ᠡᠨᠡ ᠵᠢᠯ ᠥᠪᠥᠷ ᠮᠣᠩᠭᠤᠯ ᠤᠨ ᠰᠤᠷᠤᠭᠴᠢ ᠡᠯᠰᠡᠬᠦ 6 ᠨᠢᠭᠡᠴᠡ ᠨᠡᠶᠢᠲᠡ 302 ᠨᠡᠷᠡᠰ ᠳ᠋ᠣᠺᠲ᠋ᠣᠷᠠᠨᠲ ᠡᠯᠰᠡᠨ᠎ᠡ
ᠨᠡᠶᠢᠲᠡᠯᠡᠭᠰᠡᠨ ᠴᠠᠭ᠄
2016/4/22
      ᠥᠪᠡᠷᠲᠡᠭᠡᠨ ᠵᠠᠰᠠᠭ ᠣᠷᠣᠨ ᠳᠤ ᠳ᠋ᠣᠺᠲ᠋ᠣᠷᠠᠨᠲ ᠡᠯᠰᠡᠬᠦ ᠨᠢᠭᠡᠴᠡ ᠨᠡᠶᠢᠲᠡ 6 ᠪᠠᠶᠢᠵᠤ᠂ 2016 ᠣᠨ ᠳᠤ ᠨᠡᠶᠢᠲᠡ 302 ᠰᠤᠷᠤᠭᠴᠢ ᠡᠯᠰᠡᠬᠦ ᠪᠠᠷ ᠲᠥᠯᠥᠪᠯᠡᠪᠠ᠃ ᠡᠭᠦᠨ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ 110 ᠨᠡᠷᠡᠰ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ 10 ᠨᠡᠷᠡᠰ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ 37 ᠨᠡᠷᠡᠰ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ 124 ᠨᠡᠷᠡᠰ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ 17 ᠨᠡᠷᠡᠰ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ 4 ᠨᠡᠷᠡᠰ ᠡᠯᠰᠡᠨ᠎ᠡ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠠᠰᠫᠢᠷᠠᠨᠲ ᠡᠯᠰᠡᠬᠦ ᠠᠵᠢᠯ ᠨᠢᠭᠡᠨᠲᠡ ᠰᠢᠪᠲᠤᠷᠭᠠᠨ ᠳᠠᠭᠠᠨ ᠤᠷᠤᠵᠤ᠂ ᠳ᠋ᠣᠺᠲ᠋ᠣᠷᠠᠨᠲ ᠡᠯᠰᠡᠬᠦ ᠠᠵᠢᠯ ᠴᠤ ᠵᠠᠯᠭᠠᠭ᠎ᠠ ᠪᠠᠷ ᠥᠷᠨᠢᠬᠦ ᠪᠣᠯᠤᠨ᠎ᠠ᠃ ᠠᠩᠬᠠᠨ ᠤ ᠰᠢᠯᠭᠠᠯᠲᠠ᠂ ᠬᠤᠶᠠᠳᠡᠬᠢ ᠰᠢᠯᠭᠠᠯᠲᠠ ᠶᠢᠨ ᠵᠠᠩᠭᠢᠯᠠᠭ᠎ᠠ ᠶᠢᠨ ᠡᠷᠳᠡᠮ ᠰᠢᠨᠵᠢᠯᠡᠭᠡᠨ ᠤ ᠬᠢᠷᠢ ᠲᠥᠪᠰᠢᠨ ᠢ ᠰᠢᠯᠭᠠᠨ ᠪᠠᠶᠢᠴᠠᠭᠠᠬᠤ᠂ ᠨᠢᠭᠤᠷᠳᠠᠨ ᠰᠢᠯᠭᠠᠬᠤ ᠪᠠ ᠭᠠᠳᠠᠭᠠᠳᠤ ᠬᠡᠯᠡᠨ ᠤ ᠴᠢᠳᠠᠪᠤᠷᠢ ᠶᠢᠨ ᠰᠢᠯᠭᠠᠯᠲᠠ ᠵᠡᠷᠭᠡ ᠶᠢ ᠴᠥᠮ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠳᠤ ᠰᠢᠯᠭᠠᠵᠤ᠂ ᠰᠢᠯᠭᠠᠯᠲᠠ ᠳᠠᠭᠤᠰᠤᠭᠰᠠᠨ ᠤ ᠳᠠᠷᠠᠭ᠎ᠠ ᠰᠢᠯᠭᠠᠯᠲᠠ ᠶᠢᠨ ᠲᠠᠯᠠᠪᠠᠢ ᠶᠢᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠺᠣᠪᠢᠳᠠᠨ ᠮᠡᠳᠡᠭᠦᠯᠬᠦ ᠬᠡᠷᠡᠭᠲᠡᠶ᠃ ᠨᠢᠭᠤᠷᠳᠠᠨ ᠰᠢᠯᠭᠠᠬᠤ ᠶᠠᠪᠤᠴᠠ ᠳᠤ ᠡᠷᠬᠡᠪᠰᠢ ᠲᠤᠰᠬᠠᠶ ᠬᠡᠷᠡᠭᠯᠡᠭᠡᠨ ᠤ ᠳᠦᠷᠰᠦ ᠰᠢᠩᠭᠡᠭᠡᠯᠲᠡ ᠶᠢᠨ ᠮᠠᠰᠢᠨ ᠪᠠ ᠲᠡᠭᠤ ᠰᠢᠩᠭᠡᠭᠡᠯᠲᠡ ᠶᠢᠨ ᠲᠥᠬᠦᠭᠡᠷᠦᠮᠵᠢ ᠶᠢ ᠬᠡᠷᠡᠭᠯᠡᠨ ᠪᠦᠬᠦ ᠶᠠᠪᠤᠴᠠ ᠶᠢ ᠲᠣᠳᠤᠷᠠᠨ ᠰᠠᠶᠢᠬᠠᠨ ᠰᠡᠭᠦᠳᠡᠷᠯᠡᠨ ᠰᠢᠩᠭᠡᠭᠡᠬᠦ ᠬᠡᠷᠡᠭᠲᠡᠢ᠃      ᠰᠢᠯᠭᠠᠯᠲᠠ ᠶᠢᠨ ᠬᠤᠭᠤᠴᠠᠭᠠᠨ ᠳᠤ᠂ ᠡᠯ᠎ᠡ ᠰᠤᠷᠤᠭᠴᠢ ᠡᠯᠰᠡᠬᠦ ᠨᠢᠭᠡᠴᠡ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ᠂ ᠷᠠᠳᠢᠣ᠋ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠵᠣᠬᠢᠴᠠᠭᠤᠯᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠯᠭᠠᠯᠲᠠ ᠳᠤ ᠭᠡᠮ ᠦᠢᠯᠡᠳᠬᠦ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠠᠵᠢᠯ ᠢ ᠬᠠᠷᠢᠭᠤᠴᠠᠬᠤ ᠬᠡᠷᠡᠭᠲᠡᠢ᠃      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠴᠠ ᠮᠠᠨ ᠤ ᠣᠷᠣᠨ ᠤ 2016 ᠣᠨ ᠳᠤ ᠰᠢᠨ᠎ᠡ ᠪᠠᠷ ᠪᠠᠶᠢᠭᠤᠯᠬᠤ ᠤᠯᠤᠰ ᠠᠴᠠ ᠡᠵᠡᠮᠰᠢᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠤᠨ 8 ᠴᠢᠬ ᠢ ᠨᠢᠭᠡᠨᠲᠡ ᠵᠦᠪᠰᠢᠶᠡᠷᠡᠪᠡ᠂ 2016 ᠣᠨ ᠠᠴᠠ ᠡᠬᠢᠯᠡᠨ ᠰᠤᠷᠤᠭᠴᠢ ᠡᠯᠰᠡᠵᠦ ᠪᠣᠯᠤᠨ᠎ᠠ᠃      ᠡᠭᠦᠨ ᠳᠤ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ᠂ ᠳᠣᠲᠣᠭᠠᠳᠤ ᠶᠢ ᠬᠠᠮᠠᠭᠠᠯᠠᠬᠤ ᠲᠦᠷᠦᠯ᠂ ᠰᠤᠷᠭᠠᠨ ᠬᠥᠮᠦᠵᠢᠯ ᠤᠨ ᠲᠥᠷᠥᠯ ᠭᠡᠬᠦ ᠭᠤᠷᠪᠠᠨ ᠶᠡᠭᠡ ᠲᠥᠷᠥᠯ ᠪᠠᠭᠲᠠᠵᠤ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠨᠢ ᠡᠮᠴᠢᠯᠡᠭᠡᠨ ᠤ ᠤᠬᠠᠭᠠᠨ ᠪᠠ ᠮᠣᠩᠭᠤᠯ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠭᠰᠡᠨ ᠪᠠᠶᠢᠨ᠎ᠠ︔ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ ᠪᠠ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠭᠰᠡᠨ ᠪᠠᠶᠢᠨ᠎ᠠ︔ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠴᠥᠮ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠭᠰᠡᠨ ᠪᠠᠶᠢᠨ᠎ᠠ︔ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠨᠢ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号