᠷᠠᠯ ᠢ ᠬᠥᠬᠡᠬᠤᠲᠠ ᠳᠤ ᠬᠢᠪᠡ᠃ | ᠬᠤᠷᠠᠯ ᠠᠴᠠ 2015 ᠣᠨ ᠤ ᠪᠦᠬᠦ ᠣᠷᠣᠨ ᠤ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ | ᠠᠵᠢᠯ ᠤᠨ ᠣᠯᠤᠭᠰᠠᠨ ᠠᠮᠵᠢᠯᠲᠠ ᠪᠠ ᠲᠤᠷᠰᠢᠯᠭ᠎ᠠ ᠶᠢ ᠳ᠋ᠦᠩᠨᠡᠨ ᠵᠠᠳᠠᠯᠵᠤ᠂ 2016 ᠣᠨ ᠤ ᠪᠦᠬᠦ ᠣᠷᠣᠨ ᠤ | ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠤᠭᠰᠠᠨ ᠪᠦᠭᠡᠳ ᠪᠥᠬᠦ ᠣᠷᠣᠨ ᠤ ᠠᠰᠠᠷᠠᠮᠵᠢ ᠶᠢᠨ ᠦᠢᠯᠡᠰ ᠤᠨ ᠱᠠᠩᠨᠠᠯᠲᠤ | ᠰᠤᠭᠤᠯᠤᠭ᠎ᠠ ᠶᠢᠨ ︽13 · 5︾ ᠶᠢᠨ ᠠᠵᠢᠯ ᠤᠨ ᠰᠡᠳᠭᠢᠮᠵᠢ ᠳᠤ ᠲᠦᠯᠦᠪᠵᠢᠭᠦᠯᠭᠡ ᠬᠢᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠠᠷᠤᠭ᠎ᠠ | ᠯᠠᠨ ᠡᠸ᠋ᠨ ᠬᠤᠸᠠ᠂ ᠲᠢᠩᠬᠢᠮ ᠤᠨ ᠳᠡᠳ᠋ ᠳᠠᠷᠤᠭ᠎ᠠ ᠬᠥᠩ ᠸᠧᠶ ᠴᠦᠨ᠂ ᠥᠪᠡᠷᠲᠡᠭᠡᠨ ᠵᠠᠰᠠᠬᠤ ᠤᠷᠤᠨ ᠤ | ᠡᠳ᠋ ᠤᠨ ᠵᠠᠰᠠᠭ ᠤᠨ ᠲᠢᠩᠬᠢᠮ ᠤᠨ ᠶᠡᠷᠦᠩᠬᠡᠶᠢᠯᠡᠭᠰᠡᠨ ᠭᠠᠵᠠᠷ ᠤᠨ ᠳᠠᠷᠤᠭ᠎ᠠ ᠴᠧᠨ ᡁᠢ ᠭᠤᠸᠠᠩ ᠬᠤᠷᠠᠯ ᠳᠤ | ᠣᠷᠤᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠰᠠᠷᠠᠮᠵᠢ ᠶᠢᠨ ᠦᠢᠯᠡᠰ ᠤᠨ ᠱᠠᠩᠨᠠᠯᠲᠤ | ᠰᠤᠭᠤᠯᠤᠭ᠎ᠠ ᠶᠢᠨ ᠲᠥᠪ ᠤᠨ ᠡᠷᠬᠢᠯᠡᠭᠴᠢ ᠶᠠᠩ ᠸᠧᠨ ᠶᠦᠩ ᠠᠴᠠ ᠣᠨ ᠤ ᠠᠵᠢᠯ ᠤᠨ ᠮᠡᠳᠡᠭᠦᠯᠦᠯᠲᠡ ᠬᠢᠪᠡ᠃ | ᠠᠷᠠᠳ ᠤᠨ ᠶᠠᠪᠤᠳᠠᠯ ᠤᠨ ᠲᠢᠩᠬᠢᠮ ᠤᠨ ᠬᠠᠮᠢᠶ᠎ᠠ ᠪᠥᠬᠦᠢ ᠭᠠᠵᠠᠷ ᠭᠡᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ | ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ᠂ | ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠡᠷᠬᠢᠯᠡᠭᠴᠢ᠂ ᠥᠪᠡᠷᠲᠡᠭᠡᠨ ᠵᠠᠰᠠᠬᠤ | ᠣᠷᠣᠨ ᠤ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠪᠦᠭᠦ ᠠᠵᠢᠯᠳᠡᠨ ᠠᠵᠢᠯᠴᠢᠨ | ᠵᠢᠴᠢ ᠬᠠᠮᠢᠶ᠎ᠠ ᠪᠦᠬᠦᠢ ᠬᠠᠮᠲᠤᠷᠠᠨ ᠠᠵᠢᠯᠯᠠᠬᠤ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ᠂ ᠲᠦᠩᠯᠢᠶᠣᠤ ᠬᠤᠳᠠ᠂ ᠤᠷᠳᠤᠰ | ᠬᠤᠳᠠ ᠶᠢᠨ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠡᠷᠬᠢᠯᠡᠭᠴᠢ ᠨᠠᠷ ᠲᠤᠰ ᠲᠤᠰ | ᠲᠠᠭᠠᠨ ᠨᠡᠶᠢᠲᠡᠯᠢᠭ ᠴᠢᠨᠠᠷ ᠲᠠᠢ ᠶᠠᠷᠢᠶ᠎ᠠ ᠲᠠᠯᠪᠢᠵᠤ᠂ ᠲᠤᠰ ᠭᠠᠵᠠᠷ ᠣᠷᠣᠨ ᠤ ᠠᠰᠠᠷᠠᠮᠵᠢ ᠶᠢᠨ ᠦᠢᠯᠡᠰ ᠤᠨ | ᠱᠠᠩᠨᠠᠯᠲᠤ ᠰᠤᠭᠤᠯᠤᠭ᠎ᠠ ᠶᠢᠨ ᠠᠵᠢᠯ ᠤᠨ ᠬᠢᠯᠠᠰ ᠴᠢᠭ᠋ ᠪᠣᠯᠤᠨ ᠲᠤᠷᠰᠢᠯᠭ᠎ᠠ ᠶᠢᠨ ᠲᠤᠬᠠᠢ ᠬᠠᠷᠢᠭᠤ ᠮᠡᠳᠡᠭᠦᠯᠦᠨ | ᠰᠣᠯᠢᠯᠴᠠᠭ᠎ᠠ ᠬᠢᠪᠡ᠃ | 2015 ᠣᠨ ᠳᠤ᠂ ᠪᠦᠬᠦ ᠣᠷᠣᠨ ᠤ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ | ᠰᠢᠰᠲ᠋ᠧᠮ ᠨᠢ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠵᠥᠪ ᠣᠨᠣᠪᠴᠢᠲᠠᠶ | ᠤᠳᠤᠷᠢᠳᠤᠯᠭ᠎ᠠ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠡᠮᠵᠢᠯᠭᠡ ᠳᠣᠣᠷ᠎ᠠ᠂ | ᠪᠦᠬᠦ ᠣᠷᠣᠨ ᠪᠦᠬᠦ ᠵᠢᠯ ᠳᠤ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠠᠭ᠎ᠠ ᠶᠢ 53.59 ᠳ᠋ᠦᠩᠰᠢᠭᠤᠷ | ᠲᠦᠭᠦᠷᠢᠭ ᠪᠣᠷᠤᠯᠠᠭᠤᠯᠤᠨ᠂ ᠨᠡᠶᠢᠲᠡ ᠶᠢᠨ ᠠᠰᠠᠷᠠᠮᠵᠢ ᠶᠢᠨ ᠮᠥᠩᠭᠦ 15.43 ᠳ᠋ᠦᠩᠰᠢᠭᠤᠷ ᠲᠦᠭᠦᠷᠢᠭ | ᠴᠤᠭᠯᠠᠭᠤᠯᠵᠦ᠂ ᠪᠣᠷᠣᠯᠠᠭᠤᠯᠭ᠎ᠠ ᠶᠢᠨ ᠬᠡᠮᠵᠢᠶ᠎ᠡ ᠨᠢ ᠪᠦᠬᠦ ᠤᠯᠤᠰ ᠲᠤ 14 ᠳ᠋ᠦ᠋ᠭᠡᠷ ᠲᠤ ᠵᠢᠭᠰᠠᠭᠠᠭᠳᠠᠵᠤ᠂ | 2014 ᠣᠨ ᠤ ᠬᠢ ᠲᠠᠢ ᠠᠳᠠᠯᠢᠳᠬᠠᠪᠠᠯ 3.98 ᠳ᠋ᠦᠩᠰᠢᠭᠤᠷ ᠲᠦᠭᠦᠷᠢᠭ ᠨᠡᠮᠡᠭᠳᠡᠨ᠂ ᠨᠡᠮᠡᠭᠳᠡᠯ ᠤᠨ | ᠬᠡᠮᠵᠢᠶ᠎ᠡ ᠨᠢ 8.02% ᠪᠣᠯᠪᠠ᠃ ᠪᠦᠬᠦ ᠤᠯᠤᠰ ᠤᠨ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ | ᠪᠣᠷᠣᠯᠠᠭᠤᠯᠬᠤ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠶᠢᠨ ᠵᠢᠭᠰᠠᠭᠠᠯᠲᠠ ᠳᠤ᠂ ᠮᠠᠨ ᠤ | ᠣᠷᠣᠨ ᠤ ᠪᠣᠷᠣᠯᠠᠭᠤᠯᠭ᠎ᠠ ᠶᠢᠨ ᠨᠡᠮᠡᠭᠳᠡᠯ ︵ᠨᠡᠮᠡᠭᠳᠡᠯ ᠤᠨ ᠬᠡᠮᠵᠢᠶ᠎ᠡ + ᠨᠡᠮᠡᠭᠳᠡᠯ ᠤᠨ ᠨᠤᠷᠮ᠎ᠠ︶ ᠨᠢ ᠪᠦᠬᠦ ᠤᠯᠤᠰ | ᠲᠤ 1 ᠳ᠋ᠦ᠋ᠭᠡᠷ ᠪᠠᠶᠢᠷᠢ ᠶᠢ ᠡᠵᠡᠯᠡᠵᠦ᠂ ᠬᠥᠮᠦᠨ ᠪᠦᠷᠢ ᠶᠢᠨ ᠳᠤᠮᠳᠠᠴᠢ ᠨᠡᠮᠡᠷᠢ ᠬᠠᠨᠳᠢᠪ ᠨᠢ ᠪᠦᠬᠦ ᠤᠯᠤᠰ ᠲᠤ 9 | ᠳ᠋ᠦ᠋ᠭᠡᠷ ᠲᠤ ᠵᠢᠭᠰᠠᠭᠠᠭᠳᠠᠵᠤ᠂ ᠶᠡᠷᠦᠩᠬᠡᠢ ᠦᠨᠡᠯᠡᠯᠲᠡ ᠨᠢ ᠪᠦᠬᠦ ᠤᠯᠤᠰ ᠲᠤ 11 ᠳ᠋ᠦᠭᠡᠷ ᠲᠤ ᠣᠷᠤᠪᠠ᠃ ᠥᠨᠥ | ᠪᠣᠯᠬᠤ ᠳᠤ᠂ ︽12 · 5︾ ᠤᠨ ᠬᠤᠭᠤᠴᠠᠭᠠᠨ ᠳᠤ᠂ ᠪᠥᠬᠦ ᠣᠷᠣᠨ ᠠᠰᠠᠷᠠᠮᠵᠢ ᠶᠢᠨ ᠦᠢᠯᠡᠰ ᠤᠨ ᠱᠠᠩᠨᠠᠯᠲᠤ | ᠰᠤᠭᠤᠯᠤᠭ᠎ᠠ ᠶᠢ ᠨᠡᠶᠢᠲᠡ 196 ᠳ᠋ᠦᠩᠰᠢᠭᠤᠷ ᠭᠠᠷᠤᠶ ᠲᠥᠭᠦᠷᠢᠭ ᠪᠣᠷᠣᠯᠠᠭᠤᠯᠵᠤ᠂ ᠤᠯᠤᠰ ᠣᠷᠤᠨ ᠳᠤ | ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠦᠩᠭᠦ 60 | ᠳ᠋ᠦᠩᠰᠢᠭᠤᠷ ᠭᠠᠷᠤᠢ ᠲᠥᠭᠦᠷᠢᠭ ᠴᠤᠭᠯᠠᠭᠤᠯᠤᠨ ᠦᠭᠴᠦ᠂ ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠳᠤ ᠬᠦᠴᠦᠲᠡᠶ ᠲᠦᠰᠢᠭ ᠲᠤᠯᠭᠠᠭᠤᠷᠢ ᠣᠯᠭᠤᠵᠠᠢ᠃ |