ᠥᠪᠥᠷ ᠮᠣᠩᠭᠤᠯ 4 ᠵᠦᠢᠯ ᠤᠨ ᠠᠵᠢᠯᠯᠠᠭ᠎ᠠ ᠶᠢ ᠥᠷᠨᠢᠭᠦᠯᠵᠦ ᠲᠠᠪᠤᠳᠤᠭᠠᠷ ᠰᠠᠷ᠎ᠠ ᠶᠢᠨ ᠨᠢᠭᠡᠨ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠤᠭᠲᠤᠨ᠎ᠠ
ᠨᠡᠶᠢᠲᠡᠯᠡᠭᠰᠡᠨ ᠴᠠᠭ᠄
2016/4/22
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 4 ᠵᠦᠢᠯ ᠤᠨ ᠠᠵᠢᠯᠯᠠᠭ᠎ᠠ ᠶᠢ ᠥᠷᠨᠢᠭᠦᠯᠵᠦ ᠲᠠᠪᠤᠨ ᠰᠠᠷ᠎ᠠ ᠶᠢᠨ ᠨᠢᠭᠡᠨ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠤᠭᠲᠤᠨ᠎ᠠ᠃ ᠡᠨᠡ 4 ᠵᠦᠢᠯ ᠤᠨ ᠠᠵᠢᠯᠯᠠᠭ᠎ᠠ ᠨᠢ ᠲᠤᠰ ᠲᠤᠰ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠪᠤᠳᠤᠭᠠᠷ ᠰᠠᠷ᠎ᠠ ᠶᠢᠨ ᠨᠢᠭᠡᠨ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠪᠡᠯᠭᠯᠡᠬᠦ ᠵᠢᠴᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠨ᠎ᠡ︔ 2016 ᠣᠨ ᠤ ᠪᠦ᠋ᠬᠦ ᠣᠷᠣᠨ ᠤ ᠠᠵᠢᠯᠳᠠᠨ ᠠᠵᠢᠯᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠶᠠᠪᠤᠭᠤᠯᠬᠤ ᠶᠣᠰᠣᠯᠠᠯ ᠬᠢᠨ᠎ᠡ︔ ᠲᠠᠪᠤᠳᠤᠭᠠᠷ ᠰᠠᠷ᠎ᠠ ᠶᠢᠨ ᠨᠢᠭᠡᠨ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠤᠨ ᠡᠳᠦᠷ ᠢ ᠪᠡᠯᠭᠯᠡᠬᠦ ᠠᠵᠢᠯᠳᠠᠨ ᠠᠵᠢᠯᠴᠢᠨ ᠤ ᠰᠢᠯᠦᠭ ᠤᠶᠠᠩᠭ᠎ᠠ ᠶᠢᠨ ᠬᠤᠷᠠᠯ ᠬᠢᠨ᠎ᠡ︔ ᠮᠡᠳᠡᠭᠡᠯᠡᠯ ᠤᠨ ᠤᠷᠠᠨ ᠵᠣᠬᠢᠶᠠᠯ ᠤᠨ ᠲᠡᠭᠦᠪᠦᠷᠢ ︽ᠬᠦᠰᠡᠯ ᠢᠶᠠᠨ ᠪᠡᠶᠡᠯᠡᠭᠦᠯᠬᠦ — ᠬᠥᠳᠡᠯᠮᠦᠷᠢᠴᠢᠳ ᠤᠨ ᠨᠡᠷ᠎ᠡ ᠪᠠᠷ︾ ᠭᠡᠬᠦ ᠨᠣᠮ ᠬᠡᠪᠯᠡᠭᠳᠡᠭᠰᠡᠨ ᠶᠠᠷᠢᠯᠴᠠᠬᠤ ᠬᠤᠷᠠᠯ ᠬᠢᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠪᠤᠳᠤᠭᠠᠷ ᠰᠠᠷ᠎ᠠ ᠶᠢᠨ ᠨᠢᠭᠡᠨ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠪᠡᠯᠭᠯᠡᠬᠦ ᠵᠢᠴᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ 57 ᠬᠠᠮᠲᠤ ᠳᠤ ᠥᠪᠡᠷᠲᠡᠭᠡᠨ ᠵᠠᠰᠠᠬᠤ ᠣᠷᠣᠨ ᠤ ︽5.1︾ ᠬᠥᠳᠡᠯᠮᠦᠷᠢᠴᠢᠨ ᠤ ᠱᠠᠩᠨᠠᠯ ᠣᠯᠭᠤᠬᠤ᠂ 119 ᠬᠤᠪᠢ ᠬᠥᠮᠦᠨ ᠳᠤ ᠥᠪᠡᠷᠲᠡᠭᠡᠨ ᠵᠠᠰᠠᠬᠤ ᠣᠷᠣᠨ ᠤ ︽5.1︾᠎ ᠤ ᠬᠥᠳᠡᠯᠮᠦᠷᠢᠴᠢᠨ ᠤ ᠱᠠᠩᠨᠠᠯ ᠤᠨ ᠲᠡᠮᠳᠡᠭ ᠢ ᠣᠯᠭᠤᠬᠤ᠂ 198 ᠡᠭᠡᠯᠵᠢ ᠳᠤᠭᠤᠶᠢᠯᠠᠩ ᠳᠤ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠬᠤᠰᠢᠭᠤᠴᠢ ᠨᠡᠷᠡᠮᠵᠢᠲᠦ ᠱᠠᠩᠨᠠᠯ ᠣᠯᠭᠤᠬᠤ᠂ ᠪᠦᠬᠦ ᠣᠷᠣᠨ ᠤ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠤᠨ ᠵᠢᠱᠢᠶᠡᠴᠢ 35 ᠨᠢᠭᠡᠴᠡ᠂ ᠪᠦᠬᠦ ᠣᠷᠣᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠨᠢᠭᠡᠴᠡ ᠶᠢᠨ ᠠᠵᠢᠯᠯᠠᠭ᠎ᠠ ᠳᠠᠬᠢ 50 ᠲᠡᠷᠢᠭᠦᠨ ᠤ ᠠᠵᠢᠯᠳᠡᠨ ᠢ ᠬᠥᠬᠢᠭᠦᠯᠦᠨ ᠰᠠᠶᠢᠰᠢᠶᠠᠬᠤ ᠪᠣᠯᠣᠨ᠎ᠠ᠃      ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠰᠠᠷ᠎ᠠ ᠶᠢᠨ ᠨᠢᠭᠡᠨ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ 4 ᠵᠦᠢᠯ ᠤᠨ ᠠᠵᠢᠯᠯᠠᠭ᠎ᠠ ᠨᠢ ᠠᠭᠤᠯᠭ᠎ᠠ ᠪᠠ ᠬᠡᠯᠪᠡᠷᠢ ᠶᠢᠨ ᠲᠠᠯ᠎ᠠ ᠪᠠᠷ ᠦᠪᠡᠳᠡᠭᠰᠢ ᠶᠡᠭᠡ ᠬᠥᠭᠵᠢᠭᠡᠨ ᠲᠠᠢ ᠶᠢ ᠴᠢᠬᠤᠯᠠᠴᠢᠯᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠪᠠ ᠠᠵᠢᠯᠴᠢᠨ ᠠᠩᠬᠢ ᠶᠢᠨ ᠠᠭᠤᠤ ᠶᠡᠭᠡ ᠵᠠᠩ ᠰᠤᠷᠲᠠᠯ ᠢ ᠳᠣᠪᠣᠶᠢᠯᠭᠠᠨ ᠪᠠᠳᠠᠷᠠᠭᠤᠯᠬᠤ ᠪᠠᠷ ᠬᠦᠴᠦᠯᠡᠨ ᠴᠢᠷᠮᠠᠶᠢᠵᠤ᠂ ᠬᠥᠳᠡᠯᠮᠦᠷᠢ ᠪᠣᠯ ᠦᠡᠭᠭᠡ ᠭᠡᠷᠡᠯ ᠲᠠᠢ᠂ ᠴᠢᠳᠠᠪᠤᠷᠢᠲᠠᠨ ᠪᠣᠯ ᠡᠷᠬᠢᠮ ᠨᠠᠨᠳᠢᠨ᠂ ᠮᠡᠳᠡᠯᠭᠡ ᠪᠣᠯ ᠡᠷᠬᠢᠮ ᠳᠡᠭᠡᠳᠦ᠂ ᠡᠭᠦᠳᠦᠨ ᠪᠦᠲᠦᠭᠡᠯᠲᠡ ᠪᠣᠯ ᠠᠭᠤᠤ ᠶᠡᠭᠡ ᠭᠡᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠳᠤ ᠢᠳᠡᠪᠬᠢᠲᠡᠶ ᠲᠦᠯᠬᠢᠴᠡ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号